
3 ᠰᠠᠷ᠎ᠠ ᠵᠢᠨ 28᠎ᠤ ᠡᠳᠦᠷ᠂ 《ᠬᠠᠮᠵᠢᠯᠴᠠᠨ ᠰᠢᠨ᠎ᠡ ᠵᠢ ᠡᠭᠦᠳᠴᠦ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠬᠠᠮᠲᠤ᠎ᠪᠠᠷ ᠪᠣᠢ᠌ᠵᠢᠭᠤᠯᠬᠤ》᠎ᠪᠠᠷ ᠭᠣᠤᠯ ᠰᠡᠳᠦᠪ ᠪᠣᠯᠭ᠋ᠠᠭᠰᠠᠨ 2025 ᠪᠡᠭᠡᠵᠢᠩ ᠲᠢᠶᠠᠨᠵᠢᠨ ᠾᠧᠪᠧᠶ ᠵᠢᠨ ᠬᠠᠮᠵᠢᠯᠴᠠᠨ ᠰᠢᠨ᠎ᠡ ᠵᠢ ᠡᠭᠦᠳᠬᠦ ᠪᠠ ᠴᠢᠨᠠᠷ ᠰᠠᠢ᠌ᠲᠠᠶ ᠬᠥᠭᠵᠢᠯᠲᠡ ᠵᠢᠨ ᠶᠠᠷᠢᠶᠠᠨ᠎ᠤ ᠲᠠᠪᠴᠠᠩ ᠪᠡᠭᠡᠵᠢᠩ᠎ᠤᠨ ᠵᠥᠩ ᠭᠤᠸᠠᠨ ᠼᠦᠨ᠎ᠤ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠲᠤᠭᠤᠷᠢᠭ᠎ᠤᠨ ᠬᠤᠷᠠᠯ᠎ᠤᠨ ᠲᠥᠪ᠎ᠲᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠶᠠᠷᠢᠶᠠᠨ᠎ᠤ ᠲᠠᠪᠴᠠᠩ᠎ᠳᠤ ᠣᠷᠣᠯᠴᠠᠭᠰᠠᠨ ᠪᠥᠭᠡᠳ 《ᠡᠨᠧᠷᠭᠢ ᠵᠢᠨ ᠡᠬᠢ ᠪᠠᠶᠠᠯᠢᠭ᠎ᠢ ᠲᠥᠪᠯᠡᠷᠡᠭᠦᠯᠦᠨ ᠪᠦᠰᠡᠯᠡᠯᠲᠡ ᠰᠢᠪᠲᠤᠯᠵᠤ ᠰᠢᠨ᠎ᠡ ᠵᠢ ᠡᠭᠦᠳᠬᠦ ᠵᠢᠷᠤᠭ ᠲᠥᠯᠥᠪᠯᠡᠭᠡ ᠵᠢ ᠬᠠᠮᠲᠤ᠎ᠪᠠᠷ ᠵᠢᠷᠤᠭᠯᠠᠬᠤ》 ᠭᠣᠣᠯ ᠵᠤᠷᠢᠯᠳᠠᠳᠤ ᠲᠠᠨᠢᠯᠴᠠᠭᠤᠯᠭ᠎ᠠ ᠬᠢᠪᠡ᠃

ᠵᠠᠩ ᠸᠸᠨ ᠲᠤᠤ᠂ ᠥᠪᠥᠷ ᠮᠣᠩᠭᠣᠯ ᠶᠡᠷᠦᠩᠬᠡᠶ ᠱᠦᠵᠢ ᠰᠢ ᠵᠢᠨ ᠫᠢᠩ᠎ᠤᠨ ᠣᠯᠭᠣᠭᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ ᠭᠠᠵᠠᠷ》᠂ 《ᠨᠢᠭᠡ ᠪᠡᠬᠢᠯᠡᠯᠲᠡ》 ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ ᠵᠢ ᠪᠠᠲᠤ ᠴᠡᠭᠡᠵᠢᠯᠡᠵᠦ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ 《ᠲᠠᠪᠤᠨ ᠶᠡᠬᠡ ᠡᠭᠦᠷᠭᠡ》 ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠲᠦᠭᠡᠨ ᠪᠠᠢ᠌ᠭᠤᠯᠬᠤ》 ᠬᠣᠶᠠᠷ ᠶᠡᠬᠡ ᠶᠠᠪᠤᠳᠠᠯ᠎ᠢ ᠰᠠᠢ᠌ᠲᠤᠷ ᠪᠡᠶᠡᠯᠡᠭᠦᠯᠵᠦ᠂ 《ᠰᠢᠨ᠎ᠡ ᠵᠠᠮ ᠵᠶ᠋ᠠᠷ ᠵᠠᠮᠨᠠᠵᠤ ᠳᠤᠮᠳᠠ ᠲᠥᠪᠰᠢᠨ᠎ᠳᠤ ᠣᠷᠣᠬᠤ》 ᠲᠡᠮᠡᠴᠡᠬᠦ ᠬᠠᠷᠠᠯᠲᠠ ᠵᠢ ᠲᠣᠭᠲᠠᠭ᠋ᠠᠵᠤ᠂ ᠭᠠᠳᠠᠭ᠋ᠠᠳᠤ ᠨᠡᠭᠡᠭᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠰᠢᠨ᠎ᠡ ᠵᠢ ᠡᠭᠦᠳᠬᠦ ᠬᠥᠳᠡᠯᠭᠡᠬᠦ ᠡᠨᠧᠷᠭᠢ ᠵᠢ ᠲᠠᠰᠤᠷᠠᠯᠲᠠ ᠦᠭᠡᠢ ᠬᠤᠷᠠᠮᠳᠤᠭᠤᠯᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠰᠠᠨᠠᠯ》᠎ᠢ ᠲᠣᠭᠲᠠᠭ᠋ᠠᠨ ᠨᠡᠢ᠌ᠲᠡᠯᠡᠵᠦ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》᠂《1 + 7 + N》ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠦᠯᠢᠶᠡᠰᠦᠯᠡᠵᠦ ᠪᠠᠢ᠌ᠭ᠎ᠠ ᠬᠦᠴᠢᠷᠳᠡᠯ ᠲᠦᠭᠵᠢᠷᠡᠯ᠎ᠤᠨ ᠠᠰᠠᠭᠤᠳᠠᠯ᠎ᠤᠨ ᠲᠣᠭᠣᠷᠢᠨ᠎ᠳᠤ ᠰᠢᠷᠢᠰ ᠠᠷᠭ᠎ᠠ ᠬᠡᠮᠵᠢᠶ᠎ᠡ ᠳᠤᠷᠠᠳᠴᠤ᠂ ᠲᠥᠷᠥ ᠵᠢᠨ ᠪᠣᠳᠣᠯᠭ᠎ᠠ ᠵᠢᠨ《ᠬᠠᠮ ᠠᠷᠭ᠎ᠠ》ᠭᠠᠷᠭ᠋ᠠᠪᠠ᠃ ᠡᠭᠦᠨ᠎ᠤ ᠬᠠᠮᠲᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠪᠠᠷ ᠭᠠᠷᠳᠠᠴᠠ ᠪᠣᠯᠭ᠋ᠠᠵᠤ᠂ ᠰᠢᠨ᠎ᠡ ᠠᠵᠤ ᠦᠢ᠍ᠯᠡᠰ᠎ᠤᠨ ᠰᠢᠨ᠎ᠡ ᠤᠷᠤᠯᠳᠤᠭ᠋ᠠᠨ᠎ᠤ ᠵᠠᠮ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠭᠠᠵᠠᠷ ᠣᠷᠣᠨ᠎ᠤ ᠪᠠᠢ᠌ᠳᠠᠯ᠎ᠳᠠᠭᠠᠨ ᠲᠤᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠢ ᠡᠭᠦᠳᠬᠦ ᠬᠠᠭᠤᠳᠠᠰᠤ ᠵᠢ ᠴᠢᠷᠮᠠᠢ᠌ᠨ ᠪᠢᠴᠢᠭᠯᠡᠨ᠎ᠡ ᠭᠡᠪᠡ᠃
ᠵᠠᠩ ᠸᠸᠨ ᠲᠤᠤ᠂ ᠪᠡᠭᠡᠵᠢᠩ ᠲᠢᠶᠠᠨᠵᠢᠨ ᠾᠧᠪᠧᠶ ᠥᠪᠥᠷ ᠮᠣᠩᠭᠣᠯ᠎ᠤᠨ ᠭᠠᠵᠠᠷ ᠨᠤᠲᠤᠭ ᠣᠢ᠌ᠷᠠᠯᠴᠠᠭ᠎ᠠ᠂ ᠰᠣᠶᠣᠯ᠎ᠤᠨ ᠬᠣᠯᠪᠣᠭ᠎ᠠ᠂ ᠠᠵᠤ ᠠᠬᠤᠶ ᠵᠢᠨ ᠠᠭᠤᠰᠤᠯᠴᠠᠯ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠂ ᠡᠯᠧᠮᠧᠨ᠋ᠲ᠎ᠤᠨ ᠨᠡᠪᠲᠡᠷᠡᠯᠴᠡᠭᠡ᠂ ᠠᠵᠤ ᠦᠢ᠍ᠯᠡᠰ ᠵᠶ᠋ᠡᠷ ᠬᠠᠷᠢᠯᠴᠠᠨ ᠨᠥᠬᠥᠪᠥᠷᠢᠯᠡᠬᠦ ᠵᠡᠷᠭᠡ ᠲᠠᠯ᠎ᠠ᠎ᠪᠠᠷ ᠥᠪᠡᠷᠮᠢᠴᠡ ᠳᠠᠪᠠᠭᠤᠯᠢᠭ᠎ᠲᠠᠢ᠂ ᠥᠪᠥᠷ ᠮᠣᠩᠭᠣᠯ ᠲᠣᠰ ᠪᠡᠶ᠎ᠡ ᠵᠢᠨ ᠡᠬᠢ ᠪᠠᠶᠠᠯᠢᠭ᠎ᠤᠨ ᠣᠭ ᠰᠤᠷᠪᠤᠯᠵᠢ ᠪᠠ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠵᠤ᠂ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭᠵᠢᠬᠦ ᠶᠡᠬᠡ ᠪᠠᠢ᠌ᠷᠢᠰᠢᠯ᠎ᠳᠤ ᠭᠦᠨᠵᠡᠭᠡᠢ ᠠᠭᠤᠰᠤᠯᠴᠠᠨ᠂ ᠪᠡᠭᠡᠵᠢᠩ ᠲᠢᠶᠠᠨᠵᠢᠨ ᠾᠸᠪᠸᠢ ᠣᠷᠣᠨ᠎ᠯᠤᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠵᠣᠬᠢᠶᠠᠮᠠᠯ ᠣᠶᠤᠨ ᠴᠢᠳᠠᠪᠤᠷᠢ ᠵᠢ ᠲᠥᠪᠯᠡᠷᠡᠭᠦᠯᠬᠦ᠂ ᠰᠢᠨ᠎ᠡ ᠡᠨᠧᠷᠭᠢ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ᠂ ᠰᠢᠨ᠎ᠡ ᠮᠠᠲ᠋ᠧᠷᠢᠶᠠᠯ᠂ ᠳᠣᠤᠷ᠎ᠠ ᠠᠭ᠋ᠠᠷ᠎ᠤᠨ ᠠᠵᠤ ᠠᠬᠤᠶ ᠵᠡᠷᠭᠡ ᠭᠣᠤᠯᠳᠠᠯᠭ᠎ᠠ᠎ᠲᠠᠢ ᠠᠵᠤ ᠦᠢᠯᠡᠰ ᠪᠠ ᠵᠠᠩᠭᠢᠯᠠᠭ᠎ᠠ ᠵᠢᠨ ᠬᠦᠷᠢᠶ᠎ᠡ᠎ᠳᠤ ᠲᠥᠪᠯᠡᠷᠡᠭᠦᠯᠵᠦ᠂ ᠪᠦᠬᠦ ᠣᠷᠣᠨ᠎ᠤ ᠣᠶᠤᠨ ᠤᠬᠠᠭ᠋ᠠᠨ᠎ᠢ ᠨᠢᠭᠲᠠᠷᠠᠭᠤᠯᠤᠨ᠂ ᠨᠠᠢ᠍ᠮᠠᠨ ᠵᠣᠪᠬᠢᠰ᠎ᠤᠨ ᠴᠢᠳᠠᠪᠤᠷᠢ ᠵᠢ ᠴᠤᠭᠯᠠᠭᠤᠯᠵᠤ᠂ ᠣᠷᠣᠨ ᠪᠦᠰᠡ ᠵᠢᠨ ᠬᠠᠮᠲᠤᠷᠠᠯᠴᠠᠭ᠋ᠠᠨ᠎ᠤ ᠬᠥᠭᠵᠢᠯᠲᠡ ᠵᠢᠨ ᠭᠦᠨᠴᠡ ᠪᠠ ᠥᠷᠭᠡᠴᠡ ᠵᠢ ᠦᠷᠭᠡᠳᠬᠡᠵᠦ᠂ ᠣᠷᠣᠨ ᠪᠦᠰᠡ ᠵᠢᠨ ᠬᠠᠮᠵᠢᠯᠴᠠᠨ ᠰᠢᠨ᠎ᠡ ᠵᠢ ᠡᠭᠦᠳᠬᠦ ᠥᠨᠳᠥᠷᠯᠢᠭ ᠭᠠᠵᠠᠷ᠎ᠢ ᠴᠤᠭᠴᠠᠯᠠᠵᠤ᠂ ᠪᠡᠭᠡᠵᠢᠩ ᠲᠢᠶᠠᠨᠵᠢᠨ ᠾᠧᠪᠧᠶ ᠵᠢᠨ 《ᠬᠡᠷᠡᠭᠴᠡᠭᠡ》 ᠪᠠ ᠥᠪᠥᠷ ᠮᠣᠩᠭᠣᠯ᠎ᠤᠨ《ᠬᠠᠩᠭ᠋ᠠᠯᠭ᠎ᠠ》 ᠵᠢᠨ ᠬᠣᠤᠰ ᠴᠢᠭᠯᠡᠯ ᠵᠶ᠋ᠡᠷ ᠤᠷᠤᠭᠰᠢᠯᠠᠬᠤ ᠵᠢ ᠪᠡᠶᠡᠯᠡᠭᠦᠯᠦᠨ᠎ᠡ ᠭᠡᠵᠦ ᠢᠯᠡᠷᠬᠡᠢ᠌ᠯᠡᠪᠡ᠃
