ᠡᠨᠡ ᠪᠣᠯ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠪᠡᠳᠡᠭᠰᠢ ᠳᠠᠢ᠌ᠯᠠᠯᠭ᠎ᠠ ᠮᠥᠨ᠂ ᠡᠨᠡ ᠪᠣᠯ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠭᠥᠷᠳᠡᠬᠦ ᠴᠣ᠋ ᠰᠢᠨ᠎ᠡ ᠠᠶᠠᠯᠠᠯ ᠮᠥᠨ᠃
ᠣᠢ᠌ᠷ᠎ᠠ᠎ᠳᠤ᠂ 《ᠮᠧᠩ ᠺᠧ ᠵᠢᠦᠢ》 ᠵᠢᠨ ᠲᠠᠨᠢᠯᠴᠠᠭᠤᠯᠭ᠎ᠠ ᠳᠣᠤᠷ᠎ᠠ᠂ ᠡᠵᠡᠨ ᠬᠣᠷᠣᠭ᠎ᠠ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠰᠢ ᠠᠨ᠎ᠤ ᠮᠧᠶ ᠨᠠᠨ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠂ ᠰᠢ ᠠᠨ᠎ᠤ ᠬᠠᠩ ᠺᠧ ᠴᠤᠸᠠᠩ ᠰᠢᠩ ᠡᠯᠧᠺᠲᠷᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠠᠮᠵᠢᠯᠲᠠ᠎ᠲᠠᠢ《ᠭᠠᠷ ᠬᠣᠯᠪᠣᠵᠤ》᠂ ᠲᠣᠰ ᠲᠣᠰ ᠪᠠᠯᠠ ᠣᠷᠣᠭᠤᠯᠤᠨ ᠬᠠᠮᠲᠤᠷᠠᠯᠴᠠᠬᠤ ᠵᠥᠪᠯᠡᠯᠴᠡᠭᠡᠷ ᠲᠣᠭᠲᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠪᠠ ᠣᠷᠣᠨ ᠨᠤᠲᠤᠭ᠎ᠤᠨ ᠠᠵᠤ ᠦᠢᠯᠡᠰ᠎ᠢ ᠬᠠᠮᠵᠢᠯᠴᠠᠨ ᠬᠥᠭᠵᠢᠭᠦᠯᠬᠦ ᠰᠢᠨ᠎ᠡ ᠬᠠᠭᠤᠳᠠᠰᠤ ᠵᠢ ᠰᠡᠬᠦᠪᠡ᠃


ᠭᠡᠷ᠎ᠡ ᠲᠣᠭᠲᠠᠬᠤ ᠬᠤᠷᠠᠯ ᠳᠡᠭᠡᠷ᠎ᠡ᠂ ᠰᠢ ᠠᠨ᠎ᠤ ᠮᠧᠢ ᠨᠠᠨ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠭᠠᠷᠤᠨ ᠦᠰᠦᠭ ᠵᠢᠷᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨ᠎ᠡ ᠮᠠᠲ᠋ᠧᠷᠢᠶᠠᠯ᠎ᠤᠨ ᠲᠦᠷᠦᠯ ᠵᠦᠢ᠍ᠯ᠎ᠤᠨ ᠶᠡᠷᠦᠩᠬᠡᠢ ᠪᠡᠯᠡ ᠣᠷᠣᠭᠤᠯᠤᠯᠲᠠ 10 ᠳ᠋ᠦᠩᠰᠢᠭᠤᠷ ᠲᠥᠭᠥᠷᠢᠭ᠎ᠲᠤ ᠬᠦᠷᠴᠦ᠂ ᠵᠢᠱ᠌ᠢᠯᠲᠡ᠎ᠪᠠᠷ ᠵᠢᠯ᠎ᠤᠨ ᠦᠢ᠍ᠯᠡᠳᠬᠦᠨ᠎ᠤ ᠦᠷᠳᠡᠭ᠎ᠨᠢ 12 ᠳ᠋ᠦᠩᠰᠢᠭᠤᠷ ᠲᠥᠭᠥᠷᠢᠭ᠎ᠲᠤ ᠬᠦᠷᠴᠦ᠂ ᠵᠢᠯ᠎ᠤᠨ ᠭᠠᠢ᠌ᠯᠢ ᠵᠢᠨ ᠣᠷᠣᠯᠭ᠎ᠠ᠎ᠨᠢ 1 ᠳ᠋ᠦᠩᠰᠢᠭᠤᠷ ᠲᠥᠭᠥᠷᠢᠭ᠎ᠢ ᠳᠠᠪᠠᠵᠤ᠂ ᠤᠷᠳᠤᠰ᠎ᠤᠨ ᠦᠷᠭᠦᠯᠵᠢᠯᠡᠬᠦ ᠬᠥᠭᠵᠢᠯᠲᠡ ᠵᠢᠨ ᠬᠦᠷᠢᠶᠡᠨ᠎ᠳᠠᠬᠢ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠲᠡᠰ ᠳᠡᠪᠰᠢᠬᠦ ᠵᠢ ᠠᠬᠢᠭᠤᠯᠬᠤ ᠪᠣᠯᠤᠨ᠎ᠠ᠃ ᠲᠥᠷᠥᠯ ᠵᠦᠢ᠍ᠯ ᠠᠰᠢᠭᠯᠠᠯᠲᠠ᠎ᠳᠤ ᠤᠷᠤᠭᠰᠠᠨ᠎ᠤ ᠳᠠᠷᠠᠭ᠎ᠠ᠂ ᠵᠢᠱ᠌ᠢᠯᠲᠡ᠎ᠪᠠᠷ ᠵᠢᠯ ᠪᠦᠷᠢ 2 ᠳ᠋ᠦᠩᠰᠢᠭᠤᠷ ᠲᠥᠭᠥᠷᠢᠭ᠎ᠤᠨ ᠦᠢ᠍ᠯᠡᠳᠬᠦᠨ᠎ᠤ ᠥᠷᠲᠡᠭ᠎ᠢ ᠪᠡᠶᠡᠯᠡᠭᠦᠯᠵᠦ᠂ ᠵᠢᠯ᠎ᠤᠨ ᠭᠠᠢ᠌ᠯᠢ ᠵᠢᠨ ᠣᠷᠣᠯᠭ᠎ᠠ ᠵᠢ 2000 ᠲᠦᠮᠡᠨ ᠲᠥᠭᠥᠷᠢᠭ᠎ᠠᠴᠠ ᠳᠣᠣᠷ᠎ᠠ ᠪᠠᠢ᠌ᠯᠭ᠋ᠠᠬᠤ ᠦᠭᠡᠶ᠃ ᠲᠣᠭ᠋ᠠᠴᠢᠯᠠᠭᠰᠠᠨ ᠬᠡᠮᠵᠢᠭᠦᠷ᠎ᠤᠨ ᠲᠥᠷᠥᠯ ᠵᠦᠢᠯ᠎ᠢ ᠨᠠᠢ᠌ᠳᠠᠪᠤᠷᠢᠵᠢᠭᠤᠯᠵᠤ᠂ ᠣᠷᠳᠣᠰ᠎ᠤᠨ ᠲᠣᠭ᠋ᠠᠴᠢᠯᠠᠭᠰᠠᠨ ᠦᠢᠯᠡᠳᠬᠦ ᠬᠦᠷᠢᠶᠡᠨ᠎ᠳᠠᠬᠢ ᠬᠥᠭᠵᠢᠯᠲᠡ ᠵᠢᠨ ᠳᠠᠪᠠᠭᠤᠯᠢᠭ᠎ᠢ ᠤᠯᠠᠮ ᠨᠢᠭᠡ ᠠᠯᠬᠤᠮ ᠪᠡᠬᠢᠵᠢᠭᠦᠯᠦᠨ᠎ᠡ᠃
《ᠣᠷᠳᠣᠰ ᠬᠣᠲᠠ ᠰᠢ ᠠᠨ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠥᠨᠳᠥᠷᠯᠢᠭ ᠭᠠᠵᠠᠷ᠎ᠯᠤᠭ᠎ᠠ ᠵᠢᠨ ᠬᠠᠮᠲᠤᠷᠠᠯᠴᠠᠭ᠎ᠠ᠎ᠪᠠᠨ ᠠᠰᠢᠭᠯᠠᠨ᠂ ᠰᠢᠨ᠎ᠡ ᠵᠢ ᠡᠭᠦᠳᠬᠦ ᠬᠥᠭᠵᠢᠯᠲᠡ ᠵᠢᠨ ᠠᠷᠭ᠎ᠠ ᠵᠠᠮ᠎ᠢ ᠲᠠᠰᠤᠷᠠᠯᠲᠠ ᠥᠬᠡᠶ ᠰᠦᠪᠡᠭᠴᠢᠯᠡᠵᠦ᠂ ᠠᠵᠤ ᠦᠢᠯᠡᠰ᠎ᠤᠨ ᠲᠠᠰ ᠳᠡᠪᠰᠢᠬᠦ᠂ ᠪᠣᠬᠢᠷᠲᠤᠯ ᠥᠬᠡᠶ ᠬᠥᠭᠵᠢᠯᠲᠡ ᠵᠡᠷᠭᠡ ᠲᠠᠯ᠎ᠠ᠎ᠪᠠᠷ ᠨᠠᠩ ᠣᠯᠠᠨ ᠰᠢᠪᠲᠤᠯᠤᠯᠲᠠ ᠵᠢᠨ ᠴᠢᠨᠠᠷᠲᠠᠶ ᠦᠷ᠎ᠡ ᠪᠦᠲᠦᠭᠡᠯ ᠤᠯᠬᠤ ᠪᠣᠯᠤᠨ᠎ᠠ᠃》 ᠮᠸᠩ ᠺᠸ ᠵᠢᠤᠢ 