ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠥᠷᠭᠡᠳᠬᠡᠭᠰᠡᠨ ᠬᠤᠷᠠᠯ ᠵᠢᠴᠢ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-03-24

     3 ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠥᠷᠭᠡᠳᠬᠡᠭᠰᠡᠨ ᠬᠤᠷᠠᠯ ᠵᠢᠴᠢ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠵᠤ᠂ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠎ᠤᠨ 《ᠪᠦᠬᠦ ᠨᠠᠮ᠎ᠳᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠮᠡᠳᠡᠭᠳᠡᠯ》᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠥᠪ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠵᠣᠷᠢᠭ ᠰᠠᠨᠠᠭ᠎ᠠ᠂《ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠬᠡᠷᠡᠭᠵᠢᠭᠦᠯᠬᠦ ᠲᠥᠰᠦᠯ》᠎ᠢ ᠬᠢᠨᠠᠨ ᠵᠥᠪᠯᠡᠵᠦ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠶ ᠳᠠᠢ᠌ᠴᠢᠯᠠᠯᠲᠠ ᠪᠠᠢ᠌ᠷᠢᠯᠠᠭᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃


W020250322334420949349.jpg    ᠬᠤᠷᠠᠯ᠎ᠠᠴᠠ᠂ ᠪᠦᠬᠦ ᠨᠠᠮ᠎ᠳᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠪᠣᠯ ᠭᠣᠣᠯ ᠰᠡᠳᠦᠪᠲᠦ ᠬᠥᠮᠦᠵᠢᠯ ᠪᠣᠯᠤᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢ᠌ᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠲᠢᠩᠬᠢᠮ᠎ᠤᠨ ᠬᠠᠷᠢᠶ᠎ᠠ ᠡᠯ᠎ᠡ ᠨᠠᠮ᠎ᠤᠨ ᠡᠭᠦᠷ ᠪᠣᠯᠤᠨ ᠨᠠᠮ᠎ᠤᠨ ᠭᠡᠰᠢᠭᠦᠨ ᠺᠠᠳ᠋ᠷ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢᠨ ᠴᠢᠬᠤᠯᠠ ᠠᠴᠢ ᠬᠣᠯᠪᠣᠭᠳᠠᠯ᠎ᠢ ᠭᠦᠢᠴᠡᠳ ᠲᠠᠨᠢᠵᠤ᠂ ᠰᠤᠷᠤᠯᠴᠠᠯᠭ᠎ᠠ ᠬᠥᠮᠦᠵᠢᠯ᠎ᠤᠨ ᠬᠠᠷᠢᠭᠤᠴᠠᠯᠭ᠋ᠠᠲᠤ ᠰᠡᠳᠬᠢᠯᠭᠡ᠂ ᠲᠤᠯᠭ᠋ᠠᠮ ᠰᠡᠳᠬᠢᠯᠭᠡ᠎ᠪᠠᠨ ᠤᠬᠠᠮᠰᠠᠷ᠎ᠠᠴᠠ᠎ᠪᠠᠨ ᠴᠢᠩᠭ᠋ᠠᠳᠬᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠰᠤᠷᠤᠯᠴᠠᠯᠭ᠎ᠠ ᠬᠥᠮᠦᠵᠢᠯ᠎ᠢ ᠴᠢᠨᠠᠷ ᠰᠠᠢ᠌ᠲᠠᠶ ᠥᠷᠨᠢᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ《ᠬᠣᠶᠠᠷ᠎ᠢ ᠲᠣᠭᠲᠠᠭ᠋ᠠᠬᠤ》ᠵᠢ ᠡᠷᠡᠰ ᠬᠦᠷᠢᠶᠡᠯᠡᠵᠦ᠂ 《ᠬᠣᠶᠠᠷ᠎ᠢ ᠬᠠᠮᠠᠭ᠋ᠠᠯᠠᠬᠤ》ᠵᠢ ᠡᠷᠡᠰ ᠪᠡᠶᠡᠯᠡᠭᠦᠯᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠡᠭᠦᠷᠭᠡ ᠵᠢ ᠪᠠᠲᠤ ᠡᠵᠡᠮᠳᠡᠵᠦ᠂ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠨᠢᠭᠲᠠ ᠤᠶᠠᠯᠳᠤᠭᠤᠯᠵᠤ᠂ ᠰᠤᠷᠤᠯᠴᠠᠯᠭ᠎ᠠ᠎ᠪᠠᠷ ᠰᠠᠭᠤᠷᠢ ᠪᠣᠯᠭ᠋ᠠᠵᠤ᠂ ᠢᠮᠠᠭᠲᠠ ᠲᠤᠭᠤᠰᠢᠯᠠᠭᠤᠯᠵᠤ᠂ ᠲᠦᠷᠦᠯ ᠬᠤᠪᠢᠶᠠᠨ ᠤᠯᠠᠨ᠎ᠢ ᠬᠤᠪᠢᠶᠠᠨ ᠰᠤᠷᠤᠯᠴᠠᠵᠦ ᠰᠤᠳᠤᠯᠤᠨ ᠶᠠᠷᠢᠯᠴᠠᠵᠤ᠂ ᠰᠤᠷᠲᠠᠯ᠎ᠤᠨ ᠪᠠᠢ᠌ᠭᠤᠯᠤᠯᠲᠠ ᠵᠢᠨ ᠦᠵᠡᠯ ᠰᠠᠨᠠᠭ᠋ᠠᠨ᠎ᠤ ᠰᠠᠭᠤᠷᠢ ᠵᠢ ᠦᠨᠡᠨ ᠬᠦ᠌ ᠪᠡᠬᠢᠵᠢᠭᠦᠯᠬᠦ ᠬᠡᠷᠡᠭᠲᠡᠢ; ᠪᠠᠷᠢᠮᠵᠢᠶᠠᠯᠠᠨ ᠬᠠᠷᠭᠤᠭᠤᠯᠵᠤ ᠠᠰᠠᠭᠤᠳᠠᠯ᠎ᠢ ᠪᠠᠢ᠌ᠴᠠᠭ᠋ᠠᠨ ᠳᠡᠯᠭᠡᠵᠦ᠂ ᠠᠰᠠᠭᠤᠳᠠᠯ᠎ᠤᠨ ᠦᠨᠳᠦᠰᠦ ᠰᠤᠷᠪᠤᠯᠵᠢ ᠵᠢ ᠭᠦᠨᠵᠡᠭᠡᠢ ᠠᠭᠤᠳᠠᠯᠵᠤ᠂ ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠨ᠂ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠰᠤᠷᠲᠠᠯ᠎ᠤᠨ ᠪᠠᠢ᠌ᠭᠤᠯᠤᠯᠲᠠ ᠵᠢ ᠪᠠᠢ᠌ᠩᠭᠤᠵᠢᠭᠤᠯᠬᠤ᠂ ᠤᠷᠳᠤ ᠬᠤᠭᠤᠴᠠᠭ᠎ᠠ ᠪᠦᠲᠦᠮᠵᠢᠲᠡᠢ ᠪᠣᠯᠭ᠋ᠠᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠢ; ᠨᠢᠭᠡᠳᠦᠯᠲᠡᠶ ᠲᠥᠯᠥᠪᠵᠢᠭᠦᠯᠦᠨ ᠨᠡᠢ᠌ᠲᠡ᠎ᠳᠤᠨᠢ ᠬᠠᠷᠠᠭ᠋ᠠᠯᠵᠠᠬᠤ ᠵᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠵᠢ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ᠂ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ》 ᠪᠠᠢ᠌ᠩᠭᠤᠵᠢᠭᠰᠠᠨ ᠣᠯᠠᠨ ᠲᠦᠮᠡᠨ᠎ᠤ ᠬᠥᠮᠦᠵᠢᠯ᠎ᠲᠠᠢ ᠤᠶᠠᠯᠳᠤᠭᠤᠯᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠬᠤ᠎ᠲᠠᠢ ᠨᠢᠭᠡ ᠴᠤᠭᠴᠠᠵᠢᠭᠤᠯᠤᠨ ᠠᠬᠢᠭᠤᠯᠵᠤ᠂ ᠬᠣᠶᠠᠷ ᠲᠠᠯ᠎ᠠ᠎ᠪᠠᠷ ᠠᠳᠬᠤᠵᠤ᠂ ᠬᠣᠶᠠᠷ᠎ᠢ ᠠᠬᠢᠭᠤᠯᠬᠤ ᠵᠢ ᠪᠡᠶᠡᠯᠡᠭᠦᠯᠬᠦ ᠬᠡᠷᠡᠭᠲᠡᠶ; ᠡᠭᠦᠳᠡ᠎ᠪᠠᠨ ᠨᠡᠭᠡᠭᠡᠵᠦ ᠰᠤᠷᠭ᠋ᠠᠨ ᠬᠥᠮᠦᠵᠢᠭᠦᠯᠬᠦ ᠵᠢ ᠪᠠᠷᠢᠮᠲᠠᠯᠠᠵᠤ᠂ ᠣᠯᠠᠨ ᠲᠦᠮᠡᠨ᠎ᠤ ᠣᠷᠣᠯᠴᠠᠬᠤ ᠵᠢ ᠴᠢᠬᠤᠯᠠᠴᠢᠯᠠᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠬᠤ ᠣᠨ》᠎ᠤ ᠠᠵᠢᠯᠯᠠᠭ᠎ᠠ ᠵᠢ ᠭᠦᠨᠵᠡᠭᠡᠶ ᠥᠷᠨᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠬᠤᠷᠢᠶᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠠᠵᠢᠯ᠎ᠤᠨ ᠰᠤᠷᠲᠠᠯ ᠵᠶ᠋ᠠᠨ ᠬᠤᠪᠢᠷᠠᠭᠤᠯᠵᠤ ᠰᠢᠨ᠎ᠡ ᠬᠡᠪ ᠰᠤᠷᠲᠠᠯ᠎ᠢ ᠪᠣᠶ ᠪᠣᠯᠭ᠋ᠠᠭᠰᠠᠨ᠎ᠠᠴᠠ ᠪᠣᠯᠤᠭᠰᠠᠨ ᠰᠢᠨ᠎ᠡ ᠪᠠᠢ᠌ᠳᠠᠯ ᠰᠢᠨ᠎ᠡ ᠬᠤᠪᠢᠷᠠᠯᠲᠠ ᠵᠢ ᠮᠡᠳᠡᠷᠡᠭᠦᠯᠬᠦ ᠬᠡᠷᠡᠭᠲᠡᠶ; ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠵᠤ᠂ ᠭᠣᠤᠯ ᠴᠣᠭᠴᠠ ᠵᠢᠨ ᠬᠠᠷᠢᠭᠤᠴᠠᠯᠭ᠎ᠠ᠎ᠪᠠᠨ ᠪᠠᠲᠤ ᠡᠭᠦᠷᠭᠡᠯᠡᠵᠦ᠂ ᠬᠡᠯᠪᠡᠷᠢᠴᠢ ᠦᠵᠡᠯ᠎ᠢ ᠴᠢᠩᠭ᠎ᠠ ᠴᠡᠭᠡᠷᠯᠡᠵᠦ᠂ ᠰᠤᠷᠤᠯᠴᠠᠯᠭ᠎ᠠ ᠬᠥᠮᠦᠵᠢᠯ ᠪᠣᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠠᠵᠢᠯ᠎ᠢ ᠭᠦᠨᠵᠡᠭᠡᠶ ᠠᠭᠤᠰᠤᠯᠴᠠᠭᠤᠯᠵᠤ᠂ ᠰᠤᠷᠤᠯᠴᠠᠬᠤ᠎ᠳᠤ᠎ᠪᠠᠨ ᠶᠠᠰᠤ ᠴᠢᠨᠠᠷ᠎ᠲᠠᠢ ᠪᠠᠢ᠌ᠬᠤ᠂ ᠪᠠᠢ᠌ᠴᠠᠭ᠋ᠠᠬᠤ᠎ᠳᠠᠭᠠᠨ ᠡᠷᠴᠢᠮ᠎ᠲᠠᠢ ᠪᠠᠢ᠌ᠬᠤ᠂ ᠥᠭᠡᠷᠡᠴᠢᠯᠡᠬᠦ᠎ᠳᠡᠭᠡᠨ ᠦᠷ᠎ᠡ ᠪᠦᠲᠦᠮᠵᠢ᠎ᠲᠠᠢ ᠪᠠᠢ᠌ᠬᠤ ᠵᠢ ᠦᠨᠡᠨ ᠬᠦ᠌ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠰᠤᠷᠲᠠᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
     ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠤ ᠬᠢᠨᠠᠨ ᠵᠥᠪᠯᠡᠪᠡ᠃
    ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠵᠢᠨ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
ᠰᠦᠨ ᠱᠤᠤ ᠴᠸᠩ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠪᠠᠢ᠌ᠴᠠᠭ᠋ᠠᠨ ᠰᠤᠳᠤᠯᠬᠤ᠎ᠳᠠᠭᠠᠨ ᠴᠢᠬᠤᠯᠠᠴᠢᠯᠠᠭᠰᠠᠨ ᠎ᠨᠢ ᠣᠢ ᠰᠢᠭᠤᠶ ᠨᠤᠲᠤᠭ ᠪᠡᠯᠴᠢᠭᠡᠷ᠎ᠢ ᠡᠪᠳᠡᠨ ᠰᠦᠢ᠍ᠳᠬᠡᠬᠦ ᠵᠢ ᠬᠣᠷᠢᠭᠯᠠᠬᠤ ᠨᠢᠬᠡᠨ ᠤᠳᠠᠭ᠎ᠠ ᠵᠢᠨ ᠶᠡᠷᠦᠩᠬᠡᠶ ᠳᠠᠶ᠋ᠢᠯᠠᠯᠳᠤᠭ᠋ᠠᠨ᠎ᠢ ᠬᠢᠬᠦ ᠬᠡᠷᠡᠭᠳᠠᠢ
2025 ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠰᠢᠨ᠎ᠡ ᠵᠢ ᠡᠭᠦᠳᠬᠦ ᠪᠠ ᠴᠢᠨᠠᠷ ᠰᠠᠢ᠌ᠲᠠᠢ ᠬᠥᠭᠵᠢᠯᠲᠡ ᠵᠢᠨ ᠶᠠᠷᠢᠶᠠᠨ᠎ᠤ ᠲᠠᠪᠴᠠᠩ ᠡᠬᠢᠯᠡᠪᠡ ᠵᠠᠩ ᠸᠸᠨ ᠲᠤᠤ ᠣᠷᠣᠯᠴᠠᠭᠰᠠᠨ ᠪᠥᠭᠡᠳ ᠭᠣᠣᠯ ᠵᠤᠷᠢᠯᠳᠠᠳᠤ ᠲᠠᠨᠢᠯᠴᠠᠭᠤᠯᠭ᠎ᠠ ᠬᠢᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ 《ᠡᠷᠭᠢᠨ ᠬᠠᠷᠠᠵᠤ》 《ᠣᠶ ᠰᠢᠭᠤᠢ ᠨᠤᠲᠤᠭ ᠪᠡᠯᠴᠢᠭᠡᠷ᠎ᠢ ᠡᠪᠳᠡᠨ ᠰᠦᠢ᠍ᠳᠬᠡᠵᠦ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠤᠨ ᠲᠥᠰᠥᠯ》᠎ᠢ ᠬᠢᠨᠠᠨ ᠵᠥᠪᠯᠡᠪᠡ ᠰᠦᠨ ᠱᠤᠤ ᠴᠧᠩ ᠬᠤᠷᠠᠯ᠎ᠢ ᠡᠷᠭᠢᠯᠡᠪᠡ
 
            