ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠬᠣᠣᠰ ᠰᠢᠪᠲᠤᠯᠤᠯᠲᠠ! 856 ᠵᠦᠢᠯ᠎ᠤᠨ ᠨᠥᠬᠥᠪᠥᠷᠢ ᠮᠥᠩᠭᠥ 6892.3 ᠲᠦᠮᠡᠨ ᠲᠥᠭᠥᠷᠢᠭ!
ᠨᠡᠶ᠋ᠢᠲᠡᠯᠡᠭᠰᠡᠨ ᠴᠠᠭ᠄ 2025-03-31


     ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ 2025 ᠣᠨ᠎ᠤ ᠮᠡᠷᠭᠡᠵᠢᠯ᠎ᠤᠨ ᠠᠷᠠᠯᠵᠢᠶᠠᠨ᠎ᠤ ᠰᠡᠭᠦᠯᠴᠢ ᠵᠢᠨ ᠨᠥᠬᠥᠪᠥᠷᠢ ᠵᠢᠨ ᠨᠡᠷᠡᠰ᠎ᠢ ᠵᠠᠷᠯᠠᠨ ᠨᠡᠢ᠌ᠲᠡᠯᠡᠵᠦ᠂ 856 ᠲᠥᠷᠥᠯ ᠵᠦᠢᠯ᠎ᠳᠤ 6892.3 ᠲᠦᠮᠡᠨ ᠲᠥᠭᠥᠷᠢᠭ᠎ᠤᠨ ᠨᠥᠬᠥᠪᠥᠷᠢ ᠣᠯᠭᠣᠬᠤ᠎ᠪᠠᠷ ᠪᠠᠢ᠌ᠨ᠎ᠠ᠃ ᠳᠡᠭᠡᠷ᠎ᠡ ᠵᠢᠯ᠎ᠤᠨ᠎ᠬᠢ᠎ᠲᠠᠢ ᠬᠠᠷᠢᠴᠠᠭᠤᠯᠪᠠᠯ᠂ ᠲᠥᠷᠥᠯ ᠵᠦᠢᠯ᠎ᠤᠨ ᠲᠣᠭ᠎ᠠ ᠬᠡᠮᠵᠢᠶ᠎ᠡ ᠬᠢᠭᠡᠳ ᠨᠥᠬᠥᠪᠥᠷᠢ ᠵᠢᠨ ᠵᠣᠭᠣᠰ᠎ᠤᠨ ᠲᠣᠭ᠎ᠠ ᠲᠣᠰ ᠲᠣᠰ 52%᠂ 36.8%᠎ᠪᠠᠷ ᠨᠡᠮᠡᠭᠳᠡᠵᠦ᠂ 《ᠬᠣᠤᠰ ᠰᠢᠪᠲᠤᠯᠤᠯᠲᠠ》ᠵᠢ ᠪᠡᠶᠡᠯᠡᠭᠦᠯᠵᠦ᠂ ᠥᠪᠥᠷ ᠮᠣᠩᠭᠣᠯ᠎ᠤᠨ ᠮᠡᠷᠭᠡᠵᠢᠯ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠳᠠᠯᠳᠠ ᠬᠦᠴᠦᠨ᠎ᠢ ᠢᠯᠡᠷᠡᠭᠦᠯᠪᠡ᠃
    ᠨᠥᠬᠥᠪᠥᠷᠢ ᠥᠭᠬᠦ ᠪᠡᠶᠡᠴᠢ ᠴᠣᠭᠴᠠ᠎ᠠᠴᠠ ᠠᠪᠴᠤ ᠦᠵᠡᠪᠡᠯ᠂ ᠠᠵᠤ ᠠᠬᠤᠢ᠌ᠯᠠᠯ᠎ᠨᠢ ᠮᠡᠷᠭᠡᠵᠢᠯ᠎ᠤᠨ ᠠᠷᠠᠯᠵᠢᠶᠠᠨ᠎ᠤ ᠬᠠᠩᠭ᠋ᠠᠯᠭ᠎ᠠ ᠬᠡᠷᠡᠭᠴᠡᠭᠡ ᠵᠢᠨ ᠬᠣᠶᠠᠷ ᠲᠠᠯ᠎ᠠ᠎ᠳᠤ ᠢᠳᠡᠪᠬᠢᠲᠡᠶ ᠢᠯᠡᠷᠡᠯ᠎ᠲᠠᠢ ᠪᠠᠢ᠌ᠨ᠎ᠠ᠃ ᠬᠤᠳᠠᠯᠳᠤᠨ ᠠᠪᠬᠤ ᠲᠠᠯ᠎ᠠ ᠵᠢᠨ ᠵᠠᠬ᠎ᠠ ᠳᠡᠯᠭᠡᠭᠦᠷ᠎ᠤᠨ 540 ᠲᠥᠷᠥᠯ ᠵᠦᠢᠯ᠎ᠨᠢ 4938 . 8 ᠲᠦᠮᠡᠨ ᠲᠥᠭᠥᠷᠢᠭ᠎ᠤᠨ ᠨᠥᠬᠥᠪᠥᠷᠢ ᠭᠥᠷᠳᠡᠪᠡ᠂ ᠡᠭᠦᠨ᠎ᠳᠤ ᠠᠵᠤ ᠠᠬᠤᠢ᠌ᠯᠠᠯ᠎ᠤᠨ ᠲᠥᠷᠥᠯ ᠵᠦᠢᠯ 529 ᠪᠠᠢ᠌ᠵᠤ᠂ 4863 . 3 ᠲᠦᠮᠡᠨ ᠲᠥᠭᠥᠷᠢᠭ᠎ᠤᠨ ᠨᠥᠬᠥᠪᠥᠷᠢ ᠭᠥᠷᠳᠡᠵᠦ᠂ ᠲᠥᠷᠥᠯ ᠵᠦᠢᠯ᠎ᠤᠨ ᠲᠣᠭ᠎ᠠ ᠬᠡᠮᠵᠢᠶ᠎ᠡ ᠪᠣᠯᠤᠨ ᠨᠥᠬᠥᠪᠥᠷᠢ ᠵᠢᠨ ᠵᠣᠭᠣᠰ᠎ᠤᠨ ᠲᠣᠭ᠎ᠠ ᠵᠢᠨ ᠡᠵᠡᠯᠡᠬᠦ ᠬᠠᠷᠢᠴᠠᠯ᠎ᠨᠢ ᠲᠣᠰ ᠲᠣᠰ 97 . 9 %᠂ 98 . 5 %᠎ᠳᠤ ᠬᠦᠷᠴᠡᠶ ᠃ ᠬᠤᠳᠠᠯᠳᠤᠬᠤ ᠲᠠᠯ᠎ᠠ ᠵᠢᠨ ᠵᠠᠬ᠎ᠠ ᠳᠡᠯᠭᠡᠭᠦᠷ᠎ᠤᠨ 316 ᠲᠥᠷᠥᠯ ᠵᠦᠢᠯ 1953 . 5 ᠲᠦᠮᠡᠨ ᠲᠥᠭᠥᠷᠢᠭ᠎ᠤᠨ ᠨᠥᠬᠥᠪᠥᠷᠢ ᠣᠯᠵᠤ᠂ ᠠᠵᠤ ᠠᠬᠤᠢ᠌ᠯᠠᠯ᠎ᠤᠨ 234 ᠲᠥᠷᠥᠯ ᠵᠦᠢᠯ᠎ᠨᠢ 1602 . 7 ᠲᠦᠮᠡᠨ ᠲᠥᠭᠥᠷᠢᠭ᠎ᠤᠨ ᠨᠥᠬᠥᠪᠥᠷᠢ ᠣᠯᠵᠤ᠂ ᠲᠣᠰ ᠲᠣᠰ 74 %᠂ 82 %᠎ᠢ ᠡᠵᠡᠯᠡᠪᠡ᠃
     ᠲᠤᠰᠠᠯᠠᠮᠵᠢ ᠬᠦᠷᠲᠡᠬᠦ ᠡᠲᠡᠭᠡᠳ᠎ᠠᠴᠠ ᠠᠪᠴᠤ ᠦᠵᠡᠪᠡᠯ᠂ ᠲᠤᠰ ᠤᠳᠠᠭ᠎ᠠ ᠨᠡᠢ᠌ᠲᠡ 763 ᠠᠵᠤ ᠠᠬᠤᠢ᠌ᠯᠠᠯ᠎ᠤᠨ ᠲᠥᠷᠥᠯ ᠵᠦᠢ᠍ᠯ 6466 ᠲᠦᠮᠡᠨ ᠲᠥᠭᠥᠷᠢᠭ᠎ᠤᠨ ᠲᠤᠰᠠᠯᠠᠮᠵᠢ ᠬᠦᠷᠲᠡᠵᠦ᠂ ᠪᠦᠬᠦ ᠣᠷᠣᠨ᠎ᠤ ᠶᠡᠷᠦᠩᠬᠡᠶ ᠬᠡᠮᠵᠢᠶ᠎ᠡ ᠵᠢᠨ 89.1%᠂ 93.8% ᠵᠢ ᠡᠵᠡᠯᠡᠵᠦ᠂ ᠠᠵᠤ ᠠᠬᠤᠢ᠌ᠯᠠᠯ᠎ᠨᠢ ᠨᠢᠭᠡᠨᠲᠡ ᠮᠡᠷᠭᠡᠵᠢᠯ᠎ᠤᠨ ᠠᠷᠠᠯᠵᠢᠶᠠᠨ᠎ᠤ ᠰᠡᠭᠦᠯᠴᠢ ᠵᠢᠨ ᠨᠥᠬᠥᠪᠦᠷᠢ ᠵᠢᠨ ᠭᠣᠣᠯ ᠡᠲᠡᠭᠡᠳ ᠪᠣᠯᠤᠭᠰᠠᠨ ᠪᠠᠢ᠌ᠨ᠎ᠠ᠃
