ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠵᠢᠨ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ
ᠨᠡᠶ᠋ᠢᠲᠡᠯᠡᠭᠰᠡᠨ ᠴᠠᠭ᠄ 2025-03-26

W020250325844039914968.jpg


    ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ ᠲᠤᠭᠤᠰᠢᠯᠠᠭᠤᠯᠵᠤ᠂ ᠪᠥᠬᠥ ᠲᠢᠩᠬᠢᠮ᠎ᠤᠨ ᠰᠢᠰᠲ᠋ᠧᠮ᠎ᠤᠨ ᠰᠤᠷᠲᠠᠯ᠎ᠤᠨ ᠪᠠᠢ᠌ᠭᠤᠯᠤᠯᠲᠠ ᠵᠢ ᠪᠠᠢ᠌ᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠠᠢ᠌ᠯᠭ᠋ᠠᠬᠤ ᠵᠢ ᠠᠬᠢᠭᠤᠯᠬᠤ ᠵᠢᠨ ᠲᠥᠯᠥᠭᠡ᠂ 3 ᠳ᠋ᠤᠭ᠋ᠠᠷ ᠰᠠᠷ᠎ᠠ ᠵᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠵᠢᠨ ᠲᠤᠰᠬᠠᠶ ᠰᠡᠳᠦᠪᠲᠦ ᠲᠠᠢ᠌ᠯᠤᠮᠵᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠯᠢᠦ ᠱᠤᠸᠠᠩ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃


W020250325844039941356.jpg


     ᠲᠠᠢ᠌ᠯᠤᠮᠵᠢ᠎ᠳᠤ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠨᠠᠮ᠎ᠤᠨ ᠲᠡᠦᠬᠡ ᠨᠠᠮ᠎ᠤᠨ ᠪᠠᠢ᠌ᠭᠤᠯᠤᠯᠲᠠ ᠵᠢᠨ ᠵᠢᠭ᠋ᠠᠨ ᠰᠤᠳᠤᠯᠬᠤ ᠬᠡᠯᠲᠡᠰ᠎ᠤᠨ ᠭᠦᠸᠧ ᠰᠢᠦ ᠯᠢ ᠫᠷᠤᠹᠸᠰᠰᠤᠷ᠎ᠢ ᠣᠨᠴᠠᠭ᠋ᠠᠢ᠌ᠯᠠᠨ ᠤᠷᠢᠵᠤ ᠬᠢᠴᠢᠶᠡᠯ ᠣᠷᠣᠭᠤᠯᠵᠤ᠂ 《ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ  ᠪᠠᠢ᠌ᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠭᠦᠨᠵᠡᠭᠡᠢ᠌ᠷᠡᠭᠦᠯᠦᠨ ᠨᠠᠢ᠌ᠳᠠᠪᠤᠷᠢᠵᠢᠭᠤᠯᠬᠤ》ᠵᠢᠨ ᠲᠣᠭᠣᠷᠢᠨ᠎ᠳᠤ᠂ 《ᠶᠠᠭ᠋ᠠᠬᠢᠵᠤ ᠦᠵᠡᠬᠦ᠂ ᠶᠠᠭ᠋ᠠᠬᠢᠵᠤ ᠬᠢᠬᠦ》 ᠰᠡᠳᠬᠢᠬᠦᠢ ᠵᠢᠨ ᠯᠣᠭᠢᠭ ᠵᠶ᠋ᠠᠷ ᠵᠠᠩᠭᠢᠯᠠᠭ᠎ᠠ ᠪᠣᠯᠭ᠋ᠠᠵᠤ᠂ ᠡᠯᠪᠡᠭ ᠪᠠᠶᠠᠯᠢᠭ ᠨᠠᠷᠢᠨ ᠪᠣᠳᠠᠲᠠᠢ ᠬᠡᠷᠡᠭ᠎ᠤᠨ ᠵᠢᠱ᠌ᠢᠢ᠎ᠡ᠂ ᠬᠢᠯᠪᠠᠷ ᠣᠢ᠌ᠯᠠᠭ᠋ᠠᠮᠵᠢᠲᠠᠢ ᠦᠭᠡ ᠬᠡᠯᠡ᠎ᠪᠠᠷ ᠳᠠᠮᠵᠢᠭᠤᠯᠤᠨ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠮᠥᠨ ᠴᠢᠨᠠᠷ᠎ᠤᠨ ᠠᠭᠤᠯᠤᠭᠳᠠᠬᠤᠨ ᠪᠣᠯᠤᠨ ᠪᠣᠳᠠᠲᠠᠢ ᠱᠠᠭ᠋ᠠᠷᠳᠠᠯᠭ᠎ᠠ ᠵᠢ ᠱᠠᠳᠤ ᠱᠠᠳᠤ᠎ᠪᠠᠷ ᠠᠬᠢᠭᠤᠯᠤᠨ ᠰᠢᠰᠲ᠋ᠧᠮ᠎ᠲᠠᠢ ᠪᠦᠬᠦ ᠲᠠᠯ᠎ᠠ᠎ᠪᠠᠷ ᠲᠣᠳᠣᠷᠬᠠᠢ᠌ᠯᠠᠨ ᠥᠭᠦᠯᠡᠵᠦ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠤᠯᠠᠮ ᠴᠢᠨᠠᠷ ᠰᠠᠢ᠌ᠲᠠᠢ ᠥᠷᠨᠢᠭᠦᠯᠬᠦ᠎ᠳᠤ ᠬᠦᠴᠦᠲᠡᠢ ᠵᠢᠯᠤᠭᠤᠳᠤᠯᠭ᠎ᠠ ᠬᠠᠩᠭ᠋ᠠᠪᠠ᠃ ᠡᠨᠳᠡ ᠰᠠᠭᠤᠵᠤ ᠪᠠᠢ᠌ᠭ᠎ᠠ ᠨᠠᠮ᠎ᠤᠨ ᠭᠡᠰᠢᠭᠦᠨ᠎ᠠᠴᠠ᠂ ᠲᠠᠢ᠌ᠯᠤᠮᠵᠢ ᠵᠢᠨ ᠠᠭᠤᠯᠭ᠎ᠠ ᠡᠯᠪᠡᠭ ᠪᠠᠶᠠᠯᠢᠭ᠂ ᠭᠣᠣᠯ ᠰᠡᠳᠦᠪ ᠢᠯᠡ ᠲᠣᠳᠣ᠂ ᠮᠠᠰᠢ ᠴᠢᠩᠭ᠎ᠠ ᠴᠢᠭᠯᠡᠬᠦᠯᠦᠯᠳᠦ ᠴᠢᠨᠠᠷ᠂ ᠦᠵᠡᠯ ᠰᠠᠨᠠᠭ᠋ᠠᠴᠢ ᠴᠢᠨᠠᠷ ᠪᠠ ᠰᠡᠩᠬᠡᠷᠡᠭᠦᠯᠬᠦ ᠴᠢᠨᠠᠷ᠎ᠲᠠᠢ ᠪᠠᠢ᠌ᠵᠤ᠂ ᠬᠣᠢ᠌ᠰᠢᠳᠠ ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠰᠡᠳᠬᠢᠯ᠎ᠳᠡᠭᠡᠨ ᠬᠠᠳᠠᠩᠰᠢᠭᠤᠯᠵᠤ᠂ ᠦᠷᠭᠦᠯᠵᠢ ᠪᠠᠷᠢᠮᠵᠢᠶᠠᠯᠠᠨ ᠬᠠᠷᠭᠤᠭᠤᠯᠵᠤ᠂ ᠴᠠᠭ ᠢᠮᠠᠭᠲᠠ ᠥᠪᠡᠷ᠎ᠢ᠎ᠪᠠᠨ ᠲᠤᠩᠭ᠋ᠠᠨ ᠪᠤᠳᠤᠵᠤ᠂ ᠪᠢᠰᠢᠷᠡᠨ ᠵᠢᠷᠦᠬᠡᠰᠢᠶᠡᠬᠦ ᠪᠤᠳᠤᠯ᠎ᠲᠠᠢ ᠪᠠᠢ᠌ᠵᠤ᠂ ᠦᠨᠡᠨ ᠬᠦ᠌ ᠡᠳᠦᠷ ᠲᠤᠳᠤᠮ᠎ᠤᠨ ᠤᠬᠠᠮᠰᠠᠷ ᠪᠣᠯᠭ᠋ᠠᠨ᠎ᠠ ᠢᠯᠡᠳᠬᠡᠵᠡᠭᠡᠪᠡ᠃