ᠲᠤᠰ ᠤᠳᠠᠭ᠎ᠠ ᠵᠢᠨ ᠶᠠᠷᠢᠶᠠᠨ᠎ᠤ ᠲᠠᠪᠴᠠᠩ᠎ᠢ ᠪᠡᠭᠡᠵᠢᠩ᠂ ᠲᠢᠶᠠᠨᠵᠢᠨ᠂ ᠾᠸᠪᠸᠢ ᠭᠤᠷᠪᠠᠨ ᠭᠠᠵᠠᠷ ᠬᠠᠮᠲᠤᠷᠠᠨ ᠭᠣᠣᠯᠯᠠᠨ ᠡᠷᠬᠢᠯᠡᠵᠦ᠂ ᠤᠯᠤᠰ᠎ᠤᠨ ᠳᠣᠲᠣᠭ᠋ᠠᠳᠤ ᠵᠢᠨ ᠲᠤᠰᠬᠠᠢ ᠮᠡᠷᠭᠡᠵᠢᠯᠲᠡᠨ ᠡᠷᠳᠡᠮᠲᠡᠨ᠂ ᠰᠢᠨ᠎ᠡ ᠵᠢ ᠡᠭᠦᠳᠬᠦ ᠲᠠᠪᠴᠠᠩ᠎ᠤᠨ ᠬᠠᠷᠢᠭᠤᠴᠠᠯᠭ᠋ᠠᠲᠠᠨ᠂ ᠠᠵᠢᠯ ᠲᠦᠷᠦᠯ᠎ᠤᠨ ᠪᠠᠢ᠌ᠭᠤᠯᠤᠮᠵᠢ ᠵᠢᠨ ᠲᠥᠯᠥᠭᠡᠯᠡᠭᠴᠢ ᠨᠢᠭᠡ ᠲᠠᠩᠬᠢᠮ᠎ᠳᠤ ᠴᠤᠭᠯᠠᠷᠠᠵᠤ᠂ ᠭᠤᠷᠪᠠᠨ ᠭᠠᠵᠠᠷ᠎ᠤᠨ ᠬᠠᠮᠵᠢᠯᠴᠠᠨ ᠰᠢᠨ᠎ᠡ ᠵᠢ ᠡᠭᠦᠳᠦᠭᠰᠡᠨ ᠦᠷ᠎ᠡ ᠪᠦᠲᠦᠮᠵᠢ ᠵᠢ ᠳᠡᠯᠭᠡᠨ ᠦᠵᠡᠭᠦᠯᠬᠦ ᠪᠠ ᠪᠠᠷᠠᠯᠠᠨ ᠪᠠᠢ᠌ᠷᠢᠯᠠᠭᠤᠯᠬᠤ ᠵᠢᠨ ᠲᠣᠭᠣᠷᠢᠨ᠎ᠳᠤ᠂ ᠬᠠᠮᠵᠢᠯᠴᠠᠨ ᠨᠡᠢ᠌ᠲᠡᠯᠡᠬᠦ᠂ ᠬᠣᠯᠪᠣᠭ᠋ᠠᠯᠠᠨ ᠲᠠᠨᠢᠯᠴᠠᠭᠤᠯᠬᠤ᠂ ᠭᠣᠣᠯ ᠰᠡᠳᠦᠪ᠎ᠢ ᠬᠤᠪᠢᠶᠠᠯᠴᠠᠨ ᠡᠳ᠋ᠯᠡᠬᠦ᠂ ᠲᠦᠷᠦᠯ ᠵᠦᠢ᠍ᠯ᠎ᠤᠨ ᠲᠣᠭᠯᠠᠯᠲᠠ ᠭᠠᠷᠭ᠋ᠠᠬᠤ ᠵᠡᠷᠭᠡ ᠭᠣᠭᠴᠣᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠰᠢᠨ᠎ᠡ ᠵᠢ ᠡᠭᠦᠳᠬᠦ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠬᠠᠮᠲᠤ᠎ᠪᠠᠷ ᠪᠣᠢ᠌ᠵᠢᠭᠤᠯᠬᠤ ᠦᠢ᠍ᠯᠡᠳᠦᠯᠭᠡ ᠵᠢᠨ ᠠᠷᠭ᠎ᠠ ᠵᠠᠮ᠎ᠢ ᠬᠠᠮᠲᠤ᠎ᠪᠠᠷ ᠶᠠᠷᠢᠯᠴᠠᠵᠤ᠂ ᠣᠷᠣᠨ ᠪᠦᠰᠡ ᠵᠢᠨ ᠬᠠᠮᠵᠢᠯᠴᠠᠨ ᠴᠢᠨᠠᠷ ᠰᠠᠢ᠌ᠲᠠᠢ ᠬᠦᠴᠦᠨ ᠴᠢᠳᠠᠯ ᠣᠯᠭᠣᠪᠠ᠃