     ᠭᠠᠵᠠᠷ ᠣᠷᠣᠨ᠎ᠤ ᠲᠠᠷᠬᠠᠯᠲᠠ᠎ᠠᠴᠠ ᠦᠵᠡᠪᠡᠯ᠂ ᠬᠥᠬᠡᠬᠣᠲᠠ 1743.8 ᠲᠦᠮᠡᠨ ᠲᠥᠭᠥᠷᠢᠭ᠎ᠤᠨ ᠨᠥᠬᠥᠪᠥᠷᠢ ᠮᠥᠩᠭᠥ ᠣᠯᠵᠤ᠂ ᠪᠥᠬᠥ ᠣᠷᠣᠨ᠎ᠤ ᠨᠥᠬᠥᠪᠥᠷᠢ ᠵᠢᠨ ᠶᠡᠷᠦᠩᠬᠡᠶ ᠵᠣᠭᠣᠰ᠎ᠤᠨ ᠳᠥᠷᠪᠡᠨ᠎ᠤ ᠨᠢᠭᠡ ᠵᠢ ᠡᠵᠡᠯᠡᠨ᠂ ᠣᠷᠳᠣᠰ ᠬᠣᠲᠠ 1344.5 ᠲᠦᠮᠡᠨ ᠲᠥᠭᠥᠷᠢᠭ ᠣᠯᠵᠤ᠂ ᠤᠯᠠᠭ᠋ᠠᠨᠬᠠᠳᠠ ᠬᠣᠲᠠ 923.6 ᠲᠦᠮᠡᠨ ᠲᠥᠭᠥᠷᠢᠭ ᠣᠯᠵᠤ᠂ ᠬᠠᠮᠢᠶ᠎ᠠ ᠪᠥᠬᠥᠶ ᠬᠦᠷᠢᠶᠡᠨ᠎ᠤ ᠲᠣᠪᠣᠢ᠌ᠮ᠎ᠠ ᠢᠯᠡᠷᠡᠯ ᠪᠠ ᠬᠥᠭᠵᠢᠯᠲᠡ ᠵᠢᠨ ᠬᠡᠷᠡᠭᠴᠡᠭᠡ ᠵᠢ ᠭᠦᠢᠴᠡᠳ ᠢᠯᠡᠷᠡᠭᠦᠯᠪᠡ᠃
    ᠥᠨᠳᠥᠷ ᠪᠠᠷᠢᠮᠵᠢᠶᠠᠲᠤ ᠮᠡᠷᠭᠡᠵᠢᠯ᠎ᠤᠨ ᠠᠷᠠᠯᠵᠢᠶᠠᠨ᠎ᠤ ᠲᠠᠪᠴᠠᠩ᠎ᠢ ᠪᠠᠢ᠌ᠭᠤᠯᠬᠤ ᠪᠣᠯ ᠨᠠᠩ ᠣᠯᠠᠨ ᠬᠡᠷᠡᠭᠯᠡᠭᠡᠨ᠎ᠤ ᠴᠢᠨᠠᠷᠲᠠᠶ ᠮᠡᠷᠭᠡᠵᠢᠯ᠎ᠤᠨ ᠦᠷ᠎ᠡ ᠪᠦᠲᠦᠭᠡᠯ᠎ᠢ ᠥᠪᠥᠷ ᠮᠣᠩᠭᠣᠯ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠬᠤ ᠴᠢᠬᠤᠯᠠ ᠠᠷᠭ᠎ᠠ ᠵᠠᠮ ᠪᠣᠯᠤᠨ᠎ᠠ᠃ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠄ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠭᠦᠢᠴᠡᠳ ᠰᠠᠢ᠌ᠲᠤᠷ ᠬᠡᠷᠡᠭᠯᠡᠵᠦ᠂ ᠢᠯᠠᠩᠭᠤᠶ᠎ᠠ《ᠮᠸᠩ ᠺᠧ ᠵᠢᠦᠢ》᠎ᠤᠨ ᠶᠡᠷᠦᠩᠬᠡᠶ ᠲᠠᠪᠴᠠᠩ᠎ᠤᠨ ᠶᠡᠷᠦᠩᠬᠡᠶ ᠬᠦᠢᠰᠦ ᠵᠢᠨ ᠦᠢᠯᠡᠳᠦᠯ᠎ᠢ ᠰᠠᠢ᠌ᠲᠤᠷ ᠪᠠᠳᠠᠷᠠᠭᠤᠯᠵᠤ᠂ ᠮᠡᠷᠭᠡᠵᠢᠯ᠎ᠤᠨ ᠭᠡᠷ᠎ᠡ ᠵᠢᠨ ᠠᠷᠠᠯᠵᠢᠶᠠᠨ᠎ᠤ ᠲᠣᠭ᠎ᠠ ᠵᠢ ᠵᠠᠭᠤᠨ ᠳ᠋ᠦᠩᠰᠢᠭᠤᠷ᠎ᠢ ᠳᠠᠪᠠᠭᠤᠯᠬᠤ᠎ᠪᠠᠷ ᠴᠢᠷᠮᠠᠢ᠌ᠨ᠎ᠠ᠃
    ᠣᠷᠴᠢᠮ᠎ᠤᠨ ᠵᠢᠯ᠎ᠤᠳ᠎ᠲᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠮᠡᠷᠭᠡᠵᠢᠯ᠎ᠤᠨ ᠰᠣᠯᠢᠯᠴᠠᠭ᠋ᠠᠨ᠎ᠤ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠭᠡᠷ᠎ᠡ ᠵᠢ ᠮᠠᠭ᠋ᠠᠳᠯᠠᠨ ᠲᠣᠭᠲᠠᠭ᠋ᠠᠵᠤ ᠳᠠᠩᠰᠠᠯᠠᠬᠤ ᠠᠵᠢᠯ᠎ᠤᠨ ᠬᠠᠮᠢᠶᠠᠷᠤᠯᠲᠠ ᠵᠢᠨ ᠠᠷᠭ᠎ᠠ》 ᠵᠡᠷᠭᠡ ᠲᠥᠷᠥ ᠵᠢᠨ ᠪᠣᠳᠣᠯᠭ᠎ᠠ ᠵᠢᠨ 《ᠲᠣᠮᠣ ᠪᠡᠯᠡᠭ》᠎ᠢ ᠵᠠᠯᠭ᠋ᠠᠭ᠎ᠠ᠎ᠪᠠᠷ ᠨᠡᠢ᠌ᠲᠡᠯᠡᠵᠦ᠂ 《ᠮᠸᠩ ᠺᠧ ᠵᠢᠦᠢ》 ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠲᠠᠪᠴᠠᠩ ᠵᠶ᠋ᠠᠷ ᠭᠠᠷᠳᠠᠴᠠ ᠪᠣᠯᠭ᠋ᠠᠨ᠂ ᠶᠡᠬᠡ ᠳᠡᠭᠡᠳᠦ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠬᠦᠷᠢᠶᠡᠯᠡᠩ ᠭᠠᠵᠠᠷ  ᠠᠵᠤ ᠠᠬᠤᠢ᠌ᠯᠠᠯ ᠵᠡᠷᠭᠡ ᠰᠢᠨ᠎ᠡ ᠵᠢ ᠡᠭᠦᠳᠬᠦ ᠭᠣᠤᠯ ᠴᠣᠭᠴᠠ ᠵᠢᠨ ᠠᠮᠢᠵᠢᠷᠠᠯ᠎ᠤᠨ ᠬᠦᠴᠦᠨ ᠵᠢ ᠬᠥᠭᠵᠢᠭᠡᠬᠦ᠂ ᠰᠢᠨ᠎ᠡ ᠵᠢ ᠡᠭᠦᠳᠬᠦ ᠳᠠᠯᠳᠠ ᠬᠦᠴᠦᠨ᠎ᠢ ᠪᠠᠳᠠᠷᠠᠭᠤᠯᠬᠤ᠂ ᠲᠤᠰᠬᠠᠢ᠌ᠵᠢᠭᠤᠯᠬᠤ᠂ ᠵᠠᠬ᠎ᠠ ᠳᠡᠯᠭᠡᠭᠦᠷᠴᠢᠯᠡᠭᠰᠡᠨ ᠮᠡᠷᠭᠡᠵᠢᠯ᠎ᠢ ᠰᠢᠯᠵᠢᠭᠦᠯᠬᠦ ᠪᠠᠢ᠌ᠭᠤᠯᠤᠮᠵᠢ᠂ ᠮᠡᠷᠭᠡᠵᠢᠯ ᠮᠡᠳᠡᠬᠦ᠂ ᠵᠠᠬ᠎ᠠ ᠳᠡᠯᠭᠡᠭᠦᠷ᠎ᠢ ᠮᠡᠳᠡᠬᠦ ᠮᠡᠷᠭᠡᠵᠢᠯ᠎ᠤᠨ ᠵᠠᠭᠤᠴᠢᠯᠠᠭᠴᠢ ᠵᠢᠨ ᠡᠩᠨᠡᠭᠡ᠂ ᠭᠣᠤᠯᠳᠠᠯᠭ᠎ᠠ᠎ᠲᠠᠢ ᠬᠦᠷᠢᠶ᠎ᠡ ᠬᠡᠪᠴᠢᠶ᠎ᠡ ᠵᠢ ᠡᠵᠡᠮᠰᠢᠬᠦ᠂ ᠭᠣᠣᠯᠳᠠᠯᠭ᠎ᠠ᠎ᠲᠠᠢ ᠠᠵᠢᠯ ᠲᠥᠷᠥᠯ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠮᠡᠷᠭᠡᠵᠢᠯ᠎ᠤᠨ ᠬᠡᠷᠡᠭᠴᠡᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ᠎ᠳᠤ ᠪᠦᠬᠦ ᠲᠠᠯ᠎ᠠ ᠵᠢᠨ ᠦᠢ᠍ᠯᠡᠴᠢᠯᠡᠭᠡ ᠬᠠᠩᠭ᠋ᠠᠵᠤ᠂ ᠪᠦᠬᠦ ᠬᠡᠯᠬᠢᠶᠡᠨ᠎ᠤ ᠦᠢ᠍ᠯᠡᠴᠢᠯᠡᠭᠡ᠂ ᠤᠯᠠᠨ ᠠᠷᠭ᠎ᠠ ᠵᠢ ᠵᠡᠷᠭᠡ᠎ᠪᠠᠷ ᠬᠡᠷᠡᠭᠯᠡᠬᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ᠎ᠤᠨ ᠬᠦᠴᠦᠨ᠎ᠢ ᠲᠦᠷᠭᠡᠨ ᠪᠣᠢ᠌ᠵᠢᠭᠤᠯᠬᠤ᠎ᠳᠤ ᠬᠦᠴᠦᠲᠡᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠪᠤᠭᠤᠷᠤᠯᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠠᠮ᠎ᠤᠨ ᠡᠭᠦᠷ᠎ᠤᠨ ᠬᠤᠭᠤᠴᠠᠭ᠎ᠠ ᠰᠣᠯᠢᠬᠤ ᠰᠣᠩᠭᠣᠭᠤᠯᠢ ᠵᠢᠴᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠪᠤᠭᠤᠷᠤᠯᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠠᠮ᠎ᠤᠨ ᠡᠭᠦᠷ᠎ᠤᠨ ᠰᠣᠩᠭᠣᠭᠤᠯᠢ ᠵᠢᠨ ᠠᠵᠢᠯ ᠲᠡᠭᠦᠰ ᠠᠮᠵᠢᠯᠲᠠ᠎ᠲᠠᠢ ᠪᠡᠶᠡᠯᠡᠭᠳᠡᠪᠡ
《ᠮᠧᠩ ᠺᠧ ᠵᠢᠦᠢ》ᠲᠠᠨᠢᠯᠴᠠᠭᠤᠯᠭ᠎ᠠ᠎ᠪᠠᠷ ᠬᠣᠶᠠᠷ ᠲᠣᠮᠣ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢᠯ᠎ᠨᠢ ᠳᠤᠯᠠᠭ᠋ᠠᠨ ᠬᠣᠲᠠ᠎ᠳᠤ ᠵᠣᠯᠭ᠋ᠠᠪᠠ
ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠭᠣᠤᠯᠳᠠᠯᠭ᠎ᠠ᠎ᠲᠠᠢ ᠬᠠᠮᠲᠤᠷᠠᠭᠰᠠᠨ ᠰᠠᠭᠤᠷᠢ ᠮᠥᠩᠭᠥ ᠵᠢᠨ ᠲᠤᠷᠰᠢᠯᠲᠠ ᠵᠢᠨ ᠠᠵᠢᠯ᠎ᠢ ᠡᠬᠢᠯᠡᠭᠦᠯᠪᠡ
ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ᠎ᠳᠤ ᠳᠠᠬᠢᠨ ᠵᠠᠰᠠᠪᠤᠷᠢ ᠣᠷᠣᠭᠤᠯᠵᠤ ᠲᠥᠷᠥ ᠵᠢᠨ ᠪᠣᠳᠣᠯᠭ᠎ᠠ ᠵᠢᠨ ᠬᠦᠴᠦᠨ ᠵᠶ᠋ᠡᠷ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠪᠣᠶ
ᠶᠠᠮᠠᠷ ᠶᠠᠮᠠᠷ ᠦᠢᠯᠡ ᠠᠵᠢᠯᠯᠠᠭ᠎ᠠ ᠵᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ᠎ᠪᠠᠷ ᠮᠠᠭ᠋ᠠᠳᠯᠠᠨ ᠲᠣᠭᠲᠠᠭ᠋ᠠᠬᠤ ᠪᠣᠶ?
 
            