     ᠬᠤᠷᠠᠯ᠎ᠠᠴᠠ᠂ ᠪᠦᠬᠦ ᠲᠢᠩᠬᠢᠮ᠎ᠤᠨ ᠨᠠᠮ᠎ᠤᠨ ᠭᠡᠰᠢᠭᠦᠨ ᠺᠠᠳ᠋ᠷᠴᠤᠳ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠨᠢᠭᠲᠠ ᠤᠶᠠᠯᠳᠤᠭᠤᠯᠵᠤ᠂ ᠳᠡᠭᠡᠳᠦ ᠬᠡᠮᠵᠢᠶᠡᠨ᠎ᠤ ᠤᠯᠤᠰ ᠲᠦᠷᠦ ᠵᠢᠨ ᠤᠬᠠᠮᠰᠠᠷ᠂ ᠦᠵᠡᠯ ᠰᠠᠨᠠᠭ᠋ᠠᠨ᠎ᠤ ᠤᠬᠠᠮᠰᠠᠷ ᠪᠣᠯᠤᠨ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠷ ᠰᠤᠷᠤᠯᠴᠠᠯᠭ᠎ᠠ ᠬᠥᠮᠦᠵᠢᠯ᠎ᠢ ᠰᠠᠢ᠌ᠲᠤᠷ ᠠᠳᠬᠤᠵᠤ᠂ ᠪᠠᠢ᠌ᠭᠤᠯᠭ᠎ᠠ ᠵᠢᠨ ᠰᠤᠷᠲᠠᠯ᠎ᠤᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠵᠤ᠂ ᠡᠯ᠎ᠡ ᠲᠠᠯ᠎ᠠ ᠵᠢᠨ ᠠᠵᠢᠯ᠎ᠤᠨ ᠪᠠᠷᠢᠮᠵᠢᠶ᠎ᠠ᠎ᠪᠠᠨ ᠳᠡᠭᠡᠭᠰᠢᠯᠡᠭᠦᠯᠦᠨ ᠬᠤᠷᠳᠤᠴᠠ᠎ᠪᠠᠨ ᠳᠡᠭᠡᠭᠰᠢᠯᠡᠭᠦᠯᠵᠦ᠂ ᠪᠣᠳᠠᠲᠠᠢ᠎ᠳᠤ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠢ; ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠰᠤᠷᠤᠯᠴᠠᠯᠭ᠎ᠠ ᠬᠢᠵᠦ ᠰᠤᠳᠤᠯᠤᠨ ᠶᠠᠷᠢᠯᠴᠠᠬᠤ᠎ᠳᠤ 《ᠭᠦᠨ》᠎ᠢ ᠳᠣᠪᠣᠢ᠌ᠯᠭ᠋ᠠᠬᠤ᠂ ᠠᠰᠠᠭᠤᠳᠠᠯ᠎ᠢ ᠪᠠᠢ᠌ᠴᠠᠭ᠋ᠠᠨ ᠳᠡᠯᠭᠡᠬᠦ᠎ᠳᠤ 《ᠪᠣᠳᠠᠲᠠᠶ》 ᠵᠢ ᠳᠣᠪᠣᠢ᠌ᠯᠭ᠋ᠠᠬᠤ ᠵᠢ ᠪᠠᠷᠢᠮᠲᠠᠯᠠᠵᠤ᠂ 《ᠴᠢᠩᠭ᠎ᠠ》 ᠵᠢ ᠲᠥᠪᠯᠡᠷᠡᠭᠦᠯᠦᠨ ᠴᠡᠭᠴᠡᠯᠡᠨ ᠵᠠᠰᠠᠵᠤ᠂ ᠡᠭᠦᠳᠡ᠎ᠪᠠᠨ ᠨᠡᠭᠡᠭᠡᠵᠦ ᠰᠤᠷᠭ᠋ᠠᠨ ᠬᠥᠮᠦᠵᠢᠭᠦᠯᠬᠦ᠎ᠳᠤ 《ᠠᠮᠢᠳᠤᠯᠢᠭ》᠎ᠢ ᠳᠣᠪᠣᠢ᠌ᠯᠭ᠋ᠠᠬᠤ ᠵᠢ ᠳᠣᠪᠣᠢ᠌ᠯᠭ᠋ᠠᠵᠤ᠂ ᠰᠤᠷᠤᠯᠴᠠᠯᠭ᠎ᠠ᠎ᠪᠠᠷ ᠪᠠᠢ᠌ᠴᠠᠭ᠋ᠠᠨ ᠥᠭᠡᠷᠡᠴᠢᠯᠡᠬᠦ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ᠂ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠦᠨᠡᠨ ᠬᠦ᠌ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠬᠡᠷᠡᠭᠲᠡᠶ; ᠰᠤᠷᠤᠯᠴᠠᠯᠭ᠎ᠠ ᠬᠥᠮᠦᠵᠢᠯ᠎ᠤᠨ ᠬᠡᠯᠪᠡᠷᠢ ᠵᠢ ᠭᠦᠨᠵᠡᠭᠡᠢ᠌ᠷᠡᠭᠦᠯᠵᠦ᠂ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠷᠤᠯᠴᠠᠯᠭ᠎ᠠ᠂ 《ᠭᠤᠷᠪᠠᠨ ᠬᠤᠷᠠᠯ ᠨᠢᠭᠡ ᠬᠢᠴᠢᠶᠡᠯ》᠂ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠂ ᠨᠣᠮ ᠤᠩᠰᠢᠬᠤ ᠠᠩᠭᠢ ᠡᠷᠭᠢᠯᠡᠬᠦ ᠵᠡᠷᠭᠡ ᠬᠡᠯᠪᠡᠷᠢ᠎ᠪᠠᠷ ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠨᠡᠨ ᠬᠦ᠌ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

W020250325844039976378.jpg     ᠲᠣᠰ ᠤᠳᠠᠭ᠋ᠠᠨ᠎ᠤ ᠨᠣᠮ ᠤᠩᠰᠢᠬᠤ ᠠᠩᠭᠢ᠎ᠨᠢ 2 ᠡᠳᠦᠷ᠎ᠤᠨ ᠬᠤᠭᠤᠴᠠᠭ᠎ᠠ᠎ᠲᠠᠢ ᠶᠠᠪᠤᠭᠳᠠᠵᠤ᠂ ᠲᠤᠰᠬᠠᠶ ᠰᠡᠳᠦᠪ ᠵᠶ᠋ᠡᠷ ᠬᠠᠪᠰᠤᠷᠤᠨ ᠵᠢᠯᠣᠭᠣᠳᠬᠤ᠂ ᠲᠥᠪᠯᠡᠷᠡᠭᠦᠯᠦᠨ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠣᠯᠠᠨ ᠵᠦᠢᠯ᠎ᠤᠨ ᠠᠷᠭ᠎ᠠ ᠬᠡᠯᠪᠡᠷᠢ᠎ᠪᠠᠷ ᠶᠠᠪᠤᠭᠳᠠᠨ᠎ᠠ᠃
   ᠲᠢᠩᠬᠢᠮ᠎ᠳᠤ ᠪᠠᠢ᠌ᠭ᠎ᠠ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠤᠯᠭ᠎ᠠ ᠵᠢᠨ ᠡᠯ᠎ᠡ ᠭᠠᠵᠠᠷ ᠲᠠᠰᠤᠭ ᠵᠢᠴᠢ ᠲᠢᠩᠬᠢᠮ᠎ᠤᠨ ᠬᠠᠷᠢᠶ᠎ᠠ ᠠᠵᠢᠯ ᠦᠢᠯᠡᠰ᠎ᠤᠨ ᠨᠢᠭᠡᠴᠢ ᠵᠢᠨ ᠪᠥᠬᠥ ᠨᠠᠮ᠎ᠤᠨ ᠭᠡᠰᠢᠭᠦᠨ ᠺᠠᠳ᠋ᠷ ᠲᠠᠢ᠌ᠯᠤᠮᠵᠢ᠎ᠳᠤ ᠣᠷᠣᠯᠴᠠᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠦᠨ ᠱᠤᠤ ᠴᠸᠩ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠎ᠳᠤ ᠪᠠᠢ᠌ᠴᠠᠭ᠋ᠠᠨ ᠰᠤᠳᠤᠯᠬᠤ᠎ᠳᠠᠭᠠᠨ ᠴᠢᠬᠤᠯᠠᠴᠢᠯᠠᠭᠰᠠᠨ ᠎ᠨᠢ ᠣᠢ ᠰᠢᠭᠤᠶ ᠨᠤᠲᠤᠭ ᠪᠡᠯᠴᠢᠭᠡᠷ᠎ᠢ ᠡᠪᠳᠡᠨ ᠰᠦᠢ᠍ᠳᠬᠡᠬᠦ ᠵᠢ ᠬᠣᠷᠢᠭᠯᠠᠬᠤ ᠨᠢᠬᠡᠨ ᠤᠳᠠᠭ᠎ᠠ ᠵᠢᠨ ᠶᠡᠷᠦᠩᠬᠡᠶ ᠳᠠᠶ᠋ᠢᠯᠠᠯᠳᠤᠭ᠋ᠠᠨ᠎ᠢ ᠬᠢᠬᠦ ᠬᠡᠷᠡᠭᠳᠠᠢ
2025 ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠰᠢᠨ᠎ᠡ ᠵᠢ ᠡᠭᠦᠳᠬᠦ ᠪᠠ ᠴᠢᠨᠠᠷ ᠰᠠᠢ᠌ᠲᠠᠢ ᠬᠥᠭᠵᠢᠯᠲᠡ ᠵᠢᠨ ᠶᠠᠷᠢᠶᠠᠨ᠎ᠤ ᠲᠠᠪᠴᠠᠩ ᠡᠬᠢᠯᠡᠪᠡ ᠵᠠᠩ ᠸᠸᠨ ᠲᠤᠤ ᠣᠷᠣᠯᠴᠠᠭᠰᠠᠨ ᠪᠥᠭᠡᠳ ᠭᠣᠣᠯ ᠵᠤᠷᠢᠯᠳᠠᠳᠤ ᠲᠠᠨᠢᠯᠴᠠᠭᠤᠯᠭ᠎ᠠ ᠬᠢᠪᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ 《ᠡᠷᠭᠢᠨ ᠬᠠᠷᠠᠵᠤ》 《ᠣᠶ ᠰᠢᠭᠤᠢ ᠨᠤᠲᠤᠭ ᠪᠡᠯᠴᠢᠭᠡᠷ᠎ᠢ ᠡᠪᠳᠡᠨ ᠰᠦᠢ᠍ᠳᠬᠡᠵᠦ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠤᠨ ᠲᠥᠰᠥᠯ》᠎ᠢ ᠬᠢᠨᠠᠨ ᠵᠥᠪᠯᠡᠪᠡ ᠰᠦᠨ ᠱᠤᠤ ᠴᠧᠩ ᠬᠤᠷᠠᠯ᠎ᠢ ᠡᠷᠭᠢᠯᠡᠪᠡ
ᠥᠪᠥᠷ ᠮᠣᠩᠭᠣᠯ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠥᠵᠢᠯ᠎ᠢ ᠪᠥᠬᠥ ᠲᠠᠯ᠎ᠠ᠎ᠪᠠᠷ ᠡᠬᠢᠯᠡᠭᠦᠯᠪᠡ
 
            