ᠣᠢ᠌ᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠭᠣᠤᠯᠳᠠᠯᠭ᠎ᠠ᠎ᠲᠠᠢ ᠬᠠᠮᠲᠤᠷᠠᠭᠰᠠᠨ ᠰᠠᠭᠤᠷᠢ ᠮᠥᠩᠭᠥ ᠵᠢᠨ ᠲᠤᠷᠰᠢᠯᠲᠠ ᠵᠢᠨ ᠠᠵᠢᠯ᠎ᠢ ᠡᠬᠢᠯᠡᠭᠦᠯᠦᠭᠰᠡᠨ᠎ᠨᠢ ᠮᠠᠨ᠎ᠤ ᠣᠷᠣᠨ᠎ᠤ ᠰᠠᠭᠤᠷᠢ ᠰᠤᠳᠤᠯᠭ᠋ᠠᠨ᠎ᠤ ᠠᠵᠢᠯ 《ᠠᠵᠤ ᠠᠬᠤᠢ᠌ᠯᠠᠯ ᠰᠤᠷᠭ᠋ᠠᠭᠤᠯᠢ ᠡᠷᠳᠡᠮ ᠰᠢᠨᠵᠢᠯᠡᠭᠡᠨ ᠬᠡᠷᠡᠭᠯᠡᠬᠦ》ᠵᠢ ᠭᠦᠨᠵᠡᠭᠡᠶ ᠠᠭᠤᠰᠤᠯᠴᠠᠭᠤᠯᠬᠤ ᠵᠠᠮ ᠳᠡᠭᠡᠷ᠎ᠡ ᠯᠠᠪᠳᠠᠭᠤᠨ ᠪᠠᠲᠤᠲᠠᠶ ᠠᠯᠬᠤᠮ ᠠᠯᠬᠤᠭᠰᠠᠨ᠎ᠢ ᠬᠠᠷᠠᠭᠤᠯᠵᠤ᠂ ᠭᠣᠤᠯᠳᠠᠯᠭ᠎ᠠ᠎ᠲᠠᠢ ᠬᠦᠷᠢᠶᠡᠨ᠎ᠤ ᠮᠡᠷᠭᠡᠵᠢᠯ᠎ᠤᠨ ᠰᠢᠪᠲᠤᠯᠤᠯᠲᠠ᠂ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠴᠢᠨᠠᠷ ᠰᠠᠢ᠌ᠲᠠᠶ ᠬᠥᠭᠵᠢᠯᠲᠡ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠭᠣᠤᠯᠳᠠᠯᠭ᠎ᠠ᠎ᠲᠠᠢ ᠬᠠᠮᠲᠤᠷᠠᠭᠰᠠᠨ ᠰᠠᠭᠤᠷᠢ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠡᠳ᠋ ᠮᠥᠩᠭᠥ᠎ᠪᠠᠷ ᠲᠤᠰᠠᠯᠠᠬᠤ ᠲᠠᠯ᠎ᠠ᠎ᠯᠤᠭ᠎ᠠ ᠬᠠᠮᠲᠤᠷᠠᠨ ᠪᠠᠯᠠ ᠭᠠᠷᠭ᠋ᠠᠵᠤ ᠪᠠᠢ᠌ᠭᠤᠯᠤᠨ᠂ ᠪᠥᠬᠥ ᠣᠷᠣᠨ᠎ᠳᠤ ᠬᠠᠨᠳᠤᠭᠤᠯᠤᠨ ᠲᠥᠷᠥᠯ ᠵᠦᠢᠯ᠎ᠤᠨ ᠵᠦᠭᠯᠡᠭᠦᠷ᠎ᠢ ᠨᠡᠢ᠌ᠲᠡᠯᠡᠨ᠎ᠡ ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠲᠥᠷᠥᠯ ᠵᠦᠢᠯ᠎ᠤᠨ ᠬᠠᠮᠢᠶᠠᠷᠤᠯᠲᠠ ᠵᠢᠨ ᠠᠷᠭ᠎ᠠ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ ᠬᠠᠮᠲᠤᠷᠠᠭᠰᠠᠨ ᠰᠠᠭᠤᠷᠢ ᠮᠥᠩᠭᠥ ᠵᠢᠨ ᠲᠥᠷᠥᠯ ᠵᠦᠢᠯ᠎ᠤᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》᠎ᠤᠨ ᠱᠠᠭ᠋ᠠᠷᠳᠠᠯᠭ᠎ᠠ ᠶᠣᠰᠣᠭ᠋ᠠᠷ᠂ ᠬᠠᠮᠲᠤᠷᠠᠭᠰᠠᠨ ᠰᠠᠭᠤᠷᠢ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠣᠨᠴᠠᠯᠢᠭᠲᠤ ᠬᠦᠷᠢᠶ᠎ᠡ ᠪᠠ ᠭᠣᠤᠯᠳᠠᠯᠭ᠎ᠠ᠎ᠲᠠᠢ ᠠᠵᠤ ᠦᠢᠯᠡᠰ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ ᠬᠡᠷᠡᠭᠯᠡᠵᠦ᠂ ᠠᠢ᠌ᠮᠠᠭ ᠬᠣᠲᠠ ᠵᠢᠨ ᠵᠠᠰᠠᠭ᠎ᠤᠨ ᠣᠷᠳᠣᠨ᠎ᠢ ᠡᠮᠬᠢᠯᠡᠨ ᠨᠡᠢ᠌ᠯᠡᠭᠦᠯᠵᠦ᠂ ᠳᠡᠭᠡᠳᠦ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠬᠦᠷᠢᠶᠡᠯᠡᠩ ᠭᠠᠵᠠᠷ ᠵᠢᠴᠢ ᠠᠵᠢᠯ ᠲᠥᠷᠥᠯ᠎ᠤᠨ ᠬᠥᠲᠥᠴᠢ ᠠᠵᠤ ᠠᠬᠤᠢ᠌ᠯᠠᠯ᠎ᠤᠨ ᠳᠠᠪᠠᠭᠤᠯᠢᠭ ᠡᠬᠢ ᠪᠠᠶᠠᠯᠢᠭ᠂《ᠵᠠᠰᠠᠭ᠎ᠤᠨ ᠣᠷᠳᠣᠨ ᠬᠥᠲᠥᠯᠥᠨ ᠵᠢᠯᠤᠭᠤᠳᠬᠤ᠂ ᠣᠯᠠᠨ ᠡᠰᠢᠲᠦ ᠣᠷᠣᠭᠤᠯᠤᠯᠲᠠ᠂ ᠬᠠᠮᠵᠢᠯᠴᠠᠨ ᠪᠣᠭᠣᠮᠲᠠ ᠰᠢᠪᠲᠤᠯᠬᠤ》ᠬᠠᠮᠲᠤᠷᠠᠯᠴᠠᠭ᠋ᠠᠨ᠎ᠤ ᠵᠠᠭᠪᠤᠷ᠎ᠤᠨ ᠰᠢᠨ᠎ᠡ ᠵᠢ ᠡᠭᠦᠳᠴᠦ᠂ 《ᠡᠨᠧᠷᠭᠢ ᠬᠢᠮᠢ ᠵᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠬᠢᠭᠡᠳ ᠲᠡᠷᠢᠭᠦᠨ᠎ᠤ ᠦᠢ᠍ᠯᠡᠳᠬᠦ ᠦᠢ᠍ᠯᠡᠰ᠂ ᠡᠯᠧᠺᠲᠷᠣᠨ ᠮᠡᠳᠡᠭᠡ ᠵᠠᠩᠭᠢ᠂ ᠠᠮᠢᠳᠤ ᠪᠣᠳᠠᠰ ᠬᠢᠭᠡᠳ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠵᠢᠨ ᠣᠷᠴᠢᠨ ᠲᠣᠭᠣᠷᠢᠨ᠂ ᠬᠥᠮᠦᠨ ᠠᠮᠠ ᠵᠢᠨ ᠡᠷᠡᠭᠦᠯ ᠮᠡᠨᠳᠦ ᠵᠡᠷᠭᠡ ᠭᠣᠤᠯᠳᠠᠯᠭ᠎ᠠ᠎ᠲᠠᠢ ᠬᠦᠷᠢᠶ᠎ᠡ ᠴᠠᠷᠠᠭ᠎ᠠ᠂ ᠬᠡᠷᠡᠭᠯᠡᠭᠡᠨ᠎ᠤ ᠰᠠᠭᠤᠷᠢ ᠰᠤᠳᠤᠯᠭ᠋ᠠᠨ᠎ᠢ ᠦᠷᠨᠢᠭᠦᠯᠵᠦ᠂ ᠵᠠᠩᠭᠢᠯᠠᠭ᠎ᠠ ᠵᠢᠨ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠤᠯᠲᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠠᠬᠢᠭᠤᠯᠵᠤ᠂ ᠰᠠᠭᠤᠷᠢ ᠰᠤᠳᠤᠯᠭ᠋ᠠᠨ ᠪᠠ ᠬᠡᠷᠡᠭᠯᠡᠭᠡᠨ