ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠮᠲᠤᠷᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2025-03-04

 
    《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》᠂《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠷᠣᠭᠰᠢ ᠰᠢᠯᠵᠢᠭᠦᠯᠦᠨ ᠥᠭᠬᠦ ᠬᠠᠮᠢᠶᠠᠷᠤᠯᠲᠠ ᠵᠢᠨ ᠠᠷᠭ᠎ᠠ〉 ᠵᠢᠨ ᠬᠣᠯᠪᠣᠭᠳᠠᠯ ᠪᠥᠬᠥᠶ ᠠᠭᠤᠯᠭ᠎ᠠ᠎ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》ᠪᠠ《ᠡᠳ᠋᠎ᠤᠨ ᠵᠠᠰᠠᠭ᠎ᠤᠨ ᠬᠦᠷᠢᠶᠡᠨ᠎ᠳᠠᠬᠢ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠵᠤ ᠦᠢᠯᠡᠴᠢᠯᠡᠭᠡ ᠵᠢ ᠰᠢᠯᠢᠳᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》ᠭᠡᠵᠦ ᠲᠣᠪᠴᠢᠯᠠᠨ᠎ᠠ)᠎ᠳᠤ ᠵᠠᠰᠠᠪᠤᠷᠢ ᠣᠷᠣᠭᠤᠯᠪᠠ᠂ 2 ᠰᠠᠷ᠎ᠠ ᠵᠢᠨ 27᠎ᠤ ᠡᠳᠦᠷ᠎ᠠᠴᠠ ᠡᠬᠢᠯᠡᠨ ᠵᠢᠩᠬᠢᠨᠢ᠎ᠪᠠᠷ ᠬᠡᠷᠡᠭᠵᠢᠭᠦᠯᠦᠨ᠎ᠡ᠃
    ᠣᠳᠣᠬᠠᠨ᠎ᠳᠤ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠨ᠎ᠳᠠᠬᠢ《ᠪᠠᠭᠤᠯᠭ᠋ᠠᠬᠤ ᠬᠠᠮᠢᠶᠠᠷᠬᠤ ᠦᠢᠯᠡᠴᠢᠯᠡᠬᠦ》ᠠᠵᠢᠯ᠎ᠤᠨ ᠭᠣᠤᠯᠳᠠᠯᠭ᠎ᠠ ᠪᠣᠯᠵᠣ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ ᠡᠳ᠋᠎ᠤᠨ ᠵᠠᠰᠠᠭ᠎ᠤᠨ ᠲᠤᠰᠬᠠᠶ ᠵᠦᠢᠯ᠎ᠤᠨ ᠪᠠᠯᠠ ᠮᠥᠩᠭᠥ ᠵᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠎ᠠ᠎ᠲᠠᠢ ᠳᠡᠭᠡᠳᠦ ᠬᠡᠮᠵᠢᠶ᠎ᠡ᠎ᠪᠠᠷ ᠵᠣᠬᠢᠴᠠᠯᠳᠤᠭᠤᠯᠵᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》᠎ᠳᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢᠯ᠎ᠤᠨ ᠪᠠᠯᠠ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠤᠨ ᠲᠥᠰᠦᠪ᠎ᠠᠴᠠ ᠳᠣᠭᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠬᠡᠷᠡᠭᠵᠢᠭᠦᠯᠦᠯᠲᠡ ᠵᠢ ᠳᠡᠮᠵᠢᠬᠦ ᠵᠢᠨ ᠲᠤᠰᠠᠳᠠ᠂ ᠭᠣᠤᠯᠳᠠᠭᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠤᠰᠬᠠᠶ ᠵᠦᠢᠯ᠎ᠤᠨ ᠪᠠᠯᠠ ᠮᠥᠩᠭᠥ ᠪᠠ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢ ᠪᠠᠭᠲᠠᠭ᠋ᠠᠨ᠎ᠠ᠃ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ᠎ᠳᠤ《ᠳᠠᠭ᠋ᠠᠭ᠋ᠠᠴᠢᠯᠠᠯᠲᠠ ᠵᠢᠨ ᠲᠦᠷᠢᠮ + ᠨᠠᠵᠠᠭ᠋ᠠᠶ ᠲᠠᠯ᠎ᠠ ᠵᠢᠨ ᠲᠣᠳᠣᠷᠬᠠᠶ ᠬᠠᠭᠤᠳᠠᠰᠤ》 ᠵᠢᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃
   《ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠲᠥᠷᠥᠯ ᠵᠦᠢᠯ᠎ᠢ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠂ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠂ ᠲᠥᠷᠥᠯ ᠵᠦᠢᠯ᠎ᠤᠨ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠪᠣᠯ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠭᠣᠣᠯ ᠴᠣᠭᠴᠠ ᠪᠣᠯᠬᠤ ᠪᠥᠭᠡᠳ ᠲᠤᠰᠬᠠᠶ ᠵᠦᠢ᠍ᠯ᠎ᠤᠨ ᠪᠡᠯᠡ ᠮᠥᠩᠭᠥ ᠵᠢᠨ ᠲᠥᠰᠦᠪ᠎ᠢ ᠨᠠᠢ᠌ᠷᠠᠭᠤᠯᠤᠨ ᠵᠣᠬᠢᠶᠠᠬᠤ᠂ ᠬᠡᠷᠡᠭᠵᠢᠭᠦᠯᠬᠦ ᠪᠠ ᠬᠤᠪᠢᠶᠠᠷᠢᠯᠠᠬᠤ ᠵᠢ ᠬᠠᠷᠢᠭᠤᠴᠠᠨ᠎ᠠ; ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠲᠤᠰᠬᠠᠶ ᠵᠦᠢᠯ᠎ᠤᠨ ᠪᠡᠯᠡ ᠮᠥᠩᠭᠥ ᠪᠠᠭᠤᠯᠭ᠋ᠠᠬᠤ᠂ ᠰᠠᠯᠭ᠋ᠠᠨ ᠥᠭᠬᠦ ᠵᠢᠴᠢ ᠠᠮᠵᠢᠯᠲᠠ ᠪᠦᠲᠦᠮᠵᠢ ᠵᠢ ᠦᠨᠡᠯᠡᠨ ᠵᠢᠱ᠌ᠢᠬᠦ᠂ ᠭᠣᠤᠯᠳᠠᠯᠭ᠎ᠠ᠎ᠲᠠᠢ ᠠᠮᠵᠢᠯᠲᠠ ᠪᠦᠲᠦᠮᠵᠢ ᠵᠢ ᠦᠨᠡᠯᠡᠬᠦ ᠪᠠ ᠡᠳ᠋᠎ᠤᠨ ᠶᠠᠪᠤᠳᠠᠯ᠎ᠤᠨ ᠬᠢᠨᠠᠯᠲᠠ ᠲᠠᠯᠪᠢᠬᠤ ᠵᠢ ᠬᠠᠷᠢᠭᠤᠴᠠᠨ᠎ᠠ; ᠲᠥᠷᠥᠯ ᠵᠦᠢ᠍ᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠦᠭᠦᠳ《ᠡᠷᠬᠡ ᠬᠠᠷᠢᠭᠤᠴᠠᠯᠭ᠎ᠠ ᠨᠢᠭᠡᠳᠦᠯᠲᠡᠶ᠂ ᠥᠪᠡᠷ᠎ᠢ᠎ᠪᠠᠨ ᠬᠢᠵᠠᠭ᠋ᠠᠷᠯᠠᠬᠤ᠂ ᠥᠪᠡᠷ᠎ᠢ᠎ᠪᠠᠨ ᠵᠢᠷᠤᠮᠵᠢᠭᠤᠯᠬᠤ᠂ ᠲᠤᠰᠴᠤ ᠠᠪᠤᠭ᠋ᠠᠳ ᠰᠠᠢ᠌ᠲᠤᠷ ᠬᠠᠮᠢᠶᠠᠷᠬᠤ》 ᠵᠠᠷᠴᠢᠮ ᠶᠣᠰᠣᠭ᠋ᠠᠷ᠂ ᠲᠤᠰ ᠨᠢᠭᠡᠴᠡ ᠵᠢᠨ ᠵᠶ᠋ᠡᠨ ᠲᠤᠰᠬᠠᠶ ᠪᠡᠯᠡ ᠮᠥᠩᠭᠥ ᠵᠢ ᠡᠵᠡᠨ ᠮᠡᠳᠡᠨ ᠬᠠᠮᠢᠶᠠᠷᠴᠤ ᠬᠡᠷᠡᠭᠯᠡᠨ᠎ᠡ; ᠲᠥᠷᠥᠯ ᠵᠦᠢᠯ᠎ᠤᠨ ᠬᠠᠷᠢᠭᠤᠴᠠᠯᠭ᠋ᠠᠲᠠᠨ᠎ᠨᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠠᠵᠢᠯᠯᠠᠭ᠎ᠠ ᠵᠢᠴᠢ ᠲᠥᠷᠥᠯ ᠵᠦᠢᠯ᠎ᠤᠨ ᠪᠠᠯᠠ ᠮᠥᠩᠭᠥ ᠵᠢᠨ ᠬᠡᠷᠡᠭᠯᠡᠯᠲᠡ ᠵᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ᠂ ᠲᠣᠭᠲᠠᠭ᠋ᠠᠯ᠎ᠳᠤ ᠨᠡᠢ᠌ᠴᠡᠬᠦ ᠴᠢᠨᠠᠷ ᠪᠠ ᠬᠠᠮᠢᠶ᠎ᠠ ᠪᠥᠬᠥᠶ ᠴᠢᠨᠠᠷ᠎ᠲᠤ ᠠᠵᠤ ᠠᠬᠤᠶ ᠬᠢᠭᠡᠳ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ ᠃
   《ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》᠎ᠳᠤ ᠲᠤᠰᠬᠠᠶ ᠪᠠᠯᠠ ᠮᠥᠩᠭᠥ ᠵᠢ ᠬᠠᠮᠢᠶᠠᠷᠬᠤ ᠪᠠ ᠬᠡᠷᠡᠭᠯᠡᠬᠦ᠎ᠳᠤ 《ᠡᠳ᠋᠎ᠤᠨ ᠬᠦᠴᠦᠨ᠎ᠢ ᠲᠥᠪᠯᠡᠷᠡᠭᠦᠯᠬᠦ᠂ ᠭᠣᠤᠯᠳᠠᠯᠭ᠎ᠠ ᠵᠢ ᠳᠣᠪᠣᠢ᠌ᠯᠭ᠋ᠠᠬᠤ᠂ ᠲᠥᠷᠥᠯ ᠬᠤᠪᠢᠶᠠᠨ ᠳᠡᠮᠵᠢᠬᠦ᠂ ᠣᠯᠠᠨ ᠲᠠᠯ᠎ᠠ᠎ᠠᠴᠠ ᠣᠷᠣᠭᠤᠯᠤᠯᠲᠠ ᠬᠢᠬᠦ᠂ ᠵᠢᠮ᠎ᠡ ᠶᠣᠰᠣ ᠵᠢ ᠵᠢᠷᠤᠮᠯᠠᠬᠤ᠂ ᠠᠵᠢᠯ᠎ᠤᠨ ᠠᠮᠵᠢᠯᠲᠠ ᠪᠦᠲᠦᠮᠵᠢ ᠵᠢ ᠴᠢᠬᠤᠯᠠᠴᠢᠯᠠᠬᠤ᠂ ᠢᠯᠡ ᠲᠣᠳᠣ ᠪᠠᠢ᠌ᠯᠭ᠋ᠠᠬᠤ᠂ ᠰᠢᠯᠢᠳᠡᠭ᠎ᠢ᠎ᠨᠢ ᠰᠣᠩᠭᠣᠨ ᠲᠤᠰᠠᠯᠠᠬᠤ》ᠵᠠᠷᠴᠢᠮ᠎ᠢ ᠵᠢᠷᠤᠮᠯᠠᠬᠤ ᠵᠢ ᠲᠣᠳᠣᠷᠬᠠᠢ᠌ᠯᠠᠪᠠ ᠃ ᠲᠤᠰᠬᠠᠶ ᠵᠦᠢᠯ᠎ᠤᠨ ᠪᠠᠯᠠ ᠮᠥᠩᠭᠥ᠎ᠳᠤ ᠠᠵᠢᠯ ᠬᠡᠷᠡᠭ᠎ᠤᠨ ᠡᠮᠦᠨ᠎ᠡ ᠲᠤᠰᠠᠯᠠᠬᠤ᠂ ᠠᠵᠢᠯ ᠬᠡᠷᠡᠭ᠎ᠤᠨ ᠳᠠᠷᠠᠭ᠎ᠠ ᠲᠤᠰᠠᠯᠠᠬᠤ ᠪᠠ ᠪᠤᠰᠤᠳ ᠳᠡᠮᠵᠢᠬᠦ ᠠᠷᠭ᠎ᠠ ᠮᠠᠶᠢᠭ᠎ᠢ ᠠᠪᠴᠤ᠂ ᠲᠥᠷᠥᠯ ᠵᠦᠢᠯ᠎ᠤᠨ ᠠᠷᠭ᠎ᠠ᠎ᠪᠠᠷ ᠬᠤᠪᠢᠶᠠᠷᠢᠯᠠᠨ᠎ᠠ᠃ ᠬᠡᠷᠡᠭ᠎ᠤᠨ ᠡᠮᠦᠨ᠎ᠡ ᠲᠤᠰᠠᠯᠠᠬᠤ ᠠᠷᠭ᠎ᠠ ᠮᠠᠶᠢᠭ ᠵᠶ᠋ᠠᠷ ᠬᠤᠪᠢᠶᠠᠷᠢᠯᠠᠬᠤ᠂ ᠥᠷᠢᠰᠥᠯᠳᠦᠭᠡᠨ ᠵᠶ᠋ᠡᠷ ᠰᠢᠯᠢᠳᠡᠭ᠎ᠢ᠎ᠨᠢ ᠰᠣᠩᠭᠣᠬᠤ᠂ ᠬᠠᠨᠳᠤᠯᠭ᠎ᠠ᠎ᠲᠠᠢ ᠨᠠᠢ᠌ᠳᠠᠬᠤ᠂  ᠲᠤᠩᠬᠠᠭ ᠨᠡᠢ᠌ᠲᠡᠯᠡᠨ ᠮᠠᠩᠯᠠᠢ᠌ᠯᠠᠭᠴᠢ ᠡᠯᠰᠡᠬᠦ᠂ ᠮᠣᠷᠢ ᠤᠷᠤᠯᠳᠤᠬᠤ ᠲᠦᠷᠢᠮ᠂ ᠣᠷᠳᠣ ᠦᠶᠡᠯᠡᠯ᠎ᠤᠨ ᠬᠤᠭᠤᠴᠠᠭ᠎ᠠ᠂ ᠬᠠᠮᠲᠤ ᠵᠢᠨ ᠲᠠᠨᠢᠯᠲᠠ ᠪᠤᠰᠤ ᠬᠠᠮᠢᠶᠠᠷᠤᠯᠲᠠ ᠵᠡᠷᠭᠡ ᠠᠷᠭ᠎ᠠ ᠮᠠᠶᠢᠭ ᠵᠶ᠋ᠠᠷ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠲᠥᠷᠥᠯ ᠵᠦᠢᠯ᠎ᠢ ᠡᠯᠰᠡᠨ ᠴᠤᠭᠯᠠᠭᠤᠯᠬᠤ᠂ ᠬᠢᠨᠠᠨ ᠲᠣᠭᠲᠠᠭ᠋ᠠᠬᠤ᠂ ᠲᠥᠷᠥᠯ ᠵᠦᠢᠯ ᠲᠣᠭᠲᠠᠭ᠋ᠠᠬᠤ᠂ ᠪᠠᠯᠠ ᠮᠥᠩᠭᠥ ᠬᠤᠪᠢᠶᠠᠷᠢᠯᠠᠬᠤ ᠪᠠ ᠪᠠᠭᠤᠯᠭ᠋ᠠᠬᠤ ᠵᠡᠷᠭᠡ ᠲᠠᠰ ᠳᠠᠷᠠᠭ᠋ᠠᠯᠠᠯ ᠵᠶ᠋ᠠᠷ ᠵᠣᠬᠢᠶᠠᠨ ᠪᠠᠢ᠌ᠭᠤᠯᠤᠨ᠎ᠠ; ᠬᠡᠷᠡᠭ᠎ᠤᠨ ᠳᠠᠷᠠᠭ᠎ᠠ ᠲᠤᠰᠠᠯᠠᠬᠤ ᠪᠠ ᠨᠣᠷᠮ᠎ᠠ ᠲᠣᠭᠲᠠᠭ᠋ᠠᠨ ᠲᠤᠰᠠᠯᠠᠬᠤ ᠵᠢ ᠬᠠᠮᠢᠶ᠎ᠠ ᠪᠦᠬᠦᠢ ᠬᠠᠮᠢᠶᠠᠷᠤᠯᠲᠠ ᠵᠢᠨ ᠠᠷᠭ᠎ᠠ ᠪᠠ ᠬᠡᠷᠡᠭᠵᠢᠭᠦᠯᠬᠦ ᠲᠥᠰᠦᠯ ᠶᠣᠰᠣᠭ᠋ᠠᠷ ᠵᠣᠬᠢᠶᠠᠨ ᠪᠠᠢ᠌ᠭᠤᠯᠤᠨ᠎ᠠ; ᠤᠯᠤᠰ᠎ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ᠂ ᠠᠢ᠌ᠮᠠᠭ ᠬᠣᠲᠠ ᠵᠡᠷᠭᠡ᠎ᠲᠠᠢ ᠬᠠᠮᠲᠤᠷᠠᠨ ᠬᠠᠮᠲᠤᠪᠠᠷ ᠬᠡᠷᠡᠭᠵᠢᠭᠦᠯᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠢ ᠬᠠᠮᠢᠶ᠎ᠠ ᠪᠦᠬᠦᠢ ᠲᠣᠭᠲᠠᠭ᠋ᠠᠯ ᠪᠤᠶᠤ ᠵᠥᠪᠯᠡᠯᠴᠡᠭᠡᠷ᠎ᠤᠨ ᠶᠣᠰᠣᠭ᠋ᠠᠷ ᠵᠣᠬᠢᠶᠠᠨ ᠪᠠᠢ᠌ᠭᠤᠯᠤᠨ᠎ᠠ; ᠣᠨᠴᠠ ᠴᠢᠬᠤᠯᠠ ᠶᠡᠬᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠳᠤ 《ᠨᠢᠭᠡ ᠤᠴᠢᠷ᠎ᠢ ᠨᠢᠭᠡ ᠵᠥᠪᠯᠡᠬᠦ》 ᠠᠷᠭ᠎ᠠ ᠮᠠᠶᠢᠭ ᠵᠶ᠋ᠠᠷ ᠲᠤᠰᠬᠠᠶ ᠰᠡᠳᠦᠪᠲᠦ ᠳᠡᠮᠵᠢᠯᠭᠡ ᠦᠵᠡᠭᠦᠯᠵᠦ ᠪᠣᠯᠤᠨ᠎ᠠ᠃
   《ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》᠎ᠳᠤ ᠲᠤᠰᠬᠠᠶ ᠪᠠᠯᠠ ᠮᠥᠩᠭᠥ ᠵᠢ ᠬᠠᠮᠢᠶᠠᠷᠴᠤ ᠬᠡᠷᠡᠭᠯᠡᠬᠦ ᠵᠢ ᠲᠣᠳᠣᠷᠬᠠᠶ ᠵᠢᠷᠤᠮᠵᠢᠭᠤᠯᠪᠠ ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠵᠶ᠋ᠡᠷ ᠨᠤᠲᠠᠯᠠᠭᠤᠯᠤᠭ᠋ᠠᠳ ᠬᠦᠴᠦᠨ ᠦᠭᠡᠶ ᠪᠣᠯᠭ᠋ᠠᠬᠤ ᠪᠤᠶᠤ ᠵᠣᠭᠰᠣᠭ᠋ᠠᠬᠤ ᠴᠢᠬᠤᠯᠠ᠎ᠲᠠᠢ ᠲᠥᠷᠥᠯ ᠵᠦᠢ᠍ᠯ᠎ᠳᠤ ᠪᠡᠶᠡᠴᠢ ᠪᠤᠰᠤᠳᠴᠢ ᠰᠢᠯᠲᠠᠭ᠋ᠠᠨ ᠵᠶ᠋ᠠᠷ ᠢᠯᠭ᠋ᠠᠨ ᠬᠤᠪᠢᠶᠠᠵᠤ ᠪᠡᠯᠡ ᠮᠥᠩᠭᠥ᠎ᠪᠠᠨ ᠪᠤᠴᠠᠭ᠋ᠠᠨ ᠠᠪᠬᠤ ᠵᠢ ᠠᠩᠬ᠎ᠠ ᠤᠳᠠᠭ᠎ᠠ ᠳᠤᠷᠠᠳᠪᠠ; ᠲᠥᠰᠦᠪ᠎ᠤᠨ ᠳᠣᠲᠣᠷᠠᠬᠢ ᠦᠯᠡᠳᠡᠪᠦᠷᠢ ᠪᠠᠯᠠ ᠮᠥᠩᠭᠥ ᠵᠢᠨ ᠡᠵᠡᠯᠡᠬᠦ ᠬᠠᠷᠢᠴᠠᠯ᠎ᠨᠢ 30 %᠎ᠠᠴᠠ ᠬᠡᠲᠦᠷᠡᠭᠰᠡᠨ ᠲᠥᠷᠥᠯ ᠵᠦᠢᠯ᠎ᠳᠤ᠂ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠨᠢ ᠦᠯᠡᠳᠡᠪᠦᠷᠢ ᠪᠠᠯᠠ ᠮᠥᠩᠭᠥ ᠵᠢᠨ ᠪᠣᠶ ᠪᠣᠯᠤᠭᠰᠠᠨ ᠰᠢᠯᠲᠠᠭ᠋ᠠᠨ᠎ᠢ ᠲᠣᠳᠣᠷᠬᠠᠢ᠌ᠯᠠᠬᠤ ᠬᠡᠷᠡᠭᠲᠡᠶ; ᠠᠮᠵᠢᠯᠲᠠ ᠪᠦᠲᠦᠮᠵᠢ᠎ᠪᠠᠷ ᠤᠳᠤᠷᠢᠳᠤᠮᠵᠢ ᠪᠣᠯᠭ᠋ᠠᠬᠤ ᠵᠢ ᠴᠢᠩᠭ᠋ᠠᠳᠬᠠᠵᠤ᠂ ᠶᠠᠪᠤᠴᠠ ᠵᠢ ᠴᠢᠬᠤᠯᠠᠴᠢᠯᠠᠵᠤ ᠪᠠᠢ᠌ᠭᠰᠠᠨ᠎ᠠᠴᠠ ᠦᠷ᠎ᠡ ᠳ᠋ᠦᠩ᠎ᠢ ᠴᠢᠬᠤᠯᠠᠴᠢᠯᠠᠬᠤ ᠪᠣᠯᠭ᠋ᠠᠨ ᠬᠤᠪᠢᠷᠠᠭᠤᠯᠬᠤ ᠵᠢᠨ ᠬᠠᠮᠲᠤ᠂ ᠲᠥᠷᠥᠯ ᠵᠦᠢᠯ᠎ᠢ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ ᠪᠠ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ ᠵᠢᠨ ᠠᠮᠵᠢᠯᠲᠠ ᠪᠦᠲᠦᠮᠵᠢ ᠵᠢ ᠦᠨᠡᠯᠡᠬᠦ ᠪᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠵᠢ ᠴᠢᠩᠭ᠋ᠠᠳᠬᠠᠨ᠎ᠠ ᠃
     ᠣᠢ᠌ᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠷᠬᠡᠭ ᠤᠯᠤᠰ᠎ᠢ ᠪᠥᠲᠥᠭᠡᠨ ᠪᠠᠢ᠌ᠭᠤᠯᠬᠤ ᠲᠤᠬᠠᠶ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠦᠨ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠲᠦᠷᠭᠡᠳᠬᠡᠨ ᠬᠥᠭᠵᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ ᠵᠢᠨ ᠪᠦᠬᠦᠯᠢ ᠴᠣᠭᠴᠠ ᠵᠢᠨ ᠦᠷ᠎ᠡ ᠪᠦᠲᠦᠮᠵᠢ ᠵᠢ ᠲᠠᠰᠤᠷᠠᠯᠲᠠ ᠥᠬᠡᠶ ᠴᠢᠩᠭ᠋ᠠᠷᠠᠭᠤᠯᠤᠨ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠢ ᠬᠡᠷᠡᠭᠯᠡᠬᠦ ᠡᠵᠡᠨ ᠮᠡᠳᠡᠬᠦ ᠡᠷᠬᠡ ᠵᠢ ᠦᠷᠭᠦᠯᠵᠢᠯᠡᠨ ᠳᠡᠭᠡᠭᠰᠢᠯᠡᠭᠦᠯᠵᠦ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠣᠷᠣᠭᠤᠯᠤᠯᠲᠠ ᠬᠢᠭᠡᠳ ᠳᠡᠮᠵᠢᠯᠭᠡ ᠵᠢᠨ ᠰᠢᠨ᠎ᠡ ᠵᠢ ᠡᠭᠦᠳᠬᠦ ᠵᠡᠷᠭᠡ ᠲᠠᠯ᠎ᠠ᠎ᠪᠠᠷ ᠢᠳᠡᠪᠬᠢᠲᠡᠶ ᠰᠦᠪᠡᠭᠴᠢᠯᠡᠵᠦ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠥᠨᠳᠥᠷ ᠬᠢᠷᠢ ᠲᠦᠪᠰᠢᠨ ᠪᠥᠬᠥᠶ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠬᠤ ᠪᠣᠯᠣᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠪᠡᠭᠡᠵᠢᠩ ᠥᠪᠥᠷ ᠮᠣᠩᠭᠣᠯ᠎ᠤᠨ᠎ᠬᠢᠨ ᠬᠠᠮᠲᠤ᠎ᠪᠠᠷ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠡᠷ᠎ᠡ ᠲᠣᠭᠲᠠᠪᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠠᠴᠠ《1 + 7 + N》 ᠶᠡᠬᠡ ᠳᠡᠭᠡᠳᠦ ᠰᠤᠷᠭ᠋ᠠᠭᠤᠯᠢ ᠵᠢᠨ ᠬᠦᠷᠢᠶᠡᠯᠡᠩ ᠭᠠᠵᠠᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠨᠡᠢ᠌ᠲᠡᠯᠡᠵᠦ ᠶᠡᠬᠡ ᠳᠡᠭᠡᠳᠦ ᠰᠤᠷᠭ᠋ᠠᠭᠤᠯᠢ ᠵᠢᠨ ᠬᠦᠷᠢᠶᠡᠯᠡᠩ ᠭᠠᠵᠠᠷ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠪᠠᠳᠠᠷᠠᠭᠤᠯᠤᠨ᠎ᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠪᠠ
ᠤᠯᠤᠰ᠎ᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠪᠠᠢ᠌ᠴᠠᠭ᠋ᠠᠨ ᠰᠤᠳᠤᠯᠤᠯᠲᠠ ᠵᠢᠨ ᠶᠠᠷᠢᠯᠴᠠᠬᠤ ᠬᠤᠷᠠᠯ ᠥᠷᠨᠢᠭᠦᠯᠪᠡ
 
            