ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠡᠳ᠎ᠤᠨ ᠵᠠᠰᠠᠭ᠎ᠤᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠨᠢᠭᠡᠴᠢ᠄
《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 (ᠥᠪᠥᠷ ᠨᠠᠮ ᠲᠠᠷᠬᠠᠭ᠋ᠠᠭᠰᠠᠨ 202420 ᠳ᠋ᠤᠭ᠋ᠠᠷ ᠲᠣᠭ᠋ᠠᠲᠤ)᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠷᠣᠭᠰᠢ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠠᠷᠭ᠎ᠠ〉 ᠵᠢᠨ ᠬᠣᠯᠪᠣᠭᠳᠠᠯ ᠪᠥᠬᠥᠶ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠥᠰᠥᠭ [2024]66 ᠳ᠋ᠤᠭ᠋ᠠᠷ ᠲᠣᠭ᠋ᠠᠲᠤ) ᠪᠠ 《ᠡᠳ᠋᠎ᠤᠨ ᠵᠠᠰᠠᠭ᠎ᠤᠨ ᠬᠦᠷᠢᠶ᠎ᠡ ᠴᠠᠷᠠᠭ᠎ᠠ᠎ᠳᠤ ᠤᠯᠠᠮ ᠨᠢᠭᠡ ᠠᠯᠬᠤᠮ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠦᠢᠯᠡᠴᠢᠯᠡᠭᠡ ᠵᠢ ᠰᠢᠯᠢᠳᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2024]52 ᠳ᠋ᠤᠭ᠋ᠠᠷ ᠲᠣᠭ᠋ᠠᠲᠤ)᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠠᠴᠠ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 (ᠥᠪᠥᠷ ᠡᠳ᠋᠎ᠤᠨ ᠵᠠᠰᠠᠭ ᠰᠢᠨᠵᠢᠯᠡᠬᠦ ᠤᠬᠠᠭ᠋ᠠᠨ ᠮᠡᠷᠭᠡᠵᠢᠯ ᠲᠣᠭᠲᠠᠭ᠋ᠠᠯ [2023]11 ᠳ᠋ᠦ᠍ᠭᠡᠷ ᠲᠣᠭ᠋ᠠᠲᠤ)᠎ᠳᠤ ᠵᠠᠰᠠᠪᠤᠷᠢ ᠣᠷᠣᠭᠤᠯᠪᠠ᠂ ᠡᠳᠦᠭᠡ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠭᠦᠢᠴᠡᠳᠬᠡᠭᠡᠷᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
2025 ᠣᠨ᠎ᠤ 2 ᠳ᠋ᠤᠭ᠋ᠠᠷ ᠰᠠᠷ᠎ᠠ ᠵᠢᠨ 27᠎ᠤ ᠡᠳᠦᠷ