ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-04-01


    3 ᠳ᠋ᠤᠭ᠋ᠠᠷ ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠤᠯ ᠳᠤᠭᠤᠢ᠌ᠯᠠᠩ᠎ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ ᠤᠯᠤᠰ᠎ᠤᠨ ᠬᠣᠶᠠᠷ ᠬᠤᠷᠠᠯ᠎ᠤᠨ ᠬᠤᠭᠤᠴᠠᠭ᠋ᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠵᠢᠨ ᠬᠠᠮᠲᠤ ᠰᠤᠳᠤᠯᠤᠨ ᠶᠠᠷᠢᠯᠴᠠᠵᠤ ᠰᠣᠯᠢᠯᠴᠠᠪᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠧᠨ ᠲᠤᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

W020250331804271610597.png


     ᠬᠤᠷᠠᠯ᠎ᠠᠴᠠ᠂ ᠡᠨᠡ ᠵᠢᠯ᠎ᠤᠨ ᠪᠥᠬᠥ ᠤᠯᠤᠰ᠎ᠤᠨ ᠬᠣᠶᠠᠷ ᠬᠤᠷᠠᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠭᠤᠷᠪᠠᠳᠤᠭ᠋ᠠᠷ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠢᠢᠳᠪᠦᠷᠢᠲᠦ ᠢᠯᠠᠯᠲᠠ ᠵᠢ ᠤᠯᠬᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠢᠭᠡᠳᠦᠯᠲᠡᠶ ᠲᠥᠯᠥᠪᠵᠢᠭᠦᠯᠬᠦ ᠵᠠᠩᠭᠢᠯᠠᠭ᠎ᠠ ᠵᠢᠨ ᠦᠶ᠎ᠡ᠎ᠳᠤ ᠬᠤᠷᠠᠯᠳᠤᠭᠰᠠᠨ ᠴᠢᠬᠤᠯᠠ ᠬᠤᠷᠠᠯ ᠪᠣᠯᠤᠨ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠨᠡᠢ᠌ᠲᠡᠯᠡᠭᠰᠡᠨ ᠠᠯᠢ ᠣᠯᠠᠨ ᠴᠢᠬᠤᠯᠠ ᠶᠠᠷᠢᠶ᠎ᠠ᠎ᠨᠢ ᠦᠵᠡᠯ ᠰᠠᠨᠠᠭ᠎ᠠ ᠭᠦᠨ ᠭᠦᠨᠵᠡᠭᠡᠶ᠂ ᠠᠭᠤᠯᠤᠭᠳᠠᠬᠤᠨ ᠡᠯᠪᠡᠭ ᠪᠠᠶᠠᠯᠢᠭ ᠪᠠᠢ᠌ᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠯ᠎ᠡ ᠵᠦᠢᠯ᠎ᠤᠨ ᠠᠵᠢᠯ᠎ᠢ ᠰᠠᠢ᠌ᠲᠤᠷ ᠬᠢᠬᠦ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠶ ᠵᠢᠭ᠋ᠠᠵᠤ᠂ ᠦᠨᠳᠦᠰᠦᠨ ᠵᠢᠷᠤᠮᠯᠠᠯ ᠬᠠᠩᠭ᠋ᠠᠵᠠᠶ᠃ ᠲᠢᠩᠬᠢᠮ᠎ᠤᠨ ᠰᠢᠰᠲ᠋ᠧᠮ᠎ᠤᠨ ᠪᠥᠬᠥ ᠨᠠᠮ᠎ᠤᠨ ᠭᠡᠰᠢᠭᠦᠨ ᠺᠠᠳ᠋ᠷ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠲᠥᠪ᠎ᠤᠨ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ᠎ᠲᠠᠢ ᠦᠨᠡᠨ ᠬᠦ᠌ ᠨᠢᠭᠡᠳᠬᠡᠵᠦ᠂ ᠥᠨᠳᠥᠷ ᠲᠦᠪᠰᠢᠨ ᠪᠥᠬᠥᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠨ ᠬᠦᠴᠦᠷᠬᠡᠭᠵᠢᠬᠦ ᠵᠢ ᠲᠦᠷᠭᠡᠳᠬᠡᠨ ᠪᠡᠶᠡᠯᠡᠭᠦᠯᠬᠦ᠂ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠥᠪᠥᠷ ᠮᠣᠩᠭᠣᠯ᠎ᠤᠨ ᠬᠠᠭᠤᠳᠠᠰᠤ ᠵᠢ ᠪᠢᠴᠢᠭᠯᠡᠬᠦ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃
     ᠬᠤᠷᠠᠯ᠎ᠠᠴᠠ᠂ ᠡᠭᠦᠷᠭᠡ ᠬᠠᠷᠠᠯᠲᠠ᠎ᠪᠠᠨ ᠲᠣᠭᠲᠠᠭ᠋ᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠴᠢᠩᠭ᠎ᠠ ᠠᠳᠬᠤᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠬᠤ》ᠢᠨᠵᠧᠨᠧᠷᠢᠩ᠎ᠢ ᠬᠡᠷᠡᠭᠵᠢᠭᠦᠯᠬᠦ᠎ᠪᠠᠷ ᠵᠢᠯᠣᠭᠣᠳᠤᠮᠵᠢ ᠪᠣᠯᠭ᠋ᠠᠵᠤ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠪᠠ ᠬᠣᠰᠢᠭᠤᠷᠠᠯ ᠴᠢᠨᠠᠷ᠎ᠢ ᠴᠢᠩᠭ᠋ᠠᠳᠬᠠᠵᠤ᠂ ᠨᠤᠷᠠᠭ᠋ᠠᠯᠲᠠ ᠵᠢᠨ ᠴᠢᠨᠠᠷᠲᠠᠢ ᠮᠡᠷᠭᠡᠵᠢᠯ᠎ᠢ ᠰᠤᠳᠤᠯᠤᠨ ᠨᠡᠭᠡᠭᠡᠵᠦ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠦᠷᠦᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠪᠠ ᠤᠷᠢᠳᠴᠢᠯᠠᠨ ᠪᠠᠢ᠌ᠷᠢᠰᠢᠭᠤᠯᠬᠤ ᠵᠢ ᠲᠦᠷᠭᠡᠳᠬᠡᠬᠦ ᠬᠡᠷᠡᠭᠲᠡᠢ; ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂《ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠠᠵᠢᠯ᠎ᠢ ᠴᠢᠩᠭ᠋ᠠᠳᠬᠠᠬᠤ ᠣᠨ ᠎ᠤ ᠠᠵᠢᠯᠯᠠᠭ᠎ᠠ ᠵᠢ ᠰᠠᠢ᠌ᠲᠤᠷ ᠠᠳᠬᠤᠵᠤ᠂ ᠲᠥᠷᠥ ᠵᠢᠨ ᠪᠣᠳᠣᠯᠭ᠎ᠠ ᠵᠢ《ᠰᠢᠭᠤᠳ ᠬᠦᠷᠭᠡᠵᠦ ᠲᠦᠷᠭᠡᠨ ᠡᠳ᠋ᠯᠡᠬᠦ》 ᠪᠦᠷᠬᠦᠴᠡ ᠵᠢ ᠲᠠᠰᠤᠷᠠᠯᠲᠠ ᠥᠬᠡᠶ ᠥᠷᠭᠡᠳᠬᠡᠵᠦ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ; 《ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ》 ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠤᠨ ᠱᠠᠩᠨᠠᠯ ᠨᠥᠬᠥᠪᠥᠷᠢ᠂ ᠰᠤᠳᠤᠯᠤᠨ ᠨᠡᠭᠡᠭᠡᠭᠰᠡᠨ᠎ᠤ ᠳᠠᠷᠠᠭ᠋ᠠᠬᠢ ᠨᠥᠬᠥᠪᠥᠷᠢ ᠵᠡᠷᠭᠡ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠠᠷᠭ᠎ᠠ ᠪᠠᠷᠢᠯ᠎ᠢ ᠰᠠᠢ᠌ᠲᠤᠷ ᠬᠡᠷᠡᠭᠯᠡᠵᠦ᠂ ᠭᠣᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ ᠵᠢᠨ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠲᠦᠷᠭᠡᠳᠬᠡᠨ ᠪᠠᠢ᠌ᠷᠢᠰᠢᠭᠤᠯᠵᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠤᠯᠠᠮ ᠴᠢᠨᠠᠭᠰᠢᠳᠠ ᠴᠢᠩᠭ᠋ᠠᠳᠬᠠᠬᠤ ᠬᠡᠷᠡᠭᠲᠡᠶ; ᠡᠯ᠎ᠡ ᠲᠥᠷᠥᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠦᠢᠯᠡᠳᠦᠯ᠎ᠢ ᠰᠠᠢ᠌ᠲᠤᠷ ᠪᠠᠳᠠᠷᠠᠭᠤᠯᠵᠤ᠂ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠤᠸᠠᠢ ᠷᠸᠦ ᠲᠤᠷᠰᠢᠯᠲᠠ ᠵᠢᠨ ᠲᠠᠰᠤᠭ᠎ᠤᠨ ᠥᠪᠥᠷ ᠮᠣᠩᠭᠣᠯ᠎ᠤᠨ ᠰᠠᠭᠤᠷᠢᠨ᠂ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ᠂ ᠡᠪᠡᠰᠦᠨ᠎ᠤ ᠦᠢᠯᠡᠰ᠎ᠤᠨ ᠤᠯᠤᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠡᠭᠦᠳᠦᠨ ᠪᠠᠢ᠌ᠭᠤᠯᠬᠤ ᠠᠵᠢᠯ᠎ᠢ ᠲᠦᠷᠭᠡᠳᠬᠡᠨ ᠠᠬᠢᠭᠤᠯᠵᠤ᠂ ᠨᠠᠩ ᠣᠯᠠᠨ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠥᠪᠥᠷ ᠮᠣᠩᠭᠣᠯ᠎ᠳᠤ ᠨᠠᠢ᠌ᠳᠠᠪᠤᠷᠢᠵᠢᠭᠤᠯᠬᠤ᠎ᠪᠠᠷ ᠴᠢᠷᠮᠠᠢ᠌ᠬᠤ ᠬᠡᠷᠡᠭᠲᠡᠶ; ᠦᠷ᠎ᠡ ᠪᠦᠲᠦᠭᠡᠯ᠎ᠤᠨ ᠤᠳᠤᠷᠢᠳᠤᠮᠵᠢ ᠵᠢ ᠢᠮᠠᠭᠲᠠ ᠪᠠᠷᠢᠮᠲᠠᠯᠠᠵᠤ᠂ ᠦᠷ᠎ᠡ ᠪᠦᠲᠦᠭᠡᠯ᠎ᠤᠨ ᠭᠠᠷᠭ᠋ᠠᠯᠲᠠ ᠵᠢ ᠰᠠᠢ᠌ᠲᠤᠷ ᠠᠳᠬᠤᠵᠤ᠂《ᠮᠸᠩ ᠺᠸ ᠵᠢᠦᠢ》2.0 ᠬᠡᠪᠯᠡᠯ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ᠎ᠢ ᠬᠡᠷᠡᠭᠯᠡᠬᠦ᠂ ᠵᠠᠪᠰᠠᠷ᠎ᠤᠨ ᠲᠤᠷᠰᠢᠯᠲᠠ ᠵᠢ ᠵᠠᠬ᠎ᠠ ᠳᠡᠯᠭᠡᠭᠦᠷ᠎ᠲᠤ ᠳᠡᠯᠭᠡᠷᠡᠭᠦᠯᠬᠦ ᠪᠦᠬᠦ ᠬᠡᠯᠬᠢᠶᠡᠨ᠎ᠤ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠢ; ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠬᠠᠷᠠᠯᠲᠠ᠎ᠲᠠᠢ ᠨᠢᠭᠲᠠ ᠤᠶᠠᠯᠳᠤᠭᠤᠯᠤᠨ᠂ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠤᠨ ᠡᠯ᠎ᠡ ᠵᠦᠢ᠍ᠯ᠎ᠤᠨ ᠡᠭᠦᠷᠭᠡ ᠵᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢ᠌ᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
    ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠨᠢᠭᠡᠳᠦᠭᠡᠷ ᠤᠯᠠᠷᠢᠯ᠎ᠳᠤ ᠪᠥᠬᠦ ᠣᠷᠣᠨ᠎ᠤ ᠮᠡᠷᠭᠡᠵᠢᠯ᠎ᠤᠨ ᠭᠡᠷ᠎ᠡ ᠵᠢᠨ ᠳᠠᠩᠰᠠᠯᠠᠯᠲᠠ 《ᠰᠠᠶ᠋ᠢᠨ ᠡᠬᠢᠯᠡᠯᠲᠡ》 ᠵᠢ ᠪᠡᠶᠡᠯᠡᠭᠦᠯᠪᠡ
ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ 《ᠬᠠᠮ ᠠᠷᠭ᠎ᠠ ᠬᠡᠮᠵᠢᠶ᠎ᠡ》᠎ᠨᠢ 1 + 7 + N ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠦᠨᠳᠦᠰᠦᠨ ᠱᠠᠲᠤᠨ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠭᠢᠯᠡᠪᠡ
 
            