3 ᠳ᠋ᠤᠭ᠋ᠠᠷ ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠧᠨ ᠲᠤᠤ ᠨᠠᠷ ᠬᠥᠬᠡᠬᠣᠲᠠ᠎ᠳᠤ ᠭᠦᠨᠵᠡᠭᠡᠢ᠌ᠷᠡᠵᠦ᠂ 《ᠵᠣᠬᠢᠶᠠᠮᠠᠯ ᠣᠶᠤᠨ ᠴᠢᠳᠠᠪᠤᠷᠢ᠂ ᠳᠣᠤᠷ᠎ᠠ ᠠᠭ᠋ᠠᠷ᠎ᠤᠨ ᠠᠵᠤ ᠠᠬᠤᠶ᠂ ᠠᠮᠢᠳᠤ ᠪᠣᠳᠠᠰ᠎ᠤᠨ ᠮᠡᠷᠭᠡᠵᠢᠯ》᠎ᠤᠨ ᠬᠦᠷᠢᠶᠡᠨ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》ᠲᠤᠰᠬᠠᠶ ᠰᠡᠳᠦᠪᠲᠦ ᠪᠠᠢ᠌ᠴᠠᠭ᠋ᠠᠨ ᠰᠤᠳᠤᠯᠤᠯᠲᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠬᠤᠤ ᠰᠢ ᠬᠣᠩ᠂ ᠢᠦᠢ ᠸᠧᠶ᠂ ᠬᠥᠬᠡᠬᠣᠲᠠ ᠵᠢᠨ ᠵᠠᠰᠠᠭ᠎ᠤᠨ ᠣᠷᠳᠣᠨ᠎ᠤ ᠳᠡᠳ᠋ ᠬᠣᠲᠠ ᠵᠢᠨ ᠳᠠᠷᠤᠭ᠎ᠠ ᠵᠢᠶᠤᠤ ᠬᠣᠩ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ᠃

ᠵᠠᠩ ᠸᠸᠨ ᠲᠤᠤ ᠨᠠᠷ ᠤᠷᠢᠳ ᠬᠣᠵᠢᠳ ᠵᠢᠨ ᠢᠦᠢ ᠪᠤᠤ ᠯᠢᠩ ᠠᠮᠢᠳᠤ ᠪᠣᠳᠠᠰ᠎ᠤᠨ ᠡᠮ᠎ᠤᠨ ᠬᠢᠵᠠᠭ᠋ᠠᠷᠲᠤ ᠺᠣᠮᠫᠠᠨᠢ᠂ ᠨᠡᠢ᠌ᠯᠡᠮᠡᠯ ᠠᠮᠢᠳᠤ ᠪᠣᠳᠠᠰ᠎ᠤᠨ ᠣᠶᠤᠨᠴᠢ ᠦᠢ᠍ᠯᠡᠳᠬᠦ ᠬᠥᠨᠳᠡᠢ᠂ ᠥᠪᠡᠷᠲᠡᠭᠡᠨ ᠵᠠᠰᠠᠬᠤ ᠣᠷᠣᠨ᠎ᠤ ᠷᠠᠳᠠᠷ᠎ᠤᠨ ᠮᠡᠷᠭᠡᠵᠢᠯ ᠪᠣᠯᠤᠨ ᠬᠡᠷᠡᠭᠯᠡᠭᠡᠨ᠎ᠤ ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠥᠪᠥᠷ ᠮᠣᠩᠭᠣᠯ᠎ᠤᠨ ᠹᠠᠩ ᠰᠢᠶᠠᠩ ᠲᠦ᠋ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠬᠤᠸᠠᠢ ᠹᠸᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠴᠢ ᠰᠢᠨ ᠶᠤᠸᠠᠨ ᠰᠦᠯᠵᠢᠶᠡᠨ᠎ᠤ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠎ᠳᠤ ᠭᠦᠨᠵᠡᠭᠡᠢ᠌ᠷᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》ᠴᠡᠭ ᠪᠠᠢ᠌ᠷᠢ ᠵᠢᠨ ᠲᠤᠰᠬᠠᠢ ᠲᠦᠷᠦᠯ᠂ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠬᠥᠭᠵᠢᠯᠲᠡ ᠵᠡᠷᠭᠡ ᠪᠠᠢ᠌ᠳᠠᠯ᠎ᠢ ᠨᠠᠷᠢᠨ ᠣᠢ᠌ᠯᠠᠭ᠋ᠠᠪᠠ᠃
