ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
《ᠮᠸᠩ ᠺᠧ ᠵᠢᠦᠢ》ᠳᠣᠲᠣᠨ᠎ᠠ ᠭᠠᠳᠠᠨ᠎ᠠ᠎ᠪᠠᠨ ᠬᠦᠴᠦᠯᠡᠵᠦ ᠰᠢᠨ᠎ᠡ ᠵᠢ ᠡᠭᠦᠳᠬᠦ ᠬᠥᠭᠵᠢᠯᠲᠡ ᠵᠢᠨ《ᠬᠠᠮᠤᠭ᠎ᠤᠨ ᠴᠢᠩᠭ᠎ᠠ ᠲᠠᠭᠤᠨ》᠎ᠢ ᠪᠦᠭᠡᠮᠨᠡᠷᠡᠭᠦᠯᠪᠠ
ᠨᠡᠶ᠋ᠢᠲᠡᠯᠡᠭᠰᠡᠨ ᠴᠠᠭ᠄ 2025-03-10


     ᠤᠯᠠᠭ᠋ᠠᠨᠬᠠᠳᠠ᠄ ᠰᠤᠷᠭ᠋ᠠᠭᠤᠯᠢ ᠪᠠ ᠣᠷᠣᠨ ᠨᠤᠲᠤᠭ ᠭᠠᠷ ᠬᠣᠯᠪᠣᠯᠴᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠨᠢ


W020250311853219944694.png


    3 ᠳ᠋ᠤᠭ᠋ᠠᠷ ᠰᠠᠷ᠎ᠠ ᠵᠢᠨ 10᠎ᠤ ᠡᠳᠦᠷ᠂ 《ᠮᠧᠩ ᠺᠧ ᠵᠢᠦᠢ》 ᠵᠢᠨ ᠤᠯᠠᠭ᠋ᠠᠨᠬᠠᠳᠠ᠎ᠳᠠᠬᠢ ᠬᠤᠪᠢᠶᠠᠷᠢ ᠲᠥᠪ᠎ᠤᠨ ᠤᠯᠠᠭ᠋ᠠᠨᠬᠠᠳᠠ ᠳᠡᠭᠡᠳᠦ ᠰᠤᠷᠭ᠋ᠠᠭᠤᠯᠢ ᠵᠢᠨ ᠠᠵᠢᠯ᠎ᠤᠨ ᠥᠷᠲᠡᠭᠡ ᠵᠢᠩᠬᠢᠨᠢ᠎ᠪᠠᠷ ᠫᠠᠢ᠌ᠰᠠ ᠰᠡᠬᠦᠵᠦ᠂ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠴᠢᠶᠠᠯᠠᠪᠤᠷᠢ ᠳᠠᠬᠢᠨᠲᠠ 《ᠰᠢᠨᠳᠡᠰᠦ ᠬᠦᠴᠦᠨ》ᠨᠡᠮᠡᠷᠢᠯᠡᠭᠰᠡᠨ᠎ᠢ ᠬᠠᠷᠠᠭᠤᠯᠪᠠ᠃
      ᠣᠢ᠌ᠷ᠎ᠠ ᠵᠢᠨ ᠵᠢᠯ᠎ᠳᠤ᠂ ᠤᠯᠠᠭ᠋ᠠᠨᠬᠠᠳᠠ ᠬᠣᠲᠠ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠬᠦ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠢᠳᠡᠪᠬᠢᠲᠡᠶ ᠴᠤᠤᠷᠢᠶᠠᠲᠤᠨ ᠳᠠᠭ᠋ᠠᠵᠤ᠂ ᠪᠥᠬᠥ ᠣᠷᠣᠨ᠎ᠳᠤ 《ᠮᠧᠩ ᠺᠧ ᠵᠢᠦᠢ》 ᠠᠢ᠌ᠮᠠᠭ ᠬᠣᠲᠠ ᠵᠢᠨ ᠬᠤᠪᠢᠶᠠᠷᠢ ᠲᠥᠪ᠎ᠢ ᠲᠦᠷᠦᠭᠦᠯᠡᠨ ᠪᠠᠢ᠌ᠭᠤᠯᠤᠭᠰᠠᠨ ᠪᠥᠭᠡᠳ ᠨᠢᠭᠡᠨᠲᠡ 4 ᠬᠤᠪᠢᠶᠠᠷᠢ ᠲᠥᠪ᠎ᠤᠨ ᠠᠵᠢᠯ᠎ᠤᠨ ᠥᠷᠲᠡᠭᠡ ᠵᠢ ᠠᠮᠵᠢᠯᠲᠠ᠎ᠲᠠᠢ ᠪᠥᠲᠥᠭᠡᠨ ᠪᠠᠢ᠌ᠭᠤᠯᠪᠠ᠃ ᠲᠣᠰ ᠤᠳᠠᠭ᠋ᠠᠨ᠎ᠤ ᠤᠯᠠᠭ᠋ᠠᠨᠬᠠᠳᠠ ᠳᠡᠭᠡᠳᠦ ᠰᠤᠷᠭ᠋ᠠᠭᠤᠯᠢ ᠵᠢᠨ ᠠᠵᠢᠯᠯᠠᠬᠤ ᠥᠷᠲᠡᠭᠡ ᠵᠢ ᠪᠠᠢ᠌ᠭᠤᠯᠤᠭᠰᠠᠨ᠎ᠨᠢ ᠪᠥᠬᠥ ᠬᠣᠲᠠ ᠵᠢᠨ ᠲᠠᠪᠤᠳᠤᠭ᠋ᠠᠷ ᠠᠵᠢᠯᠯᠠᠬᠤ ᠥᠷᠲᠡᠭᠡ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠰᠤᠷᠭ᠋ᠠᠭᠤᠯᠢ ᠪᠠ ᠣᠷᠣᠨ ᠨᠤᠲᠤᠭ ᠭᠠᠷ ᠬᠣᠯᠪᠣᠨ ᠬᠠᠮᠲᠤ᠎ᠪᠠᠷ ᠪᠠᠢ᠌ᠭᠤᠯᠬᠤ ᠠᠩᠬᠠᠨ᠎ᠤ ᠲᠤᠷᠰᠢᠯᠲᠠ ᠪᠠᠢ᠌ᠵᠤ᠂ ᠶᠡᠷᠦ ᠪᠤᠰᠤ ᠵᠢᠨ ᠠᠴᠢ ᠬᠣᠯᠪᠣᠭᠳᠠᠯ᠎ᠲᠠᠢ ᠶᠤᠮ᠃
     ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠲᠥᠪ᠎ᠤᠨ ᠡᠷᠬᠢᠯᠡᠭᠴᠢ ᠰᠦᠶ ᠯᠢ ᠵᠢᠶᠠᠩ ᠢᠯᠡᠷᠬᠡᠢ᠌ᠯᠡᠬᠦ᠎ᠳᠡᠭᠡᠨ᠂ ᠮᠧᠩ ᠺᠧ ᠵᠢᠦᠢ ᠤᠯᠠᠭ᠋ᠠᠨᠬᠠᠳᠠ ᠵᠢᠨ ᠬᠤᠪᠢᠶᠠᠷᠢ ᠲᠥᠪ᠎ᠤᠨ ᠤᠯᠠᠭ᠋ᠠᠨᠬᠠᠳᠠ ᠳᠡᠭᠡᠳᠦ ᠰᠤᠷᠭ᠋ᠠᠭᠤᠯᠢ ᠵᠢᠨ ᠠᠵᠢᠯ᠎ᠤᠨ ᠥᠷᠲᠡᠭᠡ᠎ᠨᠢ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠡᠭᠡᠳᠦ ᠰᠤᠷᠭ᠋ᠠᠭᠤᠯᠢ ᠵᠢᠨ ᠴᠢᠳᠠᠪᠤᠷᠢᠲᠠᠨ᠎ᠤ ᠳᠠᠪᠠᠭᠤᠯᠢᠭ᠎ᠢ ᠪᠠᠳᠠᠷᠠᠭᠤᠯᠤᠨ᠂ ᠰᠤᠷᠭ᠋ᠠᠭᠤᠯᠢ ᠠᠵᠤ ᠠᠬᠤᠢ᠌ᠯᠠᠯ᠎ᠤᠨ ᠬᠠᠮᠲᠤᠷᠠᠯᠴᠠᠭ᠎ᠠ ᠵᠢ ᠥᠷᠨᠢᠭᠦᠯᠵᠦ᠂ ᠨᠠᠩ ᠣᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠭ᠋ᠠᠨᠬᠠᠳᠠ᠎ᠳᠤ ᠦᠨᠳᠦᠰᠦᠯᠡᠭᠦᠯᠦᠨ᠂ ᠦᠨᠡᠨ ᠪᠣᠳᠠᠲᠠᠶ ᠠᠵᠤ ᠠᠬᠤᠶ ᠵᠢᠨ ᠦᠷ᠎ᠡ ᠠᠰᠢᠭ ᠪᠣᠯᠭ᠋ᠠᠨ ᠬᠤᠪᠢᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠤᠯᠠᠭ᠋ᠠᠨᠬᠠᠳᠠ ᠵᠢᠨ ᠠᠵᠤ ᠠᠬᠤᠢ᠌ᠯᠠᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠤᠨ᠎ᠠ ᠭᠡᠵᠡᠶ᠃


W020250311853220012908.png


     ᠪᠠᠶᠠᠨᠨᠠᠭᠤᠷ᠄ ᠣᠷᠣᠨ ᠠᠯᠤᠰᠯᠠᠨ ᠬᠣᠯᠪᠣᠭ᠋ᠠᠯᠠᠨ ᠬᠥᠳᠡᠯᠦᠯᠴᠡᠵᠦ᠂  ᠬᠠᠮᠲᠤᠷᠤᠯᠴᠠᠭ᠎ᠠ ᠵᠢ ᠨᠡᠩ ᠬᠦᠨᠵᠢᠶᠡᠨ᠎ᠲᠠᠢ ᠪᠣᠯᠭ᠋ᠠᠨ᠎ᠠ 
    3 ᠳ᠋ᠤᠭ᠋ᠠᠷ ᠰᠠᠷ᠎ᠠ ᠵᠢᠨ 6᠎ᠤ ᠡᠳᠦᠷ᠂ 《ᠮᠧᠩ ᠺᠧ ᠵᠢᠦᠢ》ᠪᠠᠶᠠᠨᠨᠠᠭᠤᠷ᠎ᠤᠨ ᠬᠤᠪᠢᠶᠠᠷᠢ ᠲᠥᠪ ᠬᠤᠨᠠᠨ᠎ᠤ ᠲᠠᠷᠢᠶᠠᠯᠠᠩ᠎ᠤᠨ ᠶᠡᠬᠡ ᠰᠤᠷᠭ᠋ᠠᠭᠤᠯᠢ᠎ᠲᠠᠢ ᠬᠠᠮᠲᠤᠷᠠᠨ ᠴᠠᠩᠱ᠌ᠠ᠎ᠳᠤ《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢᠲᠠᠨ— ᠠᠵᠤ ᠠᠬᠤᠢ᠌ᠯᠠᠯᠲᠠᠨ》 ᠭᠠᠷ ᠠᠳᠬᠤᠬᠤ ᠠᠵᠢᠯᠯᠠᠭ᠎ᠠ ᠥᠷᠨᠢᠭᠦᠯᠦᠭᠰᠡᠨ᠎ᠨᠢ 《ᠮᠧᠩ ᠺᠧ ᠵᠢᠦᠢ》 ᠰᠢᠨ᠎ᠡ ᠵᠢ ᠡᠭᠦᠳᠬᠦ ᠣᠷᠣᠨ᠎ᠤ ᠭᠠᠳᠠᠨᠠᠬᠢ ᠬᠠᠮᠲᠤᠷᠠᠯᠴᠠᠭ᠋ᠠᠨ᠎ᠤ ᠪᠠᠢ᠌ᠭᠤᠯᠤᠮᠵᠢ ᠬᠢᠭᠡᠳ ᠪᠠᠶᠠᠨᠨᠠᠭᠤᠷ᠎ᠤᠨ ᠠᠵᠤ ᠦᠢᠯᠡᠰ᠎ᠤᠨ ᠬᠣᠯᠪᠣᠭ᠋ᠠᠯᠠᠨ ᠬᠥᠳᠡᠯᠦᠯᠴᠡᠬᠦ ᠴᠢᠬᠤᠯᠠ ᠲᠤᠷᠰᠢᠯᠲᠠ ᠵᠢ ᠬᠠᠷᠠᠭᠤᠯᠵᠤ ᠪᠠᠢ᠌ᠨ᠎ᠠ᠃
    ᠮᠡᠷᠭᠡᠵᠢᠯ᠎ᠤᠨ ᠵᠣᠯᠭ᠋ᠠᠯᠴᠠᠭ᠎ᠠ ᠵᠢᠨ ᠬᠤᠷᠠᠯ ᠳᠡᠭᠡᠷ᠎ᠡ᠂ ᠠᠵᠤ ᠠᠬᠤᠢ᠌ᠯᠠᠯ᠎ᠤᠨ ᠲᠥᠯᠥᠭᠡᠯᠡᠭᠴᠢᠳ ᠲᠣᠰ ᠪᠡᠶ᠎ᠡ ᠵᠢᠨ ᠬᠥᠭᠵᠢᠯᠲᠡ ᠵᠢᠨ ᠳᠤᠮᠳᠠ ᠲᠤᠯᠭ᠋ᠠᠷᠠᠭᠰᠠᠨ ᠮᠡᠷᠭᠡᠵᠢᠯ᠎ᠤᠨ ᠬᠦᠴᠢᠷ ᠠᠰᠠᠭᠤᠳᠠᠯ ᠪᠣᠯᠤᠨ ᠬᠡᠷᠡᠭᠴᠡᠭᠡ ᠱᠠᠭ᠋ᠠᠷᠳᠠᠯᠭ᠎ᠠ ᠵᠢ ᠠᠪᠴᠤ᠂ ᠬᠤᠨᠠᠨ᠎ᠤ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠦᠯᠬᠦᠮ᠎ᠲᠠᠢ ᠨᠢᠭᠡᠳ ᠨᠢᠭᠡ᠎ᠪᠠᠷ ᠰᠠᠨᠠᠯ ᠵᠶ᠋ᠠᠨ ᠰᠣᠯᠢᠯᠴᠠᠪᠠ᠃ ᠠᠵᠤ ᠠᠬᠤᠢ᠌ᠯᠠᠯ᠎ᠤᠨ ᠪᠣᠳᠠᠲᠤ ᠬᠡᠷᠡᠭᠴᠡᠭᠡ᠎ᠨᠢ ᠳᠡᠭᠡᠳᠦ ᠰᠤᠷᠭ᠋ᠠᠭᠤᠯᠢ ᠵᠢᠨ ᠬᠣᠰᠢᠭᠤᠷᠠᠯ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ᠎ᠲᠠᠢ ᠡᠨᠳᠡ ᠮᠥᠷᠭᠥᠯᠳᠦᠵᠦ ᠣᠶᠤᠨ ᠤᠬᠠᠭ᠋ᠠᠨ᠎ᠤ ᠣᠴᠢ ᠪᠠᠳᠠᠷᠠᠪᠠ ᠃ ᠡᠭᠦᠨ᠎ᠳᠤ ᠮᠸᠩ ᠶᠤᠸᠠᠨ ᠺᠤᠸᠠᠨ᠂ ᠹᠦ᠋ ᠵᠢᠶᠠᠨ ᠶᠤᠸᠠᠨ᠂ ᠰᠠᠶ ᠱᠠᠩ ᠯᠢᠦᠶ ᠱᠧᠩ ᠶᠤᠸᠠᠨ ᠵᠡᠷᠭᠡ 6 ᠭᠣᠤᠯᠳᠠᠯᠭ᠎ᠠ᠎ᠲᠠᠢ ᠠᠵᠤ ᠠᠬᠤᠢ᠌ᠯᠠᠯ ᠬᠤᠨᠠᠨ᠎ᠤ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨᠫᠷᠤᠹᠸᠰᠰᠤᠷ᠎ᠤᠨ ᠪᠦᠯᠬᠦᠮ᠎ᠲᠠᠢ ᠵᠢᠩᠬᠢᠨᠢ᠎ᠪᠠᠷ 9 ᠵᠦᠢᠯ᠎ᠤᠨ ᠬᠡᠯᠡᠯᠴᠡᠭᠡᠷ ᠲᠣᠭᠲᠠᠵᠤ᠂ ᠶᠡᠷᠦᠩᠬᠡᠶ ᠥᠷᠲᠡᠭ᠎ᠨᠢ 600 ᠲᠦᠮᠡᠨ ᠲᠥᠭᠥᠷᠢᠭ᠎ᠲᠤ ᠬᠥᠷᠬᠥ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠬᠡᠯᠡᠯᠴᠡᠭᠡᠷ ᠲᠣᠭᠲᠠᠵᠤ᠂ ᠠᠭᠤᠯᠭ᠎ᠠ᠎ᠨᠢ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠪᠣᠯᠪᠠᠰᠤᠷᠠᠭᠤᠯᠬᠤ᠂ ᠤᠨᠴᠠᠯᠢᠭᠳᠤ ᠳᠠᠷᠢᠵᠤ ᠲᠡᠵᠢᠭᠡᠬᠦ ᠮᠡᠷᠭᠡᠵᠢᠯ᠎ᠤᠨ ᠰᠢᠨ᠎ᠡ ᠵᠢ ᠡᠭᠦᠳᠬᠦ᠂ ᠲᠠᠷᠢᠶᠠᠯᠠᠩ᠎ᠤᠨ ᠠᠮᠢ ᠠᠬᠤᠶ ᠵᠢᠨ ᠣᠷᠴᠢᠨ ᠨᠥᠬᠥᠴᠡᠯ᠎ᠤᠨ ᠬᠠᠮᠠᠭ᠋ᠠᠯᠠᠯᠲᠠ ᠵᠡᠷᠭᠡ ᠣᠯᠠᠨ ᠬᠦᠷᠢᠶ᠎ᠡ ᠵᠢ ᠬᠠᠮᠤᠷᠴᠠᠶ ᠃
    ᠡᠨᠡ ᠬᠤᠭᠤᠴᠠᠭ᠋ᠠᠨ᠎ᠳᠤ᠂ ᠠᠵᠤ ᠠᠬᠤᠢ᠌ᠯᠠᠯ᠎ᠤᠨ ᠲᠥᠯᠥᠭᠡᠯᠡᠭᠴᠢᠳ ᠬᠤᠨᠠᠨ᠎ᠤ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠲᠤᠷᠰᠢᠯᠲᠠ ᠵᠢᠨ ᠲᠠᠰᠤᠭ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢᠨ᠎ᠳᠤ ᠬᠦᠷᠴᠦ᠂ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠭᠤᠷ ᠠᠮᠢᠰᠬᠤᠯ ᠪᠣᠯᠤᠨ ᠲᠡᠷᠢᠭᠦᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠬᠥᠭᠡᠷᠦᠮᠵᠢ ᠵᠢ ᠪᠡᠶᠡᠴᠢᠯᠡᠨ ᠣᠢ᠌ᠯᠠᠭ᠋ᠠᠵᠤ᠂ ᠬᠠᠮᠤᠭ᠎ᠤᠨ ᠰᠢᠨ᠎ᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ ᠪᠣᠯᠤᠨ ᠮᠡᠷᠭᠡᠵᠢᠯ᠎ᠤᠨ ᠬᠡᠷᠡᠭᠯᠡᠭᠡ ᠵᠢ ᠤᠢ᠍ᠢ᠍ᠷ᠎ᠠ ᠵᠠᠢ᠎ᠠᠴᠠ ᠣᠢ᠌ᠯᠠᠭ᠋ᠠᠵᠤ᠂ ᠠᠵᠤ ᠠᠬᠤᠢ᠌ᠯᠠᠯ᠎ᠤᠨ ᠢᠷᠡᠭᠡᠳᠦᠢ ᠵᠢᠨ ᠬᠥᠭᠵᠢᠯᠲᠡ᠎ᠳᠤ ᠰᠢᠨ᠎ᠡ ᠴᠢᠭᠯᠡᠯ᠎ᠢ ᠡᠷᠢᠵᠦ ᠣᠯᠵᠠᠢ᠃ ᠣᠯᠠᠨ ᠵᠶ᠋ᠠᠷ ᠵᠶ᠋ᠠᠨ ᠢᠯᠡᠷᠬᠡᠢ᠌ᠯᠡᠬᠦ᠎ᠳᠡᠭᠡᠨ᠂ ᠲᠣᠰ ᠤᠳᠠᠭ᠋ᠠᠨ᠎ᠤ ᠭᠠᠷ ᠠᠳᠬᠤᠬᠤ ᠠᠵᠢᠯᠯᠠᠭ᠎ᠠ ᠵᠢᠨ ᠠᠭᠤᠯᠭ᠎ᠠ᠎ᠨᠢ ᠬᠠᠭᠤᠷᠠᠶ ᠪᠠᠷᠠᠭ᠎ᠠ᠂ ᠦᠨᠳᠦᠰᠦᠨ ᠱᠠᠲᠤᠨ᠎ᠳᠤ ᠣᠢ᠌ᠷᠠᠲᠤᠵᠤ᠂ ᠪᠠᠭ᠎ᠠ ᠪᠤᠰᠤ ᠠᠰᠢᠭ ᠭᠥᠷᠳᠡᠵᠦ᠂ ᠪᠠᠶᠠᠨᠨᠠᠭᠤᠷ ᠬᠣᠲᠠ ᠵᠢᠨ ᠬᠠᠮᠢᠶ᠎ᠠ ᠪᠥᠬᠥᠶ ᠠᠵᠤ ᠦᠢᠯᠡᠰ ᠪᠠ ᠢᠳᠡᠭᠡᠨ ᠪᠣᠯᠪᠠᠰᠤᠷᠠᠭᠤᠯᠬᠤ ᠠᠵᠤ ᠠᠬᠤᠢ᠌ᠯᠠᠯ᠎ᠤᠨ ᠬᠥᠭᠵᠢᠯᠲᠡ᠎ᠳᠤ ᠣᠮᠲᠣᠭ᠋ᠠᠢ᠌ᠯᠠᠵᠤ ᠪᠣᠯᠤᠰᠢ ᠥᠬᠡᠶ ᠵᠢᠯᠣᠭᠣᠳᠬᠤ ᠠᠴᠢ ᠬᠣᠯᠪᠣᠭᠳᠠᠯ ᠪᠠ ᠲᠣᠯᠢ ᠪᠣᠯᠭ᠋ᠠᠬᠤ ᠦᠢᠯᠡᠳᠦᠯ᠎ᠲᠠᠢ ᠶᠤᠮ ᠭᠡᠵᠡᠶ᠃
    《ᠮᠧᠩ ᠺᠧ ᠵᠢᠦᠢ》 ᠪᠠᠶᠠᠨᠨᠠᠭᠤᠷ᠎ᠤᠨ ᠬᠤᠪᠢᠶᠠᠷᠢ ᠲᠥᠪ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ ᠲᠣᠰ ᠤᠳᠠᠭ᠋ᠠᠨ᠎ᠤ ᠠᠵᠢᠯᠯᠠᠭ᠎ᠠ ᠪᠣᠯ ᠵᠥᠪᠬᠡᠨ ᠨᠢᠭᠡᠨ ᠡᠬᠢᠯᠡᠯᠲᠡ ᠲᠡᠳᠦᠶ ᠶᠤᠮ ᠭᠡᠵᠡᠶ᠃ ᠬᠤᠨᠠᠨ᠎ᠤ ᠲᠠᠷᠢᠶᠠᠯᠠᠩ᠎ᠤᠨ ᠶᠡᠬᠡ ᠰᠤᠷᠭ᠋ᠠᠭᠤᠯᠢ ᠣᠷᠣᠨ᠎ᠤ ᠭᠠᠳᠠᠨᠠᠬᠢ ᠬᠠᠮᠲᠤᠷᠠᠯᠴᠠᠭ᠋ᠠᠨ᠎ᠤ ᠪᠠᠢ᠌ᠭᠤᠯᠤᠮᠵᠢ ᠪᠣᠯᠤᠭᠰᠠᠨ᠎ᠤ ᠬᠤᠪᠢ᠎ᠳᠤ᠂ ᠮᠡᠷᠭᠡᠵᠢᠯ᠎ᠢ ᠵᠣᠯᠭ᠋ᠠᠭᠤᠯᠬᠤ᠂ ᠦᠷ᠎ᠡ ᠪᠦᠲᠦᠭᠡᠯ᠎ᠢ ᠣᠨᠳᠣᠣᠰᠢᠭᠤᠯᠬᠤ ᠵᠢᠴᠢ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠢ ᠦᠷᠭᠦᠯᠵᠢᠯᠡᠨ ᠥᠷᠨᠢᠭᠦᠯᠦᠨ᠎ᠡ᠃《ᠮᠸᠩ ᠺᠸ ᠵᠢᠦᠢ》ᠪᠠᠶᠠᠨᠨᠠᠭᠤᠷ᠎ᠤᠨ ᠬᠤᠪᠢᠶᠠᠷᠢ ᠲᠥᠪ ᠴᠦ᠍ ᠲᠤᠬᠠᠢ᠌ᠯᠠᠭᠰᠠᠨ ᠠᠵᠢᠯ᠎ᠤᠨ ᠵᠢᠯᠤᠭᠤᠳᠤᠯᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠬᠣᠶᠠᠷ ᠲᠠᠯ᠎ᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠬᠠᠮᠲᠤᠷᠠᠯᠴᠠᠭ᠋ᠠᠨ᠎ᠤ ᠲᠣᠭᠲᠠᠴᠠ ᠪᠠᠢ᠌ᠭᠤᠯᠬᠤ ᠵᠢ ᠢᠳᠡᠪᠬᠢᠲᠡᠢ ᠠᠬᠢᠭᠤᠯᠵᠤ᠂ ᠬᠣᠶᠠᠷ ᠲᠠᠯ᠎ᠠ ᠵᠢᠨ ᠬᠠᠮᠲᠤᠷᠠᠯᠴᠠᠭ᠎ᠠ᠎ᠳᠤ ᠪᠦᠬᠦ ᠲᠠᠯ᠎ᠠ ᠵᠢᠨ ᠳᠡᠮᠵᠢᠯᠭᠡ ᠪᠠ ᠪᠠᠲᠤᠯᠠᠭ᠎ᠠ ᠬᠠᠩᠭ᠋ᠠᠬᠤ ᠪᠣᠯᠤᠨ᠎ᠠ ᠃
     ᠲᠠᠷᠠᠭ᠋ᠠᠴᠢ ᠵᠢᠨ ᠠᠯᠬᠤᠮ᠎ᠳᠤ᠂ 《  ᠮᠸᠩ ᠺᠸ ᠵᠢᠦᠢ 》᠎ᠤᠨ ᠪᠠᠶᠠᠨᠨᠠᠭᠤᠷ᠎ᠤᠨ ᠬᠤᠪᠢᠶᠠᠷᠢ ᠲᠥᠪ᠎ᠨᠢ ᠣᠷᠣᠨ᠎ᠤ ᠭᠠᠳᠠᠨᠠᠬᠢ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ᠎ᠯᠤᠭ᠎ᠠ ᠵᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠬᠠᠮᠲᠤᠷᠠᠯᠴᠠᠭ᠋ᠠᠨ᠎ᠤ ᠲᠣᠭᠲᠠᠴᠠ ᠪᠠᠢ᠌ᠭᠤᠯᠬᠤ ᠵᠢ ᠠᠬᠢᠭᠤᠯᠵᠤ᠂ ᠬᠠᠮᠲᠤᠷᠠᠯᠴᠠᠭ᠋ᠠᠨ᠎ᠤ ᠬᠦᠷᠢᠶ᠎ᠡ ᠴᠠᠷᠠᠭ᠎ᠠ᠎ᠪᠠᠨ ᠲᠠᠰᠤᠷᠠᠯᠲᠠ ᠥᠬᠡᠶ ᠥᠷᠭᠡᠳᠬᠡᠵᠦ᠂ ᠬᠠᠮᠲᠤᠷᠠᠯᠴᠠᠭ᠋ᠠᠨ᠎ᠤ ᠲᠠᠰ ᠳᠠᠪᠬᠤᠷᠭ᠎ᠠ᠎ᠪᠠᠨ ᠳᠡᠭᠡᠭᠰᠢᠯᠡᠭᠦᠯᠵᠦ᠂ ᠨᠠᠩ ᠣᠯᠠᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠠᠶᠠᠨᠨᠠᠭᠤᠷ᠎ᠲᠤ ᠦᠨᠳᠦᠰᠦᠯᠡᠭᠦᠯᠵᠦ᠂ ᠪᠠᠶᠠᠨᠨᠠᠭᠤᠷ ᠬᠣᠲᠠ ᠵᠢᠨ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠵᠤ᠂ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠪᠡᠶᠡᠯᠡᠭᠦᠯᠦᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠪᠥᠬᠥ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠪᠠᠢ᠌ᠭᠤᠯᠤᠯ ᠲᠣᠭᠲᠠᠴᠠ ᠵᠢ ᠪᠠᠢ᠌ᠭᠤᠯᠵᠤ 《ᠪᠦᠰᠡᠯᠡᠯᠲᠡ ᠰᠢᠪᠲᠤᠯᠬᠤ》᠎ᠳᠤ ᠬᠦᠴᠦᠨ ᠵᠶ᠋ᠡᠨ ᠲᠥᠪᠯᠡᠷᠡᠭᠦᠯᠦᠨ ᠰᠢᠨ᠎ᠡ ᠠᠶᠠᠨ᠎ᠳᠤ ᠮᠣᠷᠳᠠᠨ᠎ᠠ ᠪᠥᠬᠥ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠪᠠᠢ᠌ᠭᠤᠯᠤᠯ ᠲᠣᠭᠲᠠᠴᠠ ᠵᠢ ᠪᠠᠢ᠌ᠭᠤᠯᠵᠤ 《ᠪᠦᠰᠡᠯᠡᠯᠲᠡ ᠰᠢᠪᠲᠤᠯᠬᠤ》᠎ᠳᠤ ᠬᠦᠴᠦᠨ ᠵᠶ᠋ᠡᠨ ᠲᠥᠪᠯᠡᠷᠡᠭᠦᠯᠦᠨ ᠰᠢᠨ᠎ᠡ ᠠᠶᠠᠨ᠎ᠳᠤ ᠮᠣᠷᠳᠠᠨ᠎ᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠣᠤ ᠴᠧᠩ ᠰᠦᠯᠵᠢᠶᠡᠨ᠎ᠤ ᠠᠨᠳᠠ ᠨᠠᠷ᠎ᠲᠤ ᠬᠠᠷᠢᠭᠤ ᠥᠭᠪᠡ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ ᠪᠡᠭᠡᠵᠢᠩ᠎ᠳᠤ ᠬᠦᠷᠪᠡ
 
            