ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠥᠵᠢᠯ᠎ᠢ ᠪᠥᠬᠥ ᠲᠠᠯ᠎ᠠ᠎ᠪᠠᠷ ᠡᠬᠢᠯᠡᠭᠦᠯᠪᠡ
ᠨᠡᠶ᠋ᠢᠲᠡᠯᠡᠭᠰᠡᠨ ᠴᠠᠭ᠄ 2025-03-31


     ᠨᠠᠮ᠎ᠤᠨ ᠲᠥᠪ ᠬᠣᠷᠢᠶ᠎ᠠ ᠵᠢᠨ ᠨᠢᠭᠡᠳᠦᠯᠲᠡᠢ ᠪᠠᠢ᠌ᠷᠢᠯᠠᠭᠤᠯᠤᠯᠲᠠ ᠶᠣᠰᠣᠭ᠋ᠠᠷ᠂ ᠥᠪᠥᠷ ᠮᠣᠩᠭᠣᠯ ᠥᠭᠡᠷᠡᠴᠢᠯᠡᠯᠲᠡ ᠵᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠢ᠌ᠬᠤ ᠪᠠᠷᠢᠮᠵᠢᠶ᠎ᠠ᠎ᠪᠠᠷ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠵᠢ ᠪᠠᠷᠢᠮᠲᠠᠯᠠᠵᠤ᠂ ᠪᠥᠬᠥ ᠣᠷᠣᠨ᠎ᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠥᠵᠢᠯ᠎ᠤᠨ ᠰᠠᠢ᠌ᠨ ᠡᠬᠢᠯᠡᠯᠲᠡ ᠵᠢ ᠠᠬᠢᠭᠤᠯᠪᠠ᠃
    ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠳᠠᠷᠤᠢ ᠲᠦᠷᠭᠡᠨ ᠬᠥᠳᠡᠯᠦᠯᠴᠡᠨ ᠲᠣᠬᠢᠷᠠᠭᠤᠯᠤᠨ ᠪᠠᠢ᠌ᠷᠢᠯᠠᠭᠤᠯᠪᠠ᠃ 3 ᠰᠠᠷ᠎ᠠ ᠵᠢᠨ 14᠎ᠤ ᠡᠳᠦᠷ ᠰᠦᠨ ᠱᠤᠤ ᠴᠧᠩ ᠱᠦᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠬᠤᠷᠠᠯ ᠵᠢᠴᠢ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠪᠦᠭᠦ ᠣᠷᠣᠨ᠎ᠤ ᠰᠤᠷᠤᠯᠴᠠᠯᠭ᠎ᠠ ᠬᠥᠮᠦᠵᠢᠯ᠎ᠤᠨ 《ᠬᠡᠷᠡᠭᠵᠢᠭᠦᠯᠬᠦ ᠲᠥᠰᠥᠯ》᠎ᠢ ᠬᠢᠨᠠᠨ ᠲᠣᠭᠲᠠᠭ᠋ᠠᠵᠤ᠂ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠤᠳᠤᠷᠢᠳᠬᠤ ᠪᠠᠭ᠎ᠠᠴᠠ ᠳᠡᠭᠡᠷᠡᠬᠢ᠎ᠨᠢ ᠳᠣᠣᠷᠠᠬᠢ᠎ᠪᠠᠨ ᠳᠠᠭ᠋ᠠᠭᠤᠯᠤᠨ᠂ ᠲᠦᠷᠦᠭᠦᠯᠡᠨ ᠥᠯᠢᠭᠡᠷ ᠳᠠᠭᠤᠷᠢᠶᠠᠯ ᠦᠵᠡᠭᠦᠯᠵᠦ᠂ ᠪᠠᠢ᠌ᠩᠭᠤ ᠵᠢᠨ ᠬᠣᠷᠢᠶ᠎ᠠ ᠵᠢᠨ ᠰᠤᠷᠤᠯᠴᠠᠯᠭ᠎ᠠ ᠬᠥᠮᠦᠵᠢᠯ᠎ᠤᠨ 《ᠠᠵᠢᠯ᠎ᠤᠨ ᠲᠥᠰᠥᠯ》᠎ᠢ ᠨᠠᠷᠢᠨ ᠨᠢᠮᠪᠠᠢ ᠲᠣᠭᠲᠠᠭ᠋ᠠᠵᠤ᠂ ᠲᠦᠷᠦᠭᠦᠯᠡᠨ ᠭᠦᠨᠵᠡᠭᠡᠢ ᠰᠤᠷᠤᠯᠴᠠᠵᠤ ᠰᠤᠳᠤᠯᠤᠨ ᠶᠠᠷᠢᠯᠴᠠᠬᠤ᠂ ᠲᠦᠷᠦᠭᠦᠯᠡᠨ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠳᠡᠯᠭᠡᠬᠦ᠂ ᠲᠦᠷᠦᠭᠦᠯᠡᠨ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠴᠢᠩᠭ᠎ᠠ ᠠᠳᠬᠤᠬᠤ᠂ ᠲᠦᠷᠦᠭᠦᠯᠡᠨ ᠪᠠᠢ᠌ᠩᠭᠤ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠪᠠᠢ᠌ᠬᠤ ᠵᠢ ᠠᠬᠢᠭᠤᠯᠬᠤ 4 ᠲᠠᠯ᠎ᠠ᠎ᠠᠴᠠ 12 ᠵᠦᠢ᠍ᠯ᠎ᠤᠨ ᠪᠣᠳᠠᠲᠠᠢ ᠡᠭᠦᠷᠭᠡ ᠵᠢ ᠳᠤᠷᠠᠳᠴᠤ᠂ ᠴᠠᠭ᠎ᠤᠨ ᠠᠬᠢᠴᠠ ᠶᠣᠰᠣᠭ᠋ᠠᠷ ᠠᠵᠢᠯ᠎ᠤᠨ ᠲᠣᠬᠢᠷᠠᠭᠤᠯᠤᠯᠲᠠ ᠵᠢᠨ ᠬᠦᠰᠦᠨᠦᠭᠲᠦ ᠵᠢ ᠪᠦᠷᠢᠯᠳᠦᠭᠦᠯᠵᠦ᠂ ᠪᠦᠭᠦ ᠣᠷᠣᠨ᠎ᠤ ᠡᠯ᠎ᠡ ᠱᠠᠲᠤᠨ᠎ᠳᠤ ᠵᠢᠱ᠌ᠢᠶ᠎ᠡ ᠦᠵᠡᠭᠦᠯᠦᠨ ᠳᠠᠭᠤᠷᠢᠶᠠᠯ ᠪᠣᠯᠪᠠ᠃ 3 ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠠᠴᠠ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠵᠢ ᠤᠶᠠᠯᠳᠤᠭᠤᠯᠬᠤ ᠭᠡᠯᠪᠡᠷᠢ᠎ᠪᠠᠷ ᠰᠤᠷᠤᠯᠴᠠᠯᠭ᠎ᠠ ᠬᠥᠮᠦᠵᠢᠯ᠎ᠤᠨ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ ᠥᠷᠨᠢᠭᠦᠯᠵᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠵᠣᠷᠢᠭ ᠰᠠᠨᠠᠭ᠎ᠠ ᠵᠢ ᠨᠡᠪᠲᠡᠷᠡᠲᠡᠯ᠎ᠡ ᠣᠢ᠌ᠯᠠᠭ᠋ᠠᠬᠤ᠂ ᠱᠠᠭ᠋ᠠᠷᠳᠠᠯᠭ᠎ᠠ ᠵᠢ ᠣᠨᠣᠪᠴᠢᠲᠠᠶ ᠡᠵᠡᠮᠳᠡᠬᠦ᠂ ᠰᠡᠳᠬᠢᠮᠵᠢ᠎ᠪᠠᠨ ᠲᠣᠳᠣᠷᠬᠠᠢ ᠪᠤᠯᠭ᠋ᠠᠬᠤ ᠵᠢ ᠬᠥᠲᠥᠯᠥᠨ ᠵᠢᠯᠣᠭᠣᠳᠪᠠ᠃ ᠣᠳᠣᠬᠠᠨ ᠪᠤᠯᠲᠠᠯ᠎ᠠ᠂ ᠪᠦᠭᠦ ᠣᠷᠣᠨ᠎ᠤ 12 ᠠᠢ᠌ᠮᠠᠭ ᠬᠣᠲᠠ᠂ ᠣᠷᠣᠨ᠎ᠤ ᠰᠢᠭᠤᠳ ᠬᠠᠷᠢᠶ᠎ᠠ 81 ᠪᠠᠢ᠌ᠭᠤᠯᠭ᠎ᠠ ᠨᠢᠭᠡᠴᠢ᠂ 58 ᠶᠡᠬᠡ ᠳᠡᠭᠡᠳᠦ ᠰᠤᠷᠭ᠋ᠠᠭᠤᠯᠢ᠂ ᠤᠯᠤᠰ᠎ᠤᠨ ᠥᠮᠴᠢᠯᠡᠯ᠎ᠤᠨ 20 ᠠᠵᠤ ᠠᠬᠤᠢ᠌ᠯᠠᠯ ᠪᠣᠯᠣᠨ 8 ᠲᠦᠮᠡ ᠭᠠᠷᠤᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠰᠤᠷᠤᠯᠴᠠᠯᠭ᠎ᠠ ᠬᠥᠮᠦᠵᠢᠯ᠎ᠢ ᠪᠦᠭᠦᠨ᠎ᠢ ᠡᠬᠢᠯᠡᠭᠦᠯᠪᠡ᠃
    ᠰᠤᠷᠤᠯᠴᠠᠯᠭ᠎ᠠ᠎ᠪᠠᠷ ᠡᠭᠢᠯᠡᠯᠲᠡ ᠪᠤᠯᠭ᠋ᠠᠬᠤ ᠵᠢ ᠪᠠᠷᠢᠮᠲᠠᠯᠠᠵᠤ᠂ 《ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠥᠭᠦᠯᠡᠯᠲᠡ ᠵᠢᠨ ᠲᠡᠭᠦᠪᠦᠷᠢ》 ᠵᠢ ᠰᠠᠢ᠌ᠲᠤᠷ ᠬᠡᠷᠡᠭᠯᠡᠵᠦ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠰᠠᠢ᠌ᠲᠤᠷ ᠰᠤᠷᠤᠯᠴᠠᠵᠤ᠂ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ᠂ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷᠯᠢᠭ ᠵᠡᠷᠭᠡ ᠠᠴᠢᠶᠠᠯᠠᠪᠤᠷᠢ ᠵᠢᠨ ᠭᠠᠷᠳᠠᠴᠠ᠎ᠳᠤ ᠲᠦᠰᠢᠭᠯᠡᠨ᠂ ᠰᠤᠷᠤᠯᠴᠠᠯᠭ᠎ᠠ ᠬᠥᠮᠦᠵᠢᠯ᠎ᠢ ᠡᠳᠦᠷ ᠲᠤᠳᠤᠮ᠎ᠤᠨ ᠠᠵᠢᠯ᠎ᠳᠠᠭᠠᠨ ᠠᠭᠤᠰᠤᠯᠴᠠᠭᠤᠯᠵᠤ᠂ ᠪᠠᠢ᠌ᠩᠭᠤᠵᠢᠭᠤᠯᠤᠨ ᠠᠳᠬᠤᠬᠤ ᠵᠢ ᠠᠬᠢᠭᠤᠯᠪᠠ᠃ 3 ᠰᠠᠷ᠎ᠠ ᠵᠢᠨ 26᠎ᠠᠴᠠ 27᠎ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠭᠢᠯᠡᠵᠦ᠂ ᠲᠤᠰᠬᠠᠢ ᠰᠡᠳᠦᠪ ᠵᠶ᠋ᠡᠷ ᠬᠠᠪᠰᠤᠷᠤᠨ ᠵᠢᠯᠤᠭᠣᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠵᠢ ᠤᠶᠠᠯᠳᠤᠭᠤᠯᠬᠤ ᠠᠷᠭ᠎ᠠ ᠭᠡᠯᠪᠡᠷᠢ ᠵᠢ ᠠᠪᠴᠤ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠨᠠᠷᠢᠨ ᠣᠢ᠌ᠯᠠᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠮᠤᠵᠢ ᠵᠢᠨ ᠲᠠᠰ᠎ᠤᠨ ᠤᠳᠤᠷᠢᠳᠬᠤ ᠺᠠᠳ᠋ᠷ᠎ᠤᠨ ᠤᠷᠢᠳ ᠵᠶ᠋ᠠᠷ ᠰᠤᠷᠤᠯᠴᠠᠵᠤ ᠤᠷᠢᠳ ᠵᠶ᠋ᠠᠷ ᠬᠡᠷᠡᠭᠵᠢᠭᠦᠯᠬᠦ᠎ᠪᠠᠷ ᠪᠦᠭᠦ ᠣᠷᠣᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠣᠨ ᠨᠠᠮ᠎ᠤᠨ ᠭᠡᠰᠢᠭᠦᠨ᠎ᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ ᠵᠢ ᠵᠢᠱ᠌ᠢᠶ᠎ᠡ ᠦᠵᠡᠭᠦᠯᠦᠨ ᠲᠠᠢ᠌ᠴᠢᠯᠠᠪᠠ᠃

    ᠪᠦᠭᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠨᠡᠢ᠌ᠳᠡᠮ᠎ᠳᠡᠭᠡᠨ᠂ ᠭᠣᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠬᠦ᠂ ᠲᠥᠭᠦᠮ ᠠᠪᠰᠠᠷᠬᠠᠨ ᠪᠣᠳᠠᠲᠠᠢ ᠵᠢ ᠡᠷᠭᠢᠮᠯᠡᠭᠦ ᠵᠢ ᠪᠠᠷᠢᠮᠲᠠᠯᠠᠵᠤ᠂ ᠰᠤᠷᠤᠯᠴᠠᠬᠤ ᠪᠠᠢ᠌ᠴᠠᠭ᠋ᠠᠬᠤ ᠴᠡᠭᠴᠡᠯᠡᠨ ᠰᠠᠢ᠌ᠵᠢᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠤᠬᠠᠮᠰᠠᠷ᠎ᠠᠴᠠ᠎ᠪᠠᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠵᠢ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠯᠤᠭ᠎ᠠ ᠤᠶᠠᠯᠳᠤᠭᠤᠯᠵᠤ᠂ 《ᠳᠠᠷᠤᠭ᠋ᠠᠰᠤ ᠵᠢ ᠬᠥᠩᠭᠡᠷᠡᠭᠦᠯᠬᠦ᠂ ᠬᠦᠴᠦᠨ ᠣᠯᠭᠣᠬᠤ᠂ ᠬᠦᠴᠢᠷᠳᠡᠯ᠎ᠢ ᠰᠢᠢ᠍ᠳᠪᠦᠷᠢᠯᠡᠬᠦ᠂ ᠴᠡᠭᠴᠡᠯᠡᠨ ᠰᠠᠢ᠌ᠵᠢᠷᠠᠭᠤᠯᠬᠤ᠂ ᠱᠠᠯᠠᠪᠳᠠᠭᠤᠯᠬᠤ》 ᠵᠡᠷᠭᠡ ᠠᠵᠢᠯ᠎ᠢ ᠰᠠᠢ᠌ᠲᠤᠷ ᠬᠢᠬᠦ᠎ᠲᠠᠢ ᠨᠢᠭᠡᠳᠦᠯᠲᠡᠢ ᠲᠥᠯᠥᠪᠵᠢᠭᠦᠯᠵᠦ᠂ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠬᠦ᠎ᠲᠠᠢ ᠤᠶᠠᠯᠳᠤᠭᠤᠯᠵᠤ᠂ ᠪᠦᠭᠦ ᠣᠷᠣᠨ᠎ᠤ ᠴᠢᠨᠠᠷ ᠰᠠᠢ᠌ᠲᠠᠢ ᠬᠥᠭᠵᠢᠯᠲᠡ᠎ᠳᠤ ᠪᠠᠲᠤ ᠴᠢᠩᠭ᠎ᠠ ᠰᠤᠷᠲᠠᠯ᠎ᠤᠨ ᠪᠠᠲᠤᠯᠠᠭ᠎ᠠ ᠬᠠᠩᠭ᠋ᠠᠨ᠎ᠠ ᠭᠡᠵᠦ ᠲᠤᠰᠬᠠᠵᠠᠭ᠋ᠠᠪᠠ᠃

   

 

ᠢᠷᠡᠯᠲᠡ᠄ ᠦᠪᠦᠷ ᠮᠣᠩᠭᠣᠯ᠎ᠤᠨ ᠵᠠᠰᠠᠭ᠎ᠤᠨ ᠣᠷᠳᠤᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
ᠨᠢᠭᠡᠳᠦᠭᠡᠷ ᠤᠯᠠᠷᠢᠯ᠎ᠳᠤ ᠪᠥᠬᠦ ᠣᠷᠣᠨ᠎ᠤ ᠮᠡᠷᠭᠡᠵᠢᠯ᠎ᠤᠨ ᠭᠡᠷ᠎ᠡ ᠵᠢᠨ ᠳᠠᠩᠰᠠᠯᠠᠯᠲᠠ 《ᠰᠠᠶ᠋ᠢᠨ ᠡᠬᠢᠯᠡᠯᠲᠡ》 ᠵᠢ ᠪᠡᠶᠡᠯᠡᠭᠦᠯᠪᠡ
ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ 《ᠬᠠᠮ ᠠᠷᠭ᠎ᠠ ᠬᠡᠮᠵᠢᠶ᠎ᠡ》᠎ᠨᠢ 1 + 7 + N ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠦᠨᠳᠦᠰᠦᠨ ᠱᠠᠲᠤᠨ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠪᠠ
 
            