ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠪᠦᠭᠦ ᠣᠷᠣᠨ᠎ᠤ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠠᠬᠢᠭᠤᠯᠬᠤ ᠸᠢᠳᠢᠤ᠋ ᠬᠤᠷᠠᠯ ᠬᠤᠷᠠᠯᠳᠤᠪᠠ ᠶᠣᠣ ᠶᠦᠩ ᠪᠦᠸᠧ ᠶᠠᠷᠢᠶ᠎ᠠ ᠲᠠᠯᠪᠢᠪᠠ
ᠨᠡᠶ᠋ᠢᠲᠡᠯᠡᠭᠰᠡᠨ ᠴᠠᠭ᠄ 2025-03-18

 
      3 ᠰᠠᠷ᠎ᠠ ᠵᠢᠨ 17᠎ᠤ ᠡᠳᠦᠷ᠂ ᠪᠦᠭᠦ ᠣᠷᠣᠨ᠎ᠤ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠠᠬᠢᠭᠤᠯᠬᠤ ᠸᠢᠳᠢᠤ᠋ ᠬᠤᠷᠠᠯ ᠭᠦᠭᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠶᠣᠣ ᠶᠦᠩ ᠪᠦᠸᠧ ᠬᠤᠷᠠᠯ᠎ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠮᠠᠨ᠎ᠤ ᠣᠷᠣᠨ᠎ᠳᠤ ᠰᠠᠭᠤᠭ᠎ᠠ ᠬᠣᠯᠪᠣᠭᠳᠠᠯ ᠪᠦᠬᠦᠢ ᠲᠥᠪ᠎ᠤᠨ ᠠᠵᠤ ᠠᠬᠤᠢ᠌ᠯᠠᠯ᠂ ᠣᠷᠣᠨ᠎ᠤ ᠬᠠᠷᠢᠶ᠎ᠠ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ ᠤᠷᠢᠯᠭ᠎ᠠ᠎ᠪᠠᠷ ᠬᠤᠷᠠᠯ᠎ᠳᠤ ᠣᠷᠣᠯᠴᠠᠪᠠ᠃
     ᠬᠤᠷᠠᠯ᠎ᠠᠴᠠ᠂ ᠨᠠᠮ᠎ᠤᠨ ᠲᠥᠪ ᠬᠣᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠥᠷᠨᠢᠭᠦᠯᠬᠦ ᠵᠢᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠠᠰᠠᠭᠤᠳᠠᠯ ᠵᠶ᠋ᠠᠷ ᠤᠳᠤᠷᠢᠳᠤᠮᠵᠢ ᠪᠤᠯᠭ᠋ᠠᠬᠤ ᠵᠢ ᠪᠠᠷᠢᠮᠲᠠᠯᠠᠨ᠂ ᠢᠳᠡᠪᠬᠢᠲᠡᠢ᠎ᠪᠠᠷ ᠠᠰᠠᠭᠤᠳᠠᠯ᠎ᠢ ᠰᠢᠢ᠍ᠳᠪᠦᠷᠢᠯᠡᠬᠦ ᠰᠡᠳᠬᠢᠬᠦᠢ᠎ᠪᠠᠨ ᠴᠢᠩᠭ᠋ᠠᠳᠬᠠᠵᠤ᠂ ᠬᠠᠮᠵᠢᠯᠴᠠᠨ ᠬᠣᠯᠪᠤᠭ᠋ᠠᠯᠠᠨ ᠬᠥᠳᠡᠯᠦᠯᠴᠡᠬᠦ᠎ᠪᠠᠨ ᠴᠢᠩᠭ᠋ᠠᠳᠬᠠᠨ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠂ ᠲᠦᠷᠦ ᠵᠢᠨ ᠪᠣᠳᠣᠯᠭ᠎ᠠ ᠵᠢᠨ ᠳᠡᠮᠵᠢᠯᠭᠡ᠂ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠂ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ᠂ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠡᠷᠭᠡ ᠲᠠᠯ᠎ᠠ ᠵᠢᠨ ᠠᠵᠢᠯ᠎ᠤᠨ ᠡᠭᠦᠷᠭᠡ ᠵᠢ ᠭᠣᠣᠯᠳᠠᠯᠭ᠎ᠠ᠎ᠲᠠᠢ ᠰᠠᠢ᠌ᠲᠤᠷ ᠠᠳᠬᠤᠵᠤ᠂ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠪᠦᠭᠦ ᠣᠷᠣᠨ᠎ᠤ ᠮᠠᠷᠺᠰ᠎ᠤᠨ ᠦᠵᠡᠯ᠎ᠤᠨ ᠣᠨᠣᠯ᠎ᠤᠨ ᠰᠤᠳᠤᠯᠭ᠋ᠠᠨ ᠪᠠ ᠴᠣᠭᠴᠠᠯᠠᠯᠲᠠ ᠵᠢᠨ ᠢᠨᠵᠧᠨᠧᠷᠢᠩ᠎ᠤᠨ ᠠᠵᠢᠯ᠎ᠢ ᠠᠬᠢᠭᠤᠯᠬᠤ ᠬᠤᠷᠠᠯ ᠬᠤᠷᠠᠯᠳᠤᠵᠠᠢ ᠪᠦᠦ ᠰᠢᠶᠠᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠠᠴᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠥᠷᠭᠡᠳᠬᠡᠭᠰᠡᠨ ᠬᠤᠷᠠᠯ ᠵᠢᠴᠢ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠵᠢᠨ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
 
            