ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠠᠵᠤ ᠠᠬᠤᠢ᠌ᠯᠠᠯ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠬᠡᠷᠡᠭᠯᠡᠬᠦ ᠵᠢ ᠭᠦᠨᠵᠡᠭᠡᠢ᠌ᠷᠡᠭᠦᠯᠵᠦ ᠤᠮᠠᠷᠠᠲᠤ ᠵᠢᠨ ᠲᠥᠪ ᠰᠢᠨ᠎ᠡ ᠵᠢ ᠡᠭᠦᠳᠬᠦ ᠲᠠᠪᠴᠠᠩ᠎ᠢ ᠬᠠᠮᠲᠤ᠎ᠪᠠᠷ ᠪᠠᠢ᠌ᠭᠤᠯᠵᠤ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠢᠨ ᠰᠢᠨ᠎ᠡ ᠠᠷᠭ᠎ᠠ ᠵᠠᠮ᠎ᠢ ᠰᠦᠪᠡᠭᠴᠢᠯᠡᠵᠦ ᠪᠠᠢ᠌ᠨ᠎ᠠ
ᠨᠡᠶ᠋ᠢᠲᠡᠯᠡᠭᠰᠡᠨ ᠴᠠᠭ᠄ 2025-04-10


     ᠣᠢ᠌ᠷ᠎ᠠ᠎ᠳᠤ᠂ ᠤᠮᠠᠷᠠᠲᠤ ᠵᠢᠨ ᠲᠠᠷᠢᠶᠠᠯᠠᠩ ᠮᠠᠯ ᠠᠵᠤ ᠠᠬᠤᠶ ᠵᠢᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠪᠣᠯᠤᠨ ᠪᠠᠶᠠᠨᠨᠠᠭᠤᠷ ᠬᠣᠲᠠ ᠵᠢᠨ ᠱᠧᠩ ᠮᠥ᠍ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠮᠢ ᠠᠬᠤᠶ ᠵᠢᠨ ᠡᠪᠡᠰᠦᠨ᠎ᠤ ᠦᠢᠯᠡᠰ᠎ᠤᠨ ᠬᠢᠵᠠᠭ᠋ᠠᠷᠲᠤ ᠺᠣᠮᠫᠠᠨᠢ ᠵᠡᠷᠭᠡ ᠲᠠᠪᠤᠨ ᠨᠢᠭᠡᠴᠢ ᠬᠠᠮᠲᠤ᠎ᠪᠠᠷ ᠱᠧᠩ ᠮᠥ᠍ ᠡᠪᠡᠰᠦᠨ᠎ᠤ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠬᠡᠯᠡᠯᠴᠡᠭᠡᠷ᠎ᠲᠤ ᠭᠠᠷ᠎ᠤᠨ ᠥᠰᠥᠭ ᠵᠢᠷᠤᠭᠰᠠᠨ ᠪᠥᠭᠡᠳ ᠲᠠᠷᠢᠶᠠᠯᠠᠩ᠎ᠤᠨ ᠪᠦᠲᠦᠭᠡᠭᠳᠡᠬᠦᠨ᠎ᠢ ᠪᠣᠯᠪᠠᠰᠤᠷᠠᠭᠤᠯᠬᠤ ᠲᠥᠷᠥᠯ ᠵᠦᠢᠯ᠎ᠢ ᠬᠠᠮᠲᠤᠷᠠᠨ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠢᠨ ᠰᠢᠨ᠎ᠡ ᠠᠷᠭ᠎ᠠ ᠵᠠᠮ᠎ᠢ ᠬᠠᠢ᠌ᠨ ᠰᠦᠪᠡᠭᠴᠢᠯᠡᠵᠦ᠂ 《ᠲᠩᠷᠢ ᠵᠢᠨ ᠬᠡᠰᠢᠭᠲᠦ ᠪᠣᠷᠣᠲᠣᠬᠣᠶ》 ᠣᠷᠣᠨ ᠪᠦᠰᠡ ᠵᠢᠨ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ᠎ᠳᠤ ᠬᠡᠪ ᠳᠠᠭᠤᠷᠢᠶᠠᠯ ᠦᠵᠡᠭᠦᠯᠪᠡ᠃
