ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠡᠷ ᠡᠷᠡᠮᠡᠬᠡᠢ᠌ᠯᠡᠨ ᠤᠷᠤᠭᠰᠢᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠨ᠎ᠡ
ᠨᠡᠶ᠋ᠢᠲᠡᠯᠡᠭᠰᠡᠨ ᠴᠠᠭ᠄ 2025-03-07


   《ᠰᠢᠨᠬᠤᠸᠠ ᠡᠳᠦᠷ ᠪᠦᠷᠢ ᠵᠢᠨ ᠴᠠᠬᠢᠯᠭ᠋ᠠᠨ ᠮᠡᠳᠡᠭᠡ》 ᠰᠦᠨ ᠱᠣᠣ ᠴᠧᠩ᠎ᠤᠨ ᠨᠡᠷ᠎ᠡ ᠬᠠᠳᠠᠭᠰᠠᠨ ᠵᠣᠬᠢᠶᠠᠯ᠎ᠢ ᠨᠡᠢ᠌ᠲᠡᠯᠡᠪᠡ   ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠡᠷ ᠡᠷᠡᠮᠡᠬᠡᠢ᠌ᠯᠡᠨ ᠤᠷᠤᠭᠰᠢᠯᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠨ᠎ᠡ
    ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠢ ᠭᠦᠨ ᠬᠠᠯᠠᠮᠵᠢᠯᠠᠵᠤ᠂ ᠬᠦᠨᠳᠦ   ᠬᠦᠰᠡᠯ ᠨᠠᠢ᠌ᠳᠠᠯᠭ᠎ᠠ ᠲᠠᠯᠪᠢᠵᠤ᠂ ᠪᠡᠶ᠎ᠡ᠎ᠪᠠᠷ ᠵᠶ᠋ᠡᠨ ᠥᠪᠥᠷ ᠮᠣᠩᠭᠣᠯ᠎ᠤᠨ ᠤᠷᠤᠭᠰᠢᠯᠠᠯᠲᠠ ᠵᠢᠨ ᠴᠢᠭᠯᠡᠯ᠎ᠢ ᠲᠣᠳᠣᠷᠬᠠᠢ ᠵᠢᠭ᠋ᠠᠵᠤ᠂ ᠠᠵᠢᠯᠯᠠᠭ᠋ᠠᠨ᠎ᠤ ᠬᠥᠲᠥᠯᠪᠦᠷᠢ ᠵᠢ ᠲᠣᠭᠲᠠᠭ᠋ᠠᠵᠤ᠂ ᠬᠥᠭᠵᠢᠯᠲᠡ ᠵᠢᠨ ᠵᠢᠷᠤᠭ ᠲᠥᠯᠥᠪᠯᠡᠭᠡ ᠵᠢ ᠵᠢᠷᠤᠭᠯᠠᠵᠤ ᠥᠭᠪᠡ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ ᠠᠴᠢ ᠡᠨᠡᠷᠢᠯ᠎ᠳᠤ ᠲᠠᠯᠠᠷᠬᠠᠨ ᠡᠷᠡᠮᠡᠬᠡᠢ᠌ᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠨᠢᠭᠡ ᠭᠣᠣᠯ ᠰᠢᠵᠢᠮ᠎ᠢ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠪᠠᠷ ᠲᠡᠮᠡᠴᠡᠵᠦ᠂ 2024 ᠣᠨ᠎ᠳᠤ ᠡᠯ᠎ᠡ ᠵᠦᠢ᠍ᠯ᠎ᠤᠨ ᠠᠵᠢᠯ ᠦᠢ᠍ᠯᠡᠰ ᠰᠢᠨ᠎ᠡ ᠦᠷ᠎ᠡ ᠪᠦᠲᠦᠮᠵᠢ ᠣᠯᠪᠠ᠃
    ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠲᠤᠭᠤᠰᠢᠯᠠᠭᠤᠯᠬᠤ ᠲᠠᠯ᠎ᠠ᠎ᠪᠠᠷ ᠰᠢᠨ᠎ᠡ ᠪᠠᠢ᠌ᠳᠠᠯ᠎ᠢ ᠢᠯᠡᠷᠡᠭᠦᠯᠪᠡ᠃ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠠᠩᠬ᠎ᠠ ᠤᠳᠠᠭ᠎ᠠ ᠵᠢᠭ᠋ᠠᠪᠤᠷᠢᠯᠠᠭᠰᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ 《ᠮᠥᠨ ᠴᠦ᠍ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ》 ᠭᠡᠬᠦ ᠴᠢᠬᠤᠯᠠ ᠶᠡᠬᠡ ᠨᠤᠲᠠᠯᠠᠯᠲᠠ ᠵᠢ ᠲᠤᠭᠤᠰᠢᠯᠠᠭᠤᠯᠵᠤ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠪᠦᠭᠦ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠲᠣᠭᠲᠠᠭ᠋ᠠᠨ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠲᠤᠭᠤᠰᠢᠯᠠᠭᠤᠯᠬᠤ ᠲᠤᠰᠢᠶᠠᠯ ᠬᠠᠷᠢᠭᠤᠴᠠᠯᠭ᠎ᠠ ᠵᠢ ᠡᠯ᠎ᠡ ᠱᠠᠲᠤᠨ᠎ᠤ ᠨᠠᠮ ᠵᠠᠰᠠᠭ᠎ᠤᠨ ᠰᠠᠯᠠᠭ᠎ᠠ ᠮᠥᠴᠢᠷ᠂ ᠤᠯᠠᠨ ᠲᠦᠮᠡᠨ᠎ᠤ ᠪᠦᠯᠭᠦᠮ ᠵᠣᠬᠢᠶᠠᠨ ᠪᠠᠢ᠌ᠭᠤᠯᠤᠯᠲᠠ᠂ ᠠᠵᠢᠯ ᠦᠢ᠍ᠯᠡᠰ᠎ᠤᠨ ᠨᠢᠭᠡᠴᠢ ᠵᠢᠨ 《ᠭᠤᠷᠪᠠ ᠵᠢ ᠲᠣᠭᠲᠠᠭ᠋ᠠᠬᠤ》 ᠲᠣᠭᠲᠠᠭ᠋ᠠᠯ ᠪᠠ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠵᠢᠨ ᠠᠵᠢᠯ᠎ᠤᠨ ᠳᠦᠷᠢᠮ᠎ᠳᠤ ᠪᠢᠴᠢᠵᠦ ᠣᠷᠣᠭᠤᠯᠬᠤ ᠵᠢ ᠠᠬᠢᠭᠤᠯᠵᠤ᠂ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠠᠵᠢᠯ᠎ᠤᠨ ᠭᠣᠣᠯ ᠰᠢᠵᠢᠮ᠎ᠢ ᠲᠤᠭᠤᠰᠢᠯᠠᠭᠤᠯᠬᠤ ᠲᠤᠰᠬᠠᠢ ᠰᠡᠳᠦᠪᠲᠦ ᠬᠢᠴᠢᠶᠡᠯ᠎ᠤᠨ ᠬᠢᠴᠢᠶᠡᠯᠯᠡᠬᠦ ᠴᠠᠭ᠎ᠤᠨ ᠬᠤᠪᠢ ᠵᠢᠨ ᠵᠢᠩ᠎ᠢ 20% ᠪᠤᠯᠲᠠᠯ᠎ᠠ ᠳᠡᠭᠡᠭᠰᠢᠯᠡᠭᠦᠯᠪᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠢ᠌ᠭᠤᠯᠤᠯᠲᠠ ᠵᠢᠨ ᠰᠤᠳᠤᠯᠭ᠋ᠠᠨ᠎ᠤ ᠢᠨᠵᠧᠨᠧᠷᠢᠩ᠎ᠢ ᠢᠳᠡᠪᠬᠢᠲᠡᠢ ᠠᠬᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠭ᠋ᠠᠨ᠎ᠤ ᠲᠥᠪ᠎ᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠣᠨᠣᠯ᠎ᠤᠨ ᠰᠤᠳᠤᠯᠭ᠋ᠠᠨ᠎ᠤ ᠰᠠᠭᠤᠷᠢᠨ᠎ᠢ 19᠂ ᠰᠤᠷᠭ᠋ᠠᠨ ᠬᠥᠮᠦᠵᠢᠯ᠎ᠤᠨ ᠦᠢ᠍ᠯᠡᠳᠦᠯᠭᠡ ᠵᠢᠨ ᠰᠠᠭᠤᠷᠢᠨ᠎ᠢ 26 ᠪᠠᠢ᠌ᠭᠤᠯᠪᠠ᠃ ᠤᠯᠤᠰ᠎ᠤᠨ ᠨᠡᠢ᠌ᠳᠡᠮ ᠬᠡᠷᠡᠭᠯᠡᠬᠦ ᠦᠭᠡ ᠭᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠡᠷᠴᠢᠮ᠎ᠢ ᠴᠢᠩᠭ᠋ᠠᠷᠠᠭᠤᠯᠵᠤ᠂   ᠳᠦᠷᠢᠮᠵᠢᠭᠰᠡᠨ ᠪᠠᠷᠢᠮᠵᠢᠶ᠎ᠠ᠎ᠳᠤ ᠭᠦᠷᠦᠭᠰᠡᠨ ᠰᠤᠷᠭ᠋ᠠᠭᠤᠯᠢ ᠵᠢ ᠡᠭᠦᠳᠦᠨ ᠪᠠᠢ᠌ᠭᠤᠯᠤᠭᠰᠠᠨ ᠨᠤᠷᠮ᠎ᠠ᠂ ᠤᠤᠯ᠎ᠤᠨ ᠦᠨᠳᠦᠰᠦᠲᠡᠨ᠎ᠤ ᠭᠡᠯᠡ᠎ᠪᠠᠷ ᠬᠢᠴᠢᠶᠡᠯᠯᠡᠵᠦ ᠪᠠᠢ᠌ᠭᠰᠠᠨ ᠪᠠᠭᠰᠢ ᠵᠢᠨ ᠨᠡᠢ᠌ᠲᠡᠯᠢᠭ ᠬᠡᠯᠡᠨ᠎ᠤ ᠪᠠᠷᠢᠮᠵᠢᠶ᠎ᠠ᠎ᠳᠤ ᠭᠦᠷᠦᠭᠰᠡᠨ ᠨᠤᠷᠮ᠎ᠠ ᠵᠢ 95% ᠪᠠ 96% ᠪᠤᠯᠲᠠᠯ᠎ᠠ ᠳᠡᠭᠡᠭᠰᠢᠯᠡᠭᠦᠯᠵᠦ᠂ ᠳᠤᠮᠳᠠᠳᠤ ᠪᠠᠭ᠎ᠠ ᠰᠤᠷᠭ᠋ᠠᠭᠤᠯᠢ ᠵᠢᠨ ᠭᠤᠷᠪᠠᠨ ᠲᠦᠷᠦᠯ᠎ᠤᠨ ᠬᠢᠴᠢᠶᠡᠯ᠎ᠤᠨ ᠨᠢᠭᠡᠳᠦᠯᠲᠡᠢ ᠨᠠᠢ᠌ᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠪᠦᠭᠦᠨ᠎ᠢ ᠪᠦᠷᠬᠦᠭᠦᠯᠬᠦ ᠵᠢ ᠪᠡᠶᠡᠯᠡᠭᠦᠯᠪᠡ᠃ ᠴᠢᠷᠮᠠᠢ᠌ᠬᠤ᠎ᠪᠠᠷ ᠲᠠᠮᠵᠢᠨ ᠡᠯ᠎ᠡ ᠵᠦᠢ᠍ᠯ᠎ᠤᠨ ᠠᠵᠢᠯ᠎ᠤᠨ ᠭᠣᠣᠯ ᠰᠢᠵᠢᠮ᠎ᠢ ᠲᠤᠭᠤᠰᠢᠯᠠᠭᠤᠯᠬᠤ ᠲᠣᠭᠲᠠᠴᠠ ᠵᠢ ᠦᠨᠳᠦᠰᠦᠨ᠎ᠳᠡᠭᠡᠨ ᠪᠠᠢ᠌ᠭᠤᠯᠵᠤ᠂ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠠᠰᠤᠷᠠᠯᠲᠠ ᠦᠭᠡᠢ ᠪᠦᠷᠢᠨᠰᠢᠭᠦᠯᠵᠦ᠂ ᠦᠵᠡᠯ ᠰᠠᠨᠠᠭ᠎ᠠ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠡᠳᠦᠷ ᠢᠷᠡᠬᠦ ᠲᠤᠳᠤᠮ ᠤᠬᠠᠮᠰᠠᠷᠲᠤ ᠠᠵᠢᠯᠯᠠᠭ᠎ᠠ ᠪᠣᠯᠵᠤ ᠬᠤᠪᠢᠷᠠᠪᠠ᠃
   《ᠲᠠᠪᠤᠨ ᠶᠡᠬᠡ ᠡᠭᠦᠷᠭᠡ》 ᠵᠢ ᠠᠬᠢᠭᠤᠯᠬᠤ ᠲᠠᠯ᠎ᠠ᠎ᠪᠠᠷ ᠰᠢᠨ᠎ᠡ ᠦᠷ᠎ᠡ ᠪᠦᠲᠦᠭᠡᠯ ᠣᠯᠪᠠ᠃ ᠶᠡᠷᠦᠩᠬᠡᠢ ᠱᠦᠵᠢ ᠰᠢ ᠵᠢᠨ ᠫᠢᠩ᠎ᠤᠨ 《〈ᠬᠣᠶᠠᠷ ᠬᠠᠯᠬᠠᠪᠴᠢ〉᠂ 〈ᠬᠣᠶᠠᠷ ᠰᠠᠭᠤᠷᠢᠨ〉᠂ 〈ᠨᠢᠭᠡ ᠪᠡᠬᠢᠯᠡᠯᠲᠡ〉 ᠵᠢ ᠪᠦᠲᠦᠭᠡᠨ ᠪᠠᠢ᠌ᠭᠤᠯᠬᠤ ᠲᠠᠯ᠎ᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠵᠢ ᠢᠯᠡᠷᠡᠭᠦᠯᠬᠦ ᠬᠡᠷᠡᠭᠲᠡᠢ》 ᠭᠡᠬᠦ ᠬᠦᠰᠡᠯ ᠨᠠᠢ᠌ᠳᠠᠯᠭ᠎ᠠ ᠵᠢ ᠪᠠᠲᠤ ᠴᠡᠭᠡᠵᠢᠯᠡᠵᠦ᠂ 《ᠲᠠᠪᠤᠨ ᠶᠡᠬᠡ ᠡᠭᠦᠷᠭᠡ》 ᠵᠢ ᠦᠷᠭᠦᠯᠵᠢᠯᠡᠨ ᠭᠦᠨᠵᠡᠭᠡᠢ ᠨᠠᠢ᠌ᠳᠠᠪᠤᠷᠢᠵᠢᠭᠤᠯᠪᠠ᠃ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠭᠣᠣᠯ ᠲᠡᠢ᠌ᠨ᠎ᠤ ᠲᠠᠯᠠᠪᠤᠷ᠎ᠲᠤ ᠭᠣᠣᠯ ᠳᠠᠭ᠋ᠠᠷᠢᠯᠲᠠ ᠬᠢᠵᠦ᠂ ᠡᠳᠦᠷ ᠳᠤᠮᠳᠠᠴᠢ᠎ᠪᠠᠷ 6 ᠲᠦᠮᠡᠨ ᠮᠦ᠍ ᠵᠢᠨ ᠬᠤᠷᠳᠤᠴᠠ᠎ᠪᠠᠷ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠵᠢ ᠠᠬᠢᠭᠤᠯᠵᠤ᠂ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ ᠴᠢᠬᠤᠯᠠ ᠶᠡᠬᠡ ᠠᠮᠵᠢᠯᠲᠠ ᠣᠯᠵᠤ᠂ 1954 ᠲᠦᠮᠡᠨ ᠮᠦ᠍ ᠡᠯᠡᠰᠦ ᠵᠢ ᠵᠠᠰᠠᠵᠤ᠂ 659 ᠲᠦᠮᠡᠨ ᠮᠦ᠍ ᠣᠢ᠌ᠵᠢᠭᠤᠯᠵᠤ᠂ 1923 ᠲᠦᠮᠡᠨ ᠮᠦ᠍ ᠡᠪᠡᠰᠦ ᠳᠠᠷᠢᠵᠤ᠂ ᠮᠤᠤᠠᠤᠰᠤ ᠵᠢᠨ ᠡᠯᠡᠰᠦᠷᠬᠡᠭ ᠭᠠᠵᠠᠷ᠎ᠢ ᠵᠠᠰᠠᠭᠰᠠᠨ ᠠᠬᠢᠴᠠ 80%᠎ᠳᠤ ᠬᠦᠷᠴᠦ᠂ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠨᠠᠩ ᠪᠠᠲᠤ ᠪᠡᠬᠢ ᠪᠣᠯᠪᠠ᠃ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠤᠨ ᠬᠢᠯᠢ ᠬᠢᠵᠠᠭ᠋ᠠᠷ᠎ᠢ ᠪᠡᠬᠢᠵᠢᠭᠦᠯᠬᠦ᠂ ᠠᠶᠤᠯᠭᠦᠢ ᠦᠢ᠍ᠯᠡᠳᠪᠦᠷᠢᠯᠡᠯ᠎ᠤᠨ ᠠᠰᠠᠭᠤᠳᠠᠯ᠎ᠢ ᠦᠨᠳᠦᠰᠦᠨ᠎ᠠᠴᠠ᠎ᠨᠢ ᠵᠠᠰᠠᠬᠤ ᠪᠣᠭᠣᠮᠲᠠ ᠰᠢᠪᠲᠤᠯᠬᠤ᠂ ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠠᠶᠤᠯ ᠲᠦᠭᠰᠢᠭᠦᠷᠢ ᠵᠢ ᠠᠷᠢᠯᠭ᠋ᠠᠬᠤ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠭᠦ ᠵᠢᠯ᠎ᠤᠨ ᠦᠢ᠍ᠯᠡᠳᠪᠦᠷᠢᠯᠡᠯ᠎ᠤᠨ ᠠᠶᠤᠯᠭᠦᠢ ᠵᠢᠨ ᠠᠳᠠᠯ ᠡᠭᠦᠰᠦᠭᠰᠡᠨ ᠲᠣᠭ᠎ᠠ᠂ ᠡᠨᠳᠡᠭᠰᠡᠨ ᠬᠥᠮᠥᠨ᠎ᠤ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠤᠰ 18.3% ᠪᠠ 25.4%᠎ᠪᠠᠷ ᠪᠠᠭᠤᠷᠠᠵᠤ᠂ ᠭᠠᠴᠠᠭ᠎ᠠ ᠲᠣᠰᠬᠣᠨ᠎ᠠᠴᠠ ᠥᠪᠡᠷᠲᠡᠭᠡᠨ ᠵᠠᠰᠠᠬᠤ ᠣᠷᠣᠨ ᠬᠦᠷᠲᠡᠯᠡᠬᠢ ᠲᠠᠪᠤᠨ ᠱᠠᠲᠤᠨ᠎ᠤ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠢ᠍ᠴᠡᠳᠬᠡᠬᠦ ᠠᠷᠭ᠎ᠠ ᠵᠠᠮ᠎ᠢ ᠪᠦᠲᠦᠮᠵᠢᠲᠡᠢ ᠨᠡᠪᠲᠡᠷᠡᠭᠦᠯᠦᠨ᠂ ᠠᠶᠤᠯ ᠲᠦᠭᠰᠢᠭᠦᠷᠢ ᠶᠡᠬᠡᠲᠡᠢ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢ 80%᠎ᠪᠠᠷ ᠪᠠᠭᠤᠷᠠᠭᠤᠯᠵᠤ᠂ ᠨᠡᠢ᠌ᠭᠡᠮ᠎ᠤᠨ ᠶᠡᠬᠡ ᠲᠠᠯ᠎ᠠ ᠵᠢ ᠲᠣᠭᠲᠠᠭᠤᠨ ᠪᠠᠢ᠌ᠯᠭ᠋ᠠᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠣᠭᠲᠠᠭᠤᠨ᠎ᠤ ᠬᠠᠯᠬᠠᠪᠴᠢ ᠵᠢ ᠨᠠᠩ ᠪᠡᠬᠢᠵᠢᠭᠦᠯᠪᠡ᠃ ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠠᠵᠢᠯ᠎ᠢ ᠰᠠᠢ᠌ᠲᠤᠷ ᠬᠢᠵᠦ᠂ 12.9 ᠳ᠋ᠦᠩᠰᠢᠭᠤᠷ ᠲᠣᠨ ᠨᠡᠭᠦᠷᠡᠰᠦ ᠦᠢ᠍ᠯᠡᠳᠪᠦᠷᠢᠯᠡᠵᠦ᠂ 8.3 ᠳ᠋ᠦᠩᠰᠢᠭᠤᠷ ᠲᠣᠨ᠎ᠤ ᠬᠠᠩᠭ᠋ᠠᠯᠭ᠎ᠠ ᠵᠢ ᠪᠠᠲᠤᠯᠠᠵᠤ᠂ 8277 ᠳ᠋ᠦᠩᠰᠢᠭᠤᠷ ᠭ᠋ᠷᠡᠳᠦ᠋ᠰ ᠴᠠᠭᠢᠯᠭ᠋ᠠᠨ ᠭᠠᠷᠭ᠋ᠠᠵᠤ᠂ 3377 ᠳ᠋ᠦᠩᠰᠢᠭᠤᠷ ᠭ᠋ᠷᠡᠳᠦ᠋ᠰ ᠴᠠᠭᠢᠯᠭ᠋ᠠᠨ᠎ᠢ ᠭᠠᠳᠠᠭᠰᠢ ᠬᠦᠷᠭᠡᠵᠦ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ 1.35 ᠳ᠋ᠦᠩᠰᠢᠭᠤᠷ ᠺᠢᠯᠣᠸᠠᠲ᠎ᠲᠤ ᠬᠦᠷᠴᠦ᠂ ᠡᠨᠧᠷᠭᠢ ᠬᠠᠳᠠᠭ᠋ᠠᠯᠠᠬᠤ ᠮᠠᠰᠢᠨ ᠴᠣᠭᠴᠠᠯᠠᠪᠤᠷᠢ 1000 ᠲᠦᠮᠡᠨ ᠺᠢᠯᠣᠸᠠᠲ᠎ᠢ ᠳᠠᠪᠠᠵᠤ᠂ ᠪᠣᠬᠢᠷᠳᠤᠯ ᠦᠭᠡᠢ ᠤᠰᠤᠲᠥ᠋ᠷᠥᠭᠴᠢ ᠦᠢ᠍ᠯᠡᠳᠪᠦᠷᠢᠯᠡᠬᠦ ᠴᠢᠳᠠᠪᠤᠷᠢ 6 ᠲᠦᠮᠡᠨ ᠲᠣᠨ᠎ᠳᠤ ᠬᠦᠷᠴᠦ᠂ ᠪᠣᠬᠢᠷᠳᠤᠯ ᠦᠭᠡᠢ ᠪᠣᠳᠣᠯᠲᠠ ᠵᠢᠨ ᠬᠦᠴᠦᠨ᠎ᠤ ᠬᠡᠪᠴᠢᠶ᠎ᠡ 9.4 ᠲᠦᠮᠡᠨ P᠎ᠲᠤ ᠬᠦᠷᠴᠦ᠂ ᠬᠣᠪᠣᠷ ᠰᠢᠷᠣᠢ ᠵᠢᠨ ᠠᠵᠤ ᠦᠢ᠍ᠯᠡᠰ᠎ᠤᠨ ᠦᠢ᠍ᠯᠡᠳᠪᠦᠷᠢᠯᠡᠯ᠎ᠤᠨ ᠦᠷᠲᠡᠭ 1000 ᠳ᠋ᠦᠩᠰᠢᠭᠤᠷ ᠲᠥᠭᠥᠷᠢᠭ᠎ᠢ ᠳᠠᠪᠠᠵᠤ᠂ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ ᠦᠢ᠍ᠯᠡᠳᠦᠯ ᠤᠯᠠᠮ ᠲᠣᠪᠣᠢ᠌ᠮ᠎ᠠ ᠪᠣᠯᠪᠠ᠃ ᠭᠠᠵᠠᠷ ᠰᠢᠷᠣᠢ᠂ ᠤᠰᠤ᠂ ᠦᠷ᠎ᠡ ᠵᠡᠷᠭᠡ ᠵᠢᠨ ᠪᠣᠭᠣᠮᠢ ᠠᠰᠠᠭᠤᠳᠠᠯ ᠪᠠ ᠬᠦᠯᠢᠶᠡᠰᠦᠯᠡᠯ᠎ᠢ ᠱᠠᠯᠠᠪᠳᠠᠨ ᠰᠢᠢ᠍ᠳᠪᠦᠷᠢᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 940 ᠲᠦᠮᠡᠨ ᠮᠦ᠍᠂ ᠲᠥᠬᠥᠭᠡᠷᠦᠮᠵᠢᠲᠦ ᠲᠠᠷᠢᠶᠠᠯᠠᠩ᠎ᠢ 26 ᠲᠦᠮᠡᠨ ᠮᠦ᠍᠂ ᠬᠠᠰᠢᠶᠠᠯᠠᠨ ᠲᠡᠵᠢᠭᠡᠬᠦ ᠰᠠᠷᠠᠪᠴᠢ ᠬᠣᠷᠣᠭ᠎ᠠ ᠵᠢ 300 ᠲᠦᠮᠡᠨ ᠲᠡᠭᠰᠢ ᠳᠥᠷᠪᠡᠯᠵᠢᠨ ᠮᠧᠲᠷ ᠪᠦᠲᠦᠭᠡᠨ ᠪᠠᠢ᠌ᠭᠤᠯᠵᠤ᠂ 78 ᠲᠦᠮᠡᠨ ᠮᠠᠯᠴᠢᠨ ᠲᠠᠷᠢᠶᠠᠴᠢᠨ ᠬᠦᠷᠢᠶ᠎ᠡ ᠬᠠᠰᠢᠶᠠᠨ᠎ᠤ ᠠᠵᠤ ᠠᠬᠤᠢ ᠵᠢ ᠬᠥᠭᠵᠢᠭᠦᠯᠵᠦ᠂ ᠠᠮᠤ ᠪᠤᠳᠠᠭ᠋ᠠᠨ᠎ᠤ ᠤᠨᠠᠯᠲᠠ 820.1 ᠳ᠋ᠦᠩᠰᠢᠭᠤᠷ ᠵᠢᠩ᠎ᠳᠤ ᠬᠦᠷᠴᠦ᠂ 《ᠬᠣᠷᠢᠨ ᠨᠢᠭᠡᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ》 ᠵᠢ ᠪᠡᠶᠡᠯᠡᠭᠦᠯᠵᠦ᠂ ᠦᠬᠡᠷ ᠬᠣᠨᠢᠨ ᠮᠢᠬ᠎ᠠ᠂ ᠦᠨᠢᠶᠡᠨ ᠰᠦ ᠵᠢᠨ ᠭᠠᠷᠤᠯᠲᠠ ᠴᠥᠮ ᠪᠦᠭᠦ ᠤᠯᠤᠰ᠎ᠲᠤ ᠲᠦᠷᠦᠭᠦᠯᠡᠵᠦ᠂ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠤ ᠶᠡᠷᠦᠩᠬᠡᠢ᠌ᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ ᠨᠠᠩ ᠥᠨᠳᠥᠷ ᠲᠦᠪᠰᠢᠨ ᠪᠦᠬᠦᠢ ᠳᠣᠲᠣᠭ᠋ᠠᠳᠤ ᠭᠠᠳᠠᠭ᠋ᠠᠳᠤ ᠨᠡᠭᠡᠭᠡᠯᠲᠡ ᠵᠢ ᠠᠬᠢᠭᠤᠯᠵᠤ᠂ ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ᠎ᠤ ᠪᠠᠢ᠌ᠭᠤᠯᠤᠯᠲᠠ ᠵᠥᠪᠰᠢᠶᠡᠷᠡᠭᠳᠡᠵᠦ᠂ ᠪᠦᠭᠦ ᠣᠷᠣᠨ᠎ᠤ ᠬᠠᠭᠤᠷᠠᠢ ᠵᠠᠮ᠎ᠤᠨ ᠬᠢᠯᠢ ᠵᠢᠨ ᠪᠣᠭᠣᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 1.2 ᠳ᠋ᠦᠩᠰᠢᠭᠤᠷ ᠲᠣᠨ᠎ᠢ ᠳᠠᠪᠠᠵᠤ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠢ ᠬᠡᠮᠵᠢᠶ᠎ᠡ 2000 ᠳ᠋ᠦᠩᠰᠢᠭᠤᠷ ᠲᠥᠭᠥᠷᠢᠭ᠎ᠢ ᠳᠠᠪᠠᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠣᠢ᠌ᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠵᠡᠷᠭᠡ ᠭᠠᠵᠠᠷ ᠣᠷᠣᠨ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠢ᠌ᠷᠡᠵᠦ᠂ ᠪᠡᠭᠡᠵᠢᠩ ᠥᠪᠥᠷ ᠮᠣᠩᠭᠣᠯ᠎ᠤᠨ ᠪᠦᠭᠦ ᠲᠠᠯ᠎ᠠ ᠵᠢᠨ ᠬᠠᠮᠲᠤᠷᠠᠯᠴᠠᠭ᠎ᠠ ᠭᠦᠨᠵᠡᠭᠡᠢ᠌ᠷᠡᠨ ᠠᠬᠢᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠦᠲᠦᠭᠡᠨ ᠪᠠᠢ᠌ᠭᠤᠯᠤᠯᠲᠠ ᠵᠢᠨ ᠬᠤᠷᠳᠤᠴᠠ ᠲᠦᠷᠭᠡᠨ ᠪᠣᠯᠵᠤ ᠶᠠᠰᠤ ᠴᠢᠨᠠᠷ ᠳᠡᠭᠡᠭᠰᠢᠯᠡᠨ ᠲᠠᠰ ᠳᠡᠪᠰᠢᠪᠡ᠃
    ᠪᠢᠳᠡ 《ᠵᠢᠷᠭᠤᠭ᠋ᠠᠨ ᠢᠨᠵᠧᠨᠧᠷᠢᠩ》 (ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠂ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ᠂ ᠳᠤᠯᠠᠭ᠋ᠠᠯᠠᠭ᠎ᠠ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》᠂ ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢ᠌ᠭᠤᠯᠬᠤ)᠎ᠢ ᠬᠡᠷᠡᠭᠵᠢᠭᠦᠯᠬᠦ ᠵᠢ 《ᠲᠠᠪᠤᠨ ᠶᠡᠬᠡ ᠡᠭᠦᠷᠭᠡ》 ᠵᠢ ᠨᠠᠢ᠌ᠳᠠᠪᠤᠷᠢᠵᠢᠭᠤᠯᠬᠤ ᠴᠢᠬᠤᠯᠠ ᠭᠠᠷᠳᠠᠴᠠ ᠪᠣᠯᠭ᠋ᠠᠨ ᠲᠥᠪᠯᠡᠷᠡᠭᠦᠯᠦᠨ ᠠᠬᠢᠭᠤᠯᠪᠠ᠃ ᠤᠯᠤᠰ᠎ᠤᠨ ᠳᠠᠪᠬᠤᠷᠭ᠎ᠠ ᠵᠢᠨ ᠬᠦᠴᠦᠲᠡᠢ ᠳᠡᠮᠵᠢᠯᠭᠡ ᠵᠢ ᠢᠳᠡᠪᠬᠢᠲᠡᠢ ᠲᠡᠮᠡᠴᠡᠨ ᠣᠯᠵᠤ᠂   ᠤᠯᠤᠰ᠎ᠤᠨ 44 ᠶᠠᠮᠤᠨ ᠵᠥᠪᠯᠡᠯ ᠪᠣᠯᠣᠨ ᠲᠥᠪ᠎ᠤᠨ ᠠᠵᠤ ᠠᠬᠤᠢ᠌ᠯᠠᠯ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠰᠠᠨᠠᠯ》᠎ᠢ ᠨᠠᠢ᠌ᠳᠠᠪᠤᠷᠢᠵᠢᠭᠤᠯᠬᠤ ᠢᠵᠢ ᠪᠦᠷᠢᠳᠦᠭᠦᠯᠦᠭᠰᠡᠨ 49 ᠪᠢᠴᠢᠭ ᠮᠠᠲ᠋ᠧᠷᠢᠶᠠᠯ᠎ᠢ ᠨᠡᠢ᠌ᠲᠡᠯᠡᠪᠡ᠃ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠤᠨ ᠮᠠᠰᠢᠨ ᠴᠣᠭᠴᠠᠯᠠᠪᠤᠷᠢ ᠵᠢ 2727 ᠲᠦᠮᠡᠨ ᠺᠢᠯᠣᠸᠠᠲ ᠪᠠᠢ᠌ᠭᠤᠯᠵᠤ᠂ 238 ᠲᠦᠮᠡᠨ ᠮᠦ᠍ ᠡᠯᠡᠰᠦ ᠵᠢ ᠢᠵᠢ ᠪᠦᠷᠢᠳᠦᠭᠦᠯᠦᠨ ᠵᠠᠰᠠᠵᠤ᠂ ᠬᠥᠪᠴᠢ ᠵᠢᠨ ᠡᠯᠡᠰᠦᠨ᠎ᠳᠤ 《ᠭᠡᠷᠡᠯᠴᠢ ᠴᠡᠨᠡᠭ᠎ᠤᠨ ᠣᠷᠳᠣ ᠴᠠᠭ᠋ᠠᠨ ᠬᠡᠷᠡᠮ》᠎ᠢ ᠪᠠᠢ᠌ᠭᠤᠯᠪᠠ᠃ 200 ᠳ᠋ᠦᠩᠰᠢᠭᠤᠷ ᠲᠥᠭᠥᠷᠢᠭ ᠣᠷᠴᠢᠮ᠎ᠤᠨ ᠪᠡᠯᠡ ᠣᠷᠣᠭᠤᠯᠤᠭᠰᠠᠨ ᠳᠤᠯᠠᠭ᠋ᠠᠯᠠᠭ᠎ᠠ ᠵᠢᠨ ᠢᠨᠵᠧᠨᠧᠷᠢᠩ᠎ᠤᠨ 528 ᠲᠦᠷᠦᠯ ᠵᠦᠢ᠍ᠯ᠎ᠢ ᠪᠦᠭᠦᠨ᠎ᠢ ᠪᠠᠢ᠌ᠭᠤᠯᠤᠨ ᠳᠠᠭᠤᠰᠬᠠᠵᠤ᠂ ᠤᠯᠠᠨ ᠲᠦᠮᠡᠨ᠎ᠳᠤ ᠠᠮᠠᠯᠳᠠᠭᠰᠠᠨ ᠠᠮᠠᠯᠠᠯᠲᠠ᠎ᠪᠠᠨ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠪᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠠᠵᠢᠯ᠎ᠢ ᠡᠬᠢᠯᠡᠭᠦᠯᠵᠦ᠂ ᠰᠤᠳᠤᠯᠤᠨ ᠨᠡᠭᠡᠭᠡᠬᠦ ᠵᠠᠷᠤᠳᠠᠯ᠎ᠤᠨ ᠣᠷᠣᠭᠤᠯᠤᠯᠲᠠ ᠪᠦᠭᠦ ᠤᠯᠤᠰ᠎ᠤᠨ ᠳᠤᠮᠳᠠ ᠲᠦᠪᠰᠢᠨ᠎ᠳᠤ ᠣᠢ᠌ᠷᠠᠲᠤᠵᠤ᠂ ᠨᠢᠭᠡ ᠪᠦᠯᠦᠭ ᠠᠵᠢᠯ ᠲᠦᠷᠦᠯ᠎ᠤᠨ ᠬᠣᠭᠣᠰᠤᠨ᠎ᠢ ᠨᠥᠬᠥᠪᠦᠷᠢᠯᠡᠬᠦ ᠰᠢᠨ᠎ᠡ ᠦᠢ᠍ᠯᠡᠳᠪᠦᠷᠢᠯᠡᠯ᠎ᠤᠨ ᠱᠤᠭᠤᠮ ᠰᠢᠨ᠎ᠡ ᠦᠢ᠍ᠯᠡᠳᠬᠦᠨ᠎ᠢ ᠰᠤᠳᠤᠯᠤᠨ ᠦᠢ᠍ᠯᠡᠳᠴᠦ᠂ ᠮᠡᠷᠭᠡᠵᠢᠯ᠎ᠤᠨ ᠭᠡᠷ᠎ᠡ ᠵᠢᠨ ᠠᠷᠠᠯᠵᠢᠶᠠᠨ᠎ᠤ ᠬᠡᠮᠵᠢᠶ᠎ᠡ 33.6%᠎ᠪᠠᠷ ᠨᠡᠮᠡᠭᠳᠡᠪᠡ᠃ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠭᠦᠨᠵᠡᠭᠡᠢ᠌ᠷᠡᠨ ᠠᠬᠢᠪᠠ᠃ ᠳᠤᠮᠳᠠᠳᠤ ᠤᠯᠤᠰ (ᠥᠪᠥᠷ ᠮᠣᠩᠭᠣᠯ)᠎ᠤᠨ ᠴᠢᠯᠦᠭᠡᠲᠦ ᠠᠷᠠᠯᠵᠢᠶᠠᠨ᠎ᠤ ᠣᠷᠣᠨ᠎ᠢ ᠲᠦᠷᠭᠡᠳᠬᠡᠨ ᠡᠭᠦᠳᠦᠨ ᠪᠠᠢ᠌ᠭᠤᠯᠪᠠ᠃
    ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠢ᠌ᠭᠤᠯᠬᠤ ᠲᠠᠯ᠎ᠠ᠎ᠪᠠᠷ ᠰᠢᠨ᠎ᠡ ᠠᠬᠢᠯᠲᠠ ᠵᠢ ᠪᠡᠶᠡᠯᠡᠭᠦᠯᠪᠡ᠃ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨᠴᠢ ᠬᠥᠮᠦᠵᠢᠯ᠎ᠢ ᠪᠠᠢ᠌ᠩᠭᠤᠵᠢᠭᠤᠯᠤᠨ ᠥᠷᠨᠢᠭᠦᠯᠵᠦ᠂ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠢ ᠬᠠᠯᠠᠮᠵᠢᠯᠠᠨ ᠬᠥᠲᠥᠯᠥᠨ ᠵᠢᠯᠣᠭᠣᠳᠤᠭᠰᠠᠨ 《ᠵᠢᠷᠭᠤᠭ᠋ᠠᠨ ᠥᠭᠦᠯᠡᠪᠦᠷᠢ ᠦᠭᠡ ᠵᠢᠨ ᠪᠣᠳᠠᠲᠤ ᠶᠠᠪᠤᠳᠠᠯ ᠪᠠ ᠶᠣᠰᠣ ᠤᠴᠢᠷ》᠎ᠢ ᠲᠣᠳᠣᠷᠬᠠᠢ᠌ᠯᠠᠵᠤ ᠬᠥᠮᠥᠰ᠎ᠤᠨ ᠰᠡᠳᠬᠢᠯ᠎ᠳᠤ ᠭᠦᠨ ᠬᠠᠳᠠᠩᠰᠢᠭᠤᠯᠪᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠢ ᠭᠦᠨᠵᠡᠭᠡᠢ᠌ᠷᠡᠭᠦᠯᠵᠦ᠂ 14 ᠬᠠᠮᠲᠤ ᠪᠠ 17 ᠬᠤᠪᠢ ᠬᠥᠮᠥᠨ ᠪᠦᠭᠦ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶᠡᠴᠢ᠎ᠪᠠᠷ ᠦᠨᠡᠯᠡᠭᠳᠡᠪᠡ᠃ ᠤᠮᠠᠷᠠᠲᠤ ᠬᠢᠯᠢ ᠵᠢᠨ ᠰᠣᠶᠣᠯ᠎ᠤᠨ ᠰᠤᠳᠤᠯᠭ᠋ᠠᠨ ᠵᠣᠬᠢᠶᠠᠨ ᠪᠦᠲᠦᠭᠡᠯᠭᠡ ᠳᠠᠮᠵᠢᠭᠤᠯᠭ᠎ᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠤᠮᠠᠷᠠᠲᠤ ᠬᠢᠯᠢ ᠵᠢᠨ ᠰᠣᠶᠣᠯ᠎ᠤᠨ ᠬᠥᠮᠥᠷᠭᠡ ᠵᠢ ᠵᠣᠬᠢᠶᠠᠨ ᠪᠠᠢ᠌ᠭᠤᠯᠤᠨ ᠨᠠᠢ᠌ᠷᠠᠭᠤᠯᠵᠤ᠂ ᠤᠯᠠᠨ ᠤᠳᠬ᠎ᠠ ᠤᠷᠠᠯᠢᠭ᠎ᠤᠨ ᠪᠦᠲᠦᠭᠡᠯ ᠤᠯᠤᠰ᠎ᠤᠨ ᠲᠡᠰ᠎ᠤᠨ ᠱᠠᠩᠨᠠᠯ᠎ᠢ ᠬᠦᠷᠲᠡᠵᠦ᠂ 《ᠳᠡᠯᠭᠡᠷ ᠨᠠᠭ᠋ᠠᠳᠤᠮ》᠂ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠤᠯᠠᠨ᠎ᠤ ᠬᠠᠷᠠᠭ᠋ᠠᠨ᠎ᠠ ᠥᠨᠳᠥᠷ ᠳᠠᠪᠲᠠᠮᠵᠢ᠎ᠪᠠᠷ ᠢᠯᠡᠷᠡᠵᠦ᠂ 《ᠤᠮᠠᠷᠠᠲᠤ ᠬᠢᠯᠢ ᠵᠢᠨ ᠰᠣᠶᠣᠯ᠎ᠤᠨ ᠡᠬᠡ ᠤᠯᠤᠰ᠎ᠲᠠᠬᠢ ᠠᠶᠠᠯᠠᠯ》 ᠪᠦᠭᠦ ᠤᠯᠤᠰ᠎ᠲᠤ ᠬᠠᠩᠭᠢᠨᠠᠨ ᠴᠤᠤᠷᠢᠶᠠᠲᠤᠪᠠ᠃ ᠠᠷᠠᠳ᠎ᠤᠨ ᠠᠮᠢᠳᠤᠷᠠᠯ᠎ᠢ ᠬᠦᠴᠦ ᠲᠠᠯᠪᠢᠨ ᠪᠠᠲᠤᠯᠠᠨ ᠰᠠᠢ᠌ᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠦᠨᠳᠦᠰᠦᠨ   ᠪᠠᠲᠤᠯᠠᠭ᠎ᠠ ᠵᠢᠨ ᠪᠠᠷᠢᠮᠵᠢᠶ᠎ᠠ ᠵᠢ ᠪᠦᠭᠦ ᠤᠯᠤᠰ᠎ᠤᠨ ᠳᠤᠮᠳᠠᠴᠢ ᠲᠦᠪᠰᠢᠨ᠎ᠳᠤ ᠬᠦᠷᠭᠡᠭᠰᠡᠨ ᠪᠤᠶᠤ ᠲᠡᠭᠦᠨ᠎ᠠᠴᠠ ᠳᠠᠪᠠᠭᠤᠯᠵᠤ᠂ ᠬᠤᠳᠠ ᠪᠠᠯᠭ᠋ᠠᠰᠤᠨ᠎ᠤ 20.1 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠣᠵᠤ᠂ ᠰᠠᠭᠤᠷᠢ ᠰᠤᠷᠭ᠋ᠠᠨ ᠬᠥᠮᠦᠵᠢᠯ᠎ᠤᠨ ᠰᠤᠷᠤᠬ᠍ᠴᠢ ᠵᠢᠨ ᠣᠷᠣ ᠵᠢ 3.8 ᠲᠦᠮᠡ ᠰᠢᠨ᠎ᠡ᠎ᠪᠠᠷ ᠨᠡᠮᠡᠭᠳᠡᠭᠦᠯᠵᠦ᠂ ᠰᠢᠶᠠᠨ᠎ᠤ ᠬᠡᠪᠴᠢᠶᠡᠨ᠎ᠤ ᠨᠢᠭᠲᠠ ᠭᠡᠯᠪᠡᠷᠢ ᠵᠢᠨ ᠡᠮᠴᠢᠯᠡᠭᠡᠨ᠎ᠤ ᠬᠠᠮᠲᠤ ᠵᠢᠨ ᠴᠣᠭᠴᠠ ᠵᠢ 61 ᠪᠠᠢ᠌ᠭᠤᠯᠵᠤ᠂ ᠰᠢᠶᠠᠩ ᠪᠠᠯᠭ᠋ᠠᠰᠤᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠥᠪ ᠪᠠ ᠲᠣᠰᠬᠣᠨ᠎ᠤ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠥᠷᠲᠡᠭᠡ ᠵᠢ ᠪᠦᠷᠬᠦᠭᠦᠯᠬᠦ ᠨᠤᠷᠮ᠎ᠠ ᠵᠢ ᠲᠤᠰ ᠲᠤᠰ 73.3% ᠪᠠ 55.8%᠎ᠳᠤ ᠬᠦᠷᠭᠡᠪᠡ᠃
    ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ ᠲᠠᠯ᠎ᠠ᠎ᠪᠠᠷ ᠰᠢᠨ᠎ᠡ ᠳᠠᠪᠠᠯᠲᠠ ᠵᠢ ᠪᠡᠶᠡᠯᠡᠭᠦᠯᠪᠡ᠃ ᠶᠡᠷᠦᠩᠬᠡᠢ ᠱᠦᠵᠢ ᠰᠢ ᠵᠢᠨ ᠫᠢᠩ᠎ᠤᠨ 《ᠡᠬᠢ ᠪᠠᠶᠠᠯᠢᠭ᠎ᠤᠨ ᠭᠡᠯᠪᠡᠷᠢ ᠵᠢᠨ ᠭᠠᠵᠠᠷ ᠣᠷᠣᠨ᠎ᠤ ᠭᠡᠯᠪᠡᠷᠢ᠎ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠬᠦ ᠬᠡᠷᠡᠭᠲᠡᠢ》 ᠭᠡᠬᠦ ᠴᠢᠬᠤᠯᠠ ᠵᠢᠭ᠋ᠠᠪᠤᠷᠢ ᠶᠣᠰᠣᠭ᠋ᠠᠷ ᠤᠯᠠᠮᠵᠢᠯᠠᠯᠲᠤ ᠠᠵᠤ ᠦᠢ᠍ᠯᠡᠰ᠎ᠢ ᠲᠦᠷᠭᠡᠳᠬᠡᠨ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠬᠦᠴᠦᠯᠡᠨ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠴᠢᠷᠮᠠᠢ᠌ᠨ ᠪᠤᠶ ᠪᠤᠯᠭ᠋ᠠᠵᠤ᠂ ᠨᠡᠭᠦᠷᠡᠰᠦ᠂ ᠰᠢᠨ᠎ᠡ ᠡᠨᠧᠷᠭᠢ ᠵᠡᠷᠭᠡ ᠠᠵᠤ ᠦᠢ᠍ᠯᠡᠰ᠎ᠤᠨ ᠬᠥᠭᠵᠢᠯᠲᠡ ᠵᠢ ᠪᠦᠭᠦ ᠬᠡᠯᠬᠢᠶ᠎ᠡ᠎ᠪᠠᠷ ᠠᠬᠢᠭᠤᠯᠵᠤ᠂ ᠨᠡᠭᠦᠷᠡᠰᠦᠨ᠎ᠤ ᠪᠤᠰᠤ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 8.2% ᠵᠶ᠋ᠠᠷ ᠨᠡᠮᠡᠭᠳᠡᠵᠦ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ 11.3%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ 29.4%᠎ᠪᠠᠷ ᠨᠡᠮᠡᠭᠳᠡᠪᠡ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠪᠣᠳᠠᠲᠠᠢ᠎ᠲᠠᠢ᠎ᠪᠠᠨ ᠤᠶᠠᠯᠳᠤᠭᠤᠯᠤᠨ 276 ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠤᠳᠤᠷᠢᠳᠤᠯᠭ᠎ᠠ ᠨᠠᠷ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠥᠭᠡᠷᠡᠴᠢᠯᠡᠯᠲᠡ ᠵᠢᠨ ᠡᠭᠦᠷᠭᠡ ᠵᠢ ᠠᠵᠢᠯ ᠲᠥᠷᠥᠯ ᠬᠤᠪᠢᠶᠠᠨ ᠠᠬᠢᠭᠤᠯᠬᠤ ᠲᠣᠭᠲᠠᠴᠠ ᠵᠢ ᠪᠠᠢ᠌ᠭᠤᠯᠵᠤ᠂ ᠥᠭᠡᠷᠡᠴᠢᠯᠡᠯᠲᠡ ᠵᠢᠨ ᠡᠭᠦᠷᠭᠡ ᠵᠢ ᠥᠨᠳᠥᠷ ᠦᠷ᠎ᠡ ᠪᠦᠲᠦᠮᠵᠢᠲᠡᠶ᠎ᠪᠠᠷ ᠬᠠᠮᠵᠢᠯᠴᠠᠨ ᠨᠠᠢ᠌ᠳᠠᠪᠤᠷᠢᠵᠢᠭᠤᠯᠬᠤ ᠵᠢ ᠠᠬᠢᠭᠤᠯᠬᠤ ᠠᠷᠭ᠎ᠠ ᠵᠢ ᠲᠣᠭᠲᠠᠭ᠋ᠠᠵᠤ᠂ ᠠᠯᠳᠠᠭ᠎ᠠ ᠪᠤᠷᠤᠭᠤ ᠵᠢ ᠵᠠᠯᠠᠷᠠᠭᠤᠯᠬᠤ᠂ ᠲᠣᠭᠲᠠᠴᠠ ᠵᠢ ᠥᠭᠡᠷᠡᠴᠢᠯᠡᠬᠦ᠂ ᠪᠠᠢ᠌ᠷᠢᠰᠢᠭᠤᠯᠤᠯᠲᠠ ᠵᠢ ᠥᠭᠡᠷᠡᠴᠢᠯᠡᠬᠦ᠂ ᠰᠤᠷᠲᠠᠯ᠎ᠢ ᠰᠠᠢ᠌ᠵᠢᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠢ ᠬᠥᠲᠥᠯᠥᠨ ᠵᠢᠯᠤᠭᠣᠳᠴᠤ 《ᠴᠡᠭᠴᠡᠯᠡᠬᠦ᠂ ᠵᠢᠷᠤᠮᠵᠢᠭᠤᠯᠬᠤ᠂ ᠬᠤᠷᠳᠤᠴᠠ ᠵᠢ ᠳᠡᠭᠡᠭᠰᠢᠯᠡᠭᠦᠯᠭᠦ᠂ ᠦᠷ᠎ᠡ ᠠᠰᠢᠭ᠎ᠢ ᠨᠡᠮᠡᠭᠳᠡᠭᠦᠯᠬᠦ》 ᠵᠢᠨ ᠲᠣᠭᠣᠷᠢᠨ᠎ᠳᠤ ᠠᠵᠢᠯ᠎ᠢ ᠥᠷᠨᠢᠭᠦᠯᠬᠦ ᠲᠣᠭᠲᠠᠴᠠ ᠵᠢ ᠰᠢᠯᠢᠳᠡᠭᠵᠢᠭᠦᠯᠵᠦ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠤᠬᠠᠮᠰᠠᠷ᠎ᠠᠴᠠ᠎ᠪᠠᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠵᠶ᠋ᠠᠷ ᠠᠵᠤ ᠠᠬᠤᠢ ᠵᠢᠨ ᠬᠥᠭᠵᠢᠯᠲᠡ᠂ ᠨᠡᠢ᠌ᠭᠡᠮ᠎ᠤᠨ ᠵᠠᠰᠠᠯᠲᠠ ᠪᠠ ᠣᠯᠠᠨ ᠲᠦᠮᠡᠨ᠎ᠳᠤ ᠦᠢ᠍ᠯᠡᠴᠢᠯᠡᠬᠦ 《ᠭᠤᠷᠪᠠᠨ ᠲᠦᠪᠰᠢᠨ》᠎ᠢ ᠲᠡᠭᠡᠭᠰᠢᠯᠡᠭᠦᠯᠭᠦ ᠵᠢ ᠠᠬᠢᠭᠤᠯᠪᠠ᠃ ᠬᠤᠳᠠᠯᠳᠤᠭ᠎ᠠ ᠡᠷᠭᠢᠯᠡᠭᠦ ᠣᠷᠴᠢᠨ ᠨᠥᠬᠥᠴᠡᠯ᠎ᠢ ᠰᠠᠢ᠌ᠵᠢᠷᠠᠭᠤᠯᠵᠤ ᠨᠡᠩ ᠤᠯᠠᠨ ᠬᠥᠮᠥᠨ᠎ᠢ ᠲᠠᠲᠠᠬᠤ᠎ᠳᠤ ᠠᠩᠬᠠᠷᠤᠯ ᠵᠢᠡᠨ ᠲᠥᠪᠯᠡᠷᠡᠭᠦᠯᠵᠦ᠂ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ᠎ᠢ ᠤᠷᠢᠨ ᠤᠶᠤᠨ ᠤᠬᠠᠭ᠋ᠠᠨ᠎ᠢ ᠬᠤᠷᠠᠮᠳᠤᠭᠤᠯᠬᠤ ᠵᠢ ᠬᠦᠴᠦᠯᠡᠨ ᠠᠳᠬᠤᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠲᠣᠪᠴᠢᠶ᠎ᠠ ᠪᠠ ᠭᠣᠣᠯᠳᠠᠯᠭ᠎ᠠ᠎ᠲᠠᠢ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠨᠠᠮ᠎ᠤᠨ ᠬᠣᠷᠢᠶ᠎ᠠ ᠵᠢ ᠪᠠᠢ᠌ᠭᠤᠯᠵᠤ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢ ᠪᠠᠢ᠌ᠭᠤᠯᠬᠤ᠎ᠪᠠᠷ ᠪᠡᠯᠡᠳᠬᠡᠵᠦ᠂ ᠪᠦᠭᠦ ᠵᠢᠯ᠎ᠳᠤ 5573 ᠳ᠋ᠦᠩᠰᠢᠭᠤᠷ ᠲᠥᠭᠥᠷᠢᠭ᠎ᠤᠨ ᠪᠡᠯᠡ ᠮᠥᠩᠭᠥ ᠵᠢ ᠣᠷᠣᠭᠤᠯᠤᠨ ᠠᠪᠴᠢᠷᠠᠵᠤ ᠨᠠᠢ᠌ᠳᠠᠪᠤᠷᠢᠵᠢᠭᠤᠯᠤᠨ᠂ 688 ᠨᠡᠷᠡᠰ ᠳᠡᠭᠡᠳᠦ ᠲᠡᠰ᠎ᠤᠨ ᠴᠢᠳᠠᠪᠤᠷᠢᠲᠠᠨ᠎ᠢ ᠤᠷᠢᠨ ᠣᠷᠣᠭᠤᠯᠵᠤ᠂ ᠠᠷᠠᠳ᠎ᠤᠨ ᠡᠵᠡᠩᠨᠡᠯᠲᠡ ᠵᠢᠨ ᠭᠣᠣᠯ ᠴᠣᠭᠴᠠ 16.4 ᠲᠦᠮᠡᠨ ᠡᠷᠦᠭᠡ ᠴᠡᠪᠡᠷ ᠨᠡᠮᠡᠭᠳᠡᠪᠡ᠃ ᠴᠢᠬᠤᠯᠠ ᠶᠡᠬᠡ ᠲᠦᠷᠦᠯ ᠵᠦᠢ᠍ᠯ᠎ᠢ ᠲᠥᠯᠥᠪᠵᠢᠭᠦᠯᠬᠦ᠂ ᠠᠵᠤ ᠠᠬᠤᠢ᠌ᠯᠠᠯ᠎ᠢ ᠲᠤᠰᠠᠯᠠᠬᠤ᠂ ᠠᠵᠢᠯ ᠣᠯᠭᠣᠯᠲᠠ ᠵᠢ ᠠᠬᠢᠭᠤᠯᠬᠤ᠂ ᠤᠰᠤ ᠠᠷᠪᠢᠯᠠᠬᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠭᠦ 《ᠵᠢᠷᠭᠤᠭ᠋ᠠᠨ ᠠᠵᠢᠯᠯᠠᠭ᠎ᠠ》 ᠵᠢ ᠪᠠᠢ᠌ᠷᠢᠯᠠᠭᠤᠯᠵᠤ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢᠨ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠪᠡ᠃ 2024 ᠣᠨ᠎ᠳᠤ ᠪᠦᠭᠦ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 2.6 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠪᠦᠭᠦ ᠤᠯᠤᠰ᠎ᠤᠨ 20 ᠳ᠋ᠤᠭ᠋ᠠᠷ᠎ᠲᠤ ᠣᠷᠣᠪᠠ᠃
    ᠡᠨᠡ ᠬᠡᠳᠦᠨ ᠵᠢᠯ᠎ᠤᠨ ᠲᠤᠷᠰᠢᠬᠢ ᠴᠥᠬᠥᠷᠡᠰᠢ ᠦᠭᠡᠢ ᠴᠢᠷᠮᠠᠢ᠌ᠯᠭ᠎ᠠ᠎ᠪᠠᠷ ᠳᠡᠮᠵᠢᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠨᠢᠭᠲᠠᠷᠠᠯ᠎ᠤᠨ ᠬᠦᠴᠦᠨ ᠨᠠᠩ ᠴᠢᠩᠭ᠋ᠠᠷᠠᠵᠤ᠂ ᠲᠦᠷᠭᠡᠨ ᠬᠥᠭᠵᠢᠯᠲᠡ ᠵᠢᠨ ᠬᠠᠨᠳᠤᠰᠢ ᠡᠷᠴᠢᠯᠢᠭ ᠬᠦᠴᠦᠲᠡᠢ ᠪᠣᠯᠵᠤ᠂ ᠪᠣᠬᠢᠷᠳᠤᠯ ᠦᠭᠡᠢ ᠬᠥᠭᠵᠢᠯᠲᠡ ᠵᠢᠨ ᠴᠢᠳᠠᠪᠤᠷᠢ ᠲᠠᠰ ᠳᠡᠪᠰᠢᠵᠦ᠂ ᠰᠢᠨ᠎ᠡ ᠵᠢ ᠡᠭᠦᠳᠴᠦ ᠡᠭᠦᠳᠦᠨ ᠪᠦᠲᠦᠭᠡᠬᠦ ᠠᠭᠤᠷ ᠠᠮᠢᠰᠬᠤᠯ ᠵᠤᠵᠠᠭ᠋ᠠᠷᠠᠵᠤ᠂ ᠨᠡᠭᠡᠭᠡᠯᠲᠡ ᠬᠢᠵᠦ ᠬᠠᠮᠲᠤᠷᠠᠯᠴᠠᠬᠤ ᠠᠯᠬᠤᠭ᠎ᠠ ᠲᠦᠷᠭᠡᠳᠴᠦ᠂ ᠰᠣᠶᠣᠯ᠎ᠤᠨ ᠪᠠᠢ᠌ᠭᠤᠯᠤᠯᠲᠠ ᠵᠢᠨ ᠭᠠᠷᠳᠠᠴᠠ ᠤᠯᠠᠮ ᠪᠣᠳᠠᠲᠠᠢ ᠪᠣᠯᠵᠤ᠂ ᠡᠯ᠎ᠡ ᠬᠦᠷᠢᠶᠡᠨ᠎ᠳᠤ ᠴᠥᠮ ᠪᠠᠶᠠᠷᠯᠠᠭᠤᠰᠢᠲᠠᠢ ᠬᠤᠪᠢᠷᠠᠯᠲᠠ ᠭᠠᠷᠴᠠᠢ᠃ ᠡᠳᠡᠭᠡᠷ ᠠᠮᠵᠢᠯᠲᠠ ᠵᠢ ᠣᠯᠣᠭᠰᠠᠨ᠎ᠤ ᠦᠨᠳᠦᠰᠦᠨ ᠰᠢᠯᠲᠠᠭ᠋ᠠᠨ᠎ᠨᠢ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠣᠯᠣᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ᠎ᠳᠤ ᠪᠤᠢ᠃ ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠣᠨ ᠪᠦᠭᠦ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠬᠡ᠎ᠪᠠᠷ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ᠎ᠪᠠᠷ ᠰᠢᠨ᠎ᠡ ᠵᠠᠮ ᠨᠡᠭᠡᠭᠡᠵᠦ᠂ ᠴᠤᠴᠠᠯᠲᠠ ᠦᠭᠡᠢ ᠤᠷᠤᠭᠰᠢᠯᠠᠨ ᠳᠤᠮᠳᠠ ᠲᠦᠪᠰᠢᠨ᠎ᠳᠤ ᠣᠷᠣᠵᠤ᠂ ᠡᠬᠡ ᠤᠯᠤᠰ᠎ᠤᠨ ᠤᠮᠠᠷᠠᠲᠤ ᠵᠢᠨ ᠡᠨᠡ ᠬᠦ᠌ ᠦᠵᠡᠮᠵᠢ ᠵᠢᠨ ᠣᠷᠣᠨ ᠵᠶ᠋ᠠᠨ ᠨᠠᠩ ᠦᠵᠡᠰᠬᠦᠯᠡᠩᠲᠦ ᠰᠠᠢ᠌ᠬᠠᠨ ᠪᠣᠯᠭ᠋ᠠᠨ ᠪᠦᠲᠦᠭᠡᠨ ᠪᠠᠢ᠌ᠭᠤᠯᠤᠨ᠎ᠠ᠃
   (ᠵᠣᠬᠢᠶᠠᠭᠴᠢ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠡᠷᠭᠢᠯᠡᠭᠴᠢ)

ᠢᠷᠡᠯᠲᠡ᠄ ᠦᠪᠦᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2025 ᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠰᠢᠰᠲ᠋ᠧᠮ᠎ᠤᠨ ᠨᠠᠮ᠎ᠤᠨ ᠪᠠᠢ᠌ᠭᠤᠯᠤᠯᠲᠠ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ
ᠠᠷᠪᠠᠨ ᠨᠢᠭᠡᠳᠦᠭᠡᠷ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠢ᠍ᠮᠠᠳᠤᠭ᠋ᠠᠷ ᠡᠭᠡᠯᠵᠢ ᠵᠢᠨ ᠲᠣᠭᠣᠷᠢᠨ ᠪᠠᠢ᠌ᠴᠠᠭ᠋ᠠᠬᠤ ᠠᠵᠢᠯ ᠡᠬᠢᠯᠡᠭᠰᠡᠨ ᠪᠥᠭᠡᠳ ᠪᠦᠭᠦᠨ ᠵᠶ᠋ᠡᠷ ᠵᠶ᠋ᠡᠨ ᠲᠣᠭᠣᠷᠢᠨ ᠪᠠᠢ᠌ᠴᠠᠭ᠋ᠠᠬᠤ᠎ᠪᠠᠷ ᠣᠷᠣᠵᠤ ᠰᠠᠭᠤᠪᠠ
ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠪᠠ
 
            