《ᠤᠷᠳᠤᠰ᠎ᠤᠨ ᠬᠤᠪᠢᠶᠠᠷᠢ ᠲᠥᠪ᠎ᠤᠨ ᠬᠠᠷᠢᠭᠤᠴᠠᠯᠭ᠋ᠠᠲᠠᠨ᠂ ᠢᠷᠡᠭᠡᠳᠦᠢ᠎ᠳᠤ ᠪᠢᠳᠡ ᠬᠥᠭᠥᠷᠭᠡ ᠵᠢᠨ ᠦᠢ᠍ᠯᠡᠳᠦᠯ ᠵᠶ᠋ᠡᠨ ᠦᠷᠭᠦᠯᠵᠢᠯᠡᠨ ᠪᠠᠳᠠᠷᠠᠭᠤᠯᠵᠤ᠂ ᠨᠡᠩ ᠤᠯᠠᠨ ᠰᠢᠨ᠎ᠡ ᠵᠢ ᠡᠭᠦᠳᠬᠦ ᠲᠦᠷᠦᠯ ᠵᠦᠢ᠍ᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠤᠷᠳᠤᠰ ᠣᠷᠣᠨ᠎ᠤ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠬᠤ ᠪᠠ ᠪᠣᠬᠢᠷᠲᠤᠯ ᠦᠭᠡᠢ ᠬᠥᠭᠵᠢᠬᠦ᠎ᠳᠤ ᠦᠷᠭᠦᠯᠵᠢᠯᠡᠨ ᠬᠥᠳᠡᠯᠭᠡᠬᠦ ᠬᠦᠴᠦᠨ ᠬᠠᠩᠭ᠋ᠠᠨ᠎ᠠ ᠭᠡᠵᠦ ᠢᠯᠡᠳᠬᠡᠪᠡ᠃
《ᠮᠸᠩ ᠺᠸ ᠵᠢᠦᠢ》᠎ᠨᠢ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠶᠡᠷᠦᠩᠬᠡᠢ ᠲᠠᠪᠴᠠᠩ᠂ ᠶᠡᠷᠦᠩᠬᠡᠢ ᠬᠦᠢ᠍ᠰᠦ ᠪᠣᠯᠤᠭᠰᠠᠨ᠎ᠤ ᠬᠤᠪᠢ᠎ᠳᠤ᠂ 《ᠪᠦᠭᠡᠮᠨᠡᠷᠡᠭᠦᠯᠬᠦ ᠬᠤᠪᠢᠷᠠᠭᠤᠯᠬᠤ》 ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠪᠠ ᠣᠷᠣᠨ ᠨᠤᠲᠤᠭ᠎ᠤᠨ ᠠᠵᠤ ᠦᠢ᠍ᠯᠡᠰ᠎ᠤᠨ ᠬᠡᠷᠡᠭᠴᠡᠭᠡ ᠱᠠᠭ᠋ᠠᠷᠳᠠᠯᠭ᠎ᠠ ᠵᠢ ᠪᠤᠢ ᠪᠣᠯᠭ᠋ᠠᠬᠤ ᠬᠥᠭᠥᠷᠭᠡ ᠵᠢ ᠪᠤᠰᠬᠠᠵᠤ᠂ ᠲᠤᠷᠰᠢᠯᠲᠠ ᠵᠢᠨ ᠲᠠᠰᠤᠭ᠎ᠠᠴᠠ ᠦᠢ᠍ᠯᠡᠳᠪᠦᠷᠢᠯᠡᠯ᠎ᠤᠨ ᠱᠤᠭᠤᠮ ᠬᠦᠷᠲᠡᠯ᠎ᠡ ᠣᠨᠳᠣᠣᠰᠢᠭᠤᠯᠬᠤ 《ᠲᠦᠷᠭᠡᠨ᠎ᠤ ᠵᠠᠮ》᠎ᠢ ᠨᠡᠪᠲᠡᠷᠡᠭᠦᠯᠵᠦ᠂ ᠲᠠᠯ᠎ᠠ ᠨᠤᠲᠤᠭ᠎ᠤᠨ 《ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠴᠡᠴᠡᠭ》᠎ᠨᠢ ᠡᠯᠪᠡᠭ ᠪᠠᠶᠠᠯᠢᠭ 《ᠠᠵᠤ ᠦᠢ᠍ᠯᠡᠰ᠎ᠤᠨ ᠦᠷ᠎ᠡ ᠪᠦᠲᠦᠭᠡᠯ》᠎ᠲᠠᠢ ᠪᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠬᠦ ᠪᠣᠯᠤᠨ᠎ᠠ᠃