   《ᠲᠠᠪᠤᠨ ᠶᠡᠬᠡ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠢᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠬᠠᠮᠵᠢᠯᠴᠠᠭᠤᠯᠤᠨ ᠰᠢᠨ᠎ᠡ ᠵᠢ ᠡᠭᠦᠳᠬᠦ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠨᠠᠩ ᠣᠯᠠᠨ ᠤᠮᠠᠷᠠᠲᠤ ᠵᠢᠨ ᠭᠣᠤᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠢ ᠲᠤᠷᠰᠢᠯᠲᠠ ᠵᠢᠨ ᠲᠠᠰᠤᠭ᠎ᠠᠴᠠ ᠲᠠᠷᠢᠶᠠᠨ᠎ᠳᠤ ᠣᠷᠣᠭᠤᠯᠬᠤ ᠵᠢ ᠠᠬᠢᠭᠤᠯᠤᠨ᠎ᠠ᠃》ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠤᠲᠤᠭ ᠪᠡᠯᠴᠢᠭᠡᠷ ᠰᠤᠳᠤᠯᠬᠤ ᠭᠠᠵᠠᠷ᠎ᠤᠨ ᠳᠡᠳ᠋ ᠳᠠᠷᠤᠭ᠎ᠠ ᠰᠠᠷᠠᠭᠤᠯ ᠢᠯᠡᠷᠬᠡᠢ᠌ᠯᠡᠬᠦ᠎ᠳᠡᠭᠡᠨ᠂ ᠱᠧᠩ ᠮᠥ᠍ ᠡᠪᠡᠰᠦᠨ᠎ᠤ ᠦᠢᠯᠡᠰ᠎ᠲᠠᠢ ᠨᠢᠭᠲᠠ ᠬᠠᠮᠲᠤᠷᠠᠯᠴᠠᠬᠤ᠎ᠪᠠᠷ ᠳᠠᠮᠵᠢᠭᠤᠯᠤᠨ᠂ ᠲᠡᠵᠢᠭᠡᠯ ᠡᠪᠡᠰᠦᠨ᠎ᠤ ᠠᠵᠤ ᠦᠢᠯᠡᠰ᠎ᠤᠨ ᠮᠡᠷᠭᠡᠵᠢᠯ᠎ᠤᠨ ᠪᠣᠭᠣᠮᠢ ᠵᠢ ᠲᠦᠷᠭᠡᠪᠴᠢᠯᠡᠨ ᠰᠢᠪᠲᠤᠯᠵᠤ᠂ ᠣᠷᠣᠨ ᠨᠤᠲᠤᠭ᠎ᠤᠨ ᠠᠵᠤ ᠠᠬᠤᠶ ᠵᠢᠨ ᠬᠥᠭᠵᠢᠯᠲᠡ ᠪᠠ ᠠᠮᠢ ᠠᠬᠤᠶ ᠵᠢᠨ ᠬᠠᠮᠠᠭ᠋ᠠᠯᠠᠯᠲᠠ᠎ᠳᠤ ᠬᠦᠴᠦᠲᠡᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠦᠰᠢᠭ ᠲᠤᠯᠭ᠋ᠠᠭᠤᠷᠢ ᠬᠠᠩᠭ᠋ᠠᠨ᠎ᠠ ᠭᠡᠵᠡᠶ᠃
    ᠱᠧᠩ ᠮᠦ᠍ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠢ ᠪᠠᠶᠠᠨᠨᠠᠭᠤᠷ ᠬᠣᠲᠠ ᠵᠢᠨ ᠱᠧᠩ ᠮᠦ᠍ ᠳᠡᠭᠡᠳᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠮᠢ ᠠᠬᠤᠶ ᠵᠢᠨ ᠡᠪᠡᠰᠦᠨ᠎ᠤ ᠦᠢ᠍ᠯᠡᠰ᠎ᠤᠨ ᠬᠢᠵᠠᠭ᠋ᠠᠷᠲᠤ ᠺᠣᠮᠫᠠᠨᠢ᠂ ᠤᠮᠠᠷᠠᠲᠤ ᠵᠢᠨ ᠲᠥᠪ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠪᠠᠶᠠᠨᠨᠠᠭᠤᠷ ᠬᠣᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠭᠠᠵᠠᠷ᠂ ᠪᠠᠶᠠᠨᠨᠠᠭᠤᠷ ᠬᠣᠲᠠ ᠵᠢᠨ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠰ᠎ᠤᠨ ᠬᠥᠭᠵᠢᠯᠲᠡ ᠵᠢᠨ ᠲᠥᠪ᠎ᠠᠴᠠ ᠬᠠᠮᠲᠤᠪᠠᠷ ᠪᠦᠲᠦᠭᠡᠨ ᠪᠠᠢ᠌ᠭᠤᠯᠵᠤ᠂ ᠶᠡᠷᠦᠩᠬᠡᠶ ᠪᠡᠯᠡ ᠣᠷᠣᠭᠤᠯᠤᠯᠲᠠ᠎ᠨᠢ 1.3 ᠳ᠋ᠦᠩᠰᠢᠭᠤᠷ ᠲᠥᠭᠥᠷᠢᠭ᠎ᠲᠤ ᠬᠦᠷᠪᠡ᠃ ᠲᠣᠰ ᠲᠥᠪ᠎ᠨᠢ ᠪᠣᠷᠣᠲᠣᠬᠣᠶ ᠵᠢᠨ ᠭᠠᠵᠠᠷ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠦᠢᠯᠡᠳᠪᠦᠷᠢᠯᠡᠯ᠎ᠤᠨ ᠴᠢᠬᠤᠯᠠ ᠡᠯᠧᠮᠧᠨ᠋ᠲ᠎ᠤᠨ ᠰᠢᠨ᠎ᠡ ᠵᠢ ᠡᠭᠦᠳᠬᠦ ᠴᠢᠨᠠᠷᠲᠠᠶ ᠲᠣᠬᠢᠷᠠᠭᠤᠯᠤᠯᠲᠠ᠂ ᠮᠡᠷᠭᠡᠵᠢᠯ᠎ᠤᠨ ᠬᠤᠪᠢᠰᠬᠠᠯᠲᠤ ᠴᠢᠨᠠᠷᠲᠠᠶ ᠰᠢᠪᠲᠤᠯᠤᠯᠲᠠ ᠪᠠ ᠠᠵᠤ ᠦᠢᠯᠡᠰ᠎ᠤᠨ ᠭᠦᠨᠵᠡᠭᠡᠶ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠎ᠪᠠᠷ ᠲᠦᠰᠢᠭ ᠪᠣᠯᠭ᠋ᠠᠵᠤ᠂ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠭᠠᠷᠳᠠᠴᠠ ᠪᠣᠯᠭ᠋ᠠᠨ᠂ ᠡᠪᠡᠰᠦᠨ᠎ᠤ ᠠᠵᠤ ᠦᠢᠯᠡᠰ᠎ᠤᠨ ᠮᠡᠷᠭᠡᠵᠢᠯ᠎ᠢ ᠬᠠᠮᠲᠤ᠎ᠪᠠᠷ ᠡᠳ᠋ᠯᠡᠬᠦ ᠲᠠᠪᠴᠠᠩ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠤᠯᠠᠷᠢᠭᠤᠯᠬᠤ ᠲᠠᠪᠴᠠᠩ᠎ᠢ ᠪᠦᠷᠢᠯᠳᠦᠭᠦᠯᠵᠦ᠂ ᠣᠲᠣ ᠦᠶ᠎ᠡ ᠵᠢᠨ ᠲᠠᠷᠢᠶᠠᠯᠠᠩ᠎ᠤᠨ ᠠᠵᠤ ᠦᠢᠯᠡᠰ᠎ᠤᠨ ᠰᠢᠰᠲ᠋ᠧᠮᠵᠢ ᠵᠢ ᠬᠥᠲᠥᠯᠥᠨ ᠳᠠᠭ᠋ᠠᠭᠤᠯᠵᠤ ᠪᠠᠢ᠌ᠭᠤᠯᠤᠨ᠂ ᠣᠷᠣᠨ ᠪᠦᠰᠡ ᠵᠢᠨ ᠲᠠᠷᠢᠶᠠᠯᠠᠩ ᠮᠠᠯ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ᠎ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠨ᠎ᠡ᠃
     ᠲᠠᠷᠠᠭ᠋ᠠᠴᠢ ᠵᠢᠨ ᠠᠯᠬᠤᠮ᠎ᠳᠤ᠂ ᠤᠮᠠᠷᠠᠲᠤ ᠵᠢᠨ ᠲᠥᠪ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠳᠠᠪᠠᠭᠤᠯᠢᠭ ᠵᠶ᠋ᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ᠂ ᠠᠵᠤ ᠠᠬᠤᠢ᠌ᠯᠠᠯ ᠵᠡᠷᠭᠡ ᠰᠢᠨ᠎ᠡ ᠵᠢ ᠡᠭᠦᠳᠬᠦ ᠭᠣᠤᠯ ᠴᠣᠭᠴᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂ ᠮᠡᠷᠭᠡᠵᠢᠯ᠎ᠢ ᠰᠤᠳᠤᠯᠤᠨ ᠨᠡᠭᠡᠭᠡᠬᠦ᠂ ᠴᠢᠳᠠᠪᠤᠷᠢᠲᠠᠨ᠎ᠢ ᠬᠥᠮᠦᠵᠢᠭᠦᠯᠬᠦ᠂ ᠠᠵᠤ ᠦᠢᠯᠡᠰ᠎ᠢ ᠨᠡᠪᠴᠢᠭᠦᠯᠬᠦ ᠵᠡᠷᠭᠡ ᠬᠦᠷᠢᠶᠡᠨ᠎ᠳᠤ ᠬᠠᠮᠵᠢᠯᠴᠠᠨ ᠬᠦᠴᠦᠯᠡᠵᠦ᠂ ᠮᠡᠷᠭᠡᠵᠢᠯ᠎ᠤᠨ ᠨᠥᠯᠥᠭᠡᠯᠡᠬᠦ ᠦᠢᠯᠡᠳᠦᠯ ᠵᠶ᠋ᠡᠷ ᠳᠠᠮᠵᠢᠭᠤᠯᠤᠨ᠂ ᠣᠷᠣᠨ ᠪᠦᠰᠡ ᠵᠢᠨ ᠲᠠᠷᠢᠶᠠᠯᠠᠩ ᠮᠠᠯ ᠠᠵᠤ ᠠᠬᠤᠶ ᠵᠢᠨ ᠪᠥᠬᠥ ᠲᠠᠯ᠎ᠠ᠎ᠪᠠᠷ ᠲᠠᠰ ᠳᠡᠪᠰᠢᠬᠦ ᠵᠢ ᠠᠬᠢᠭᠤᠯᠵᠤ᠂ ᠥᠪᠥᠷ ᠮᠣᠩᠭᠣᠯ ᠴᠢᠨᠠᠭᠰᠢᠯᠠᠪᠠᠯ ᠪᠥᠬᠥ ᠤᠯᠤᠰ᠎ᠤᠨ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ᠎ᠳᠤ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠰᠦᠨ ᠦᠢ᠍ᠯᠡᠰ᠎ᠤᠨ ᠤᠯᠤᠰ᠎ᠤᠨ ᠰᠢᠨ᠎ᠡ ᠵᠢ ᠡᠭᠦᠳᠬᠦ ᠲᠥᠪ《ᠴᠠᠭ᠋ᠠᠨ ᠢᠳᠡᠭᠡᠨ᠎ᠤ ᠠᠮᠤᠷ ᠲᠦᠪᠰᠢᠨ ᠬᠢᠭᠡᠳ ᠶᠠᠰᠤ ᠴᠢᠨᠠᠷ᠎ᠤᠨ ᠰᠤᠳᠤᠯᠭ᠋ᠠᠨ᠎ᠤ ᠮᠡᠷᠭᠡᠵᠢᠯ᠎ᠤᠨ ᠶᠠᠷᠢᠶᠠᠨ᠎ᠤ ᠲᠠᠪᠴᠠᠩ》ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠣᠨ》᠎ᠤ ᠠᠵᠢᠯᠯᠠᠭ᠎ᠠ ᠵᠢ ᠡᠬᠢᠯᠡᠭᠦᠯᠪᠡ
ᠬᠣᠣᠰ ᠰᠢᠪᠲᠤᠯᠤᠯᠲᠠ! 856 ᠵᠦᠢᠯ᠎ᠤᠨ ᠨᠥᠬᠥᠪᠥᠷᠢ ᠮᠥᠩᠭᠥ 6892.3 ᠲᠦᠮᠡᠨ ᠲᠥᠭᠥᠷᠢᠭ!
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠪᠤᠭᠤᠷᠤᠯᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠠᠮ᠎ᠤᠨ ᠡᠭᠦᠷ᠎ᠤᠨ ᠬᠤᠭᠤᠴᠠᠭ᠎ᠠ ᠰᠣᠯᠢᠬᠤ ᠰᠣᠩᠭᠣᠭᠤᠯᠢ ᠵᠢᠴᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠪᠤᠭᠤᠷᠤᠯᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠠᠮ᠎ᠤᠨ ᠡᠭᠦᠷ᠎ᠤᠨ ᠰᠣᠩᠭᠣᠭᠤᠯᠢ ᠵᠢᠨ ᠠᠵᠢᠯ ᠲᠡᠭᠦᠰ ᠠᠮᠵᠢᠯᠲᠠ᠎ᠲᠠᠢ ᠪᠡᠶᠡᠯᠡᠭᠳᠡᠪᠡ
《ᠮᠧᠩ ᠺᠧ ᠵᠢᠦᠢ》ᠲᠠᠨᠢᠯᠴᠠᠭᠤᠯᠭ᠎ᠠ᠎ᠪᠠᠷ ᠬᠣᠶᠠᠷ ᠲᠣᠮᠣ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢᠯ᠎ᠨᠢ ᠳᠤᠯᠠᠭ᠋ᠠᠨ ᠬᠣᠲᠠ᠎ᠳᠤ ᠵᠣᠯᠭ᠋ᠠᠪᠠ
 
            