ᠵᠠᠩ ᠸᠧᠨ ᠲᠤᠤ᠂ ᠬᠥᠬᠡᠬᠣᠲᠠ ᠵᠢᠨ ᠵᠠᠰᠠᠭ᠎ᠤᠨ ᠣᠷᠳᠣᠨ ᠥᠪᠡᠷᠲᠡᠭᠡᠨ ᠵᠠᠰᠠᠬᠤ ᠣᠷᠣᠨ᠎ᠤ ᠲᠥᠪ ᠪᠣᠯᠤᠭᠰᠠᠨ᠎ᠤ ᠬᠤᠪᠢ᠎ᠳᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠠᠭᠤᠰᠤᠯᠴᠠᠯ᠎ᠢ ᠲᠦᠷᠭᠡᠳᠬᠡᠨ ᠠᠬᠢᠭᠤᠯᠬᠤ ᠲᠠᠯ᠎ᠠ᠎ᠪᠠᠷ ᠬᠣᠰᠢᠭᠤᠴᠢᠯᠠᠵᠤ᠂ ᠭᠠᠵᠠᠷ ᠣᠷᠣᠨ᠎ᠤ ᠪᠠᠢ᠌ᠳᠠᠯ᠎ᠳᠠᠭᠠᠨ ᠲᠤᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠢ ᠪᠣᠢ᠌ᠵᠢᠭᠤᠯᠤᠨ ᠬᠥᠭᠵᠢᠭᠦᠯᠦᠨ᠎ᠡ᠃ ᠬᠥᠬᠡᠬᠣᠲᠠ ᠵᠢᠨ᠎ᠬᠢᠨ 《 ᠡᠬᠢᠯᠡᠮᠡᠭᠴᠡ ᠵᠶ᠋ᠡᠨ ᠲᠦᠷᠦᠭᠦᠯᠡᠬᠦ》 ᠱᠠᠭ᠋ᠠᠷᠳᠠᠯᠭ᠎ᠠ᠎ᠪᠠᠷ ᠪᠠᠷᠢᠮᠵᠢᠶ᠎ᠠ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》 ᠢᠨᠵᠧᠨᠧᠷᠢᠩ ᠵᠶ᠋ᠡᠷ ᠵᠢᠯᠣᠭᠣᠳᠤᠮᠵᠢ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠪᠥᠬᠥ ᠲᠠᠯ᠎ᠠ᠎ᠪᠠᠷ ᠭᠦᠨᠵᠡᠭᠡᠢ᠌ᠷᠡᠭᠦᠯᠵᠦ᠂ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠬᠦ ᠪᠠ ᠬᠦᠴᠦᠨ᠎ᠤ ᠵᠣᠬᠢᠶᠠᠨ ᠪᠠᠢ᠌ᠭᠤᠯᠤᠯᠲᠠ ᠵᠢ ᠴᠢᠩᠭ᠋ᠠᠳᠬᠠᠵᠤ᠂ ᠭᠣᠤᠯᠳᠠᠯᠭ᠎ᠠ᠎ᠲᠠᠢ ᠬᠦᠷᠢᠶ᠎ᠡ ᠪᠠ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠡᠷᠡᠭᠯᠡᠭᠡᠨ᠎ᠤ ᠲᠠᠯᠠᠪᠠᠶ ᠵᠢᠨ ᠳᠠᠪᠠᠭᠤᠯᠢᠭ᠂ ᠡᠬᠢ ᠪᠠᠶᠠᠯᠢᠭ᠎ᠤᠨ ᠳᠠᠪᠠᠭᠤᠯᠢᠭ᠂ ᠴᠢᠳᠠᠪᠤᠷᠢᠲᠠᠨ᠎ᠤ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠵᠤ᠂ ᠭᠣᠤᠯᠯᠠᠬᠤ ᠮᠡᠷᠭᠡᠵᠢᠯ᠎ᠤᠨ ᠪᠣᠭᠣᠮᠢ ᠵᠢ ᠲᠦᠷᠭᠡᠳᠬᠡᠨ ᠰᠢᠪᠲᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢᠯᠡᠰ᠎ᠤᠨ ᠰᠢᠨ᠎ᠡ ᠵᠢ ᠡᠭᠦᠳᠬᠦ ᠭᠦᠨᠵᠡᠭᠡᠶ ᠠᠭᠤᠰᠤᠯᠴᠠᠯ᠎ᠢ ᠠᠬᠢᠭᠤᠯᠵᠤ᠂ 《ᠬᠦᠷᠢᠶ᠎ᠡ ᠴᠠᠷᠠᠭ᠎ᠠ ᠵᠢᠨ ᠰᠢᠪᠲᠤᠯᠤᠯᠲᠠ᠂ ᠴᠡᠭ ᠪᠠᠢ᠌ᠷᠢ ᠵᠢᠨ ᠰᠢᠪᠲᠤᠯᠤᠯᠲᠠ》᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠷ᠎ᠡ ᠪᠦᠲᠦᠮᠵᠢ ᠵᠢ ᠪᠦᠬᠦ ᠲᠠᠯ᠎ᠠ ᠳᠡᠭᠡᠭᠰᠢᠯᠡᠭᠦᠯᠬᠦ ᠬᠡᠷᠡᠭᠲᠡᠢ ᠭᠡᠪᠡ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠬᠠᠮᠢᠶ᠎ᠠ ᠪᠥᠬᠥᠶ ᠭᠠᠵᠠᠷ ᠲᠠᠰᠤᠭ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠭᠣᠤᠯ ᠬᠠᠷᠢᠭᠤᠴᠠᠯᠭ᠋ᠠᠲᠠᠨ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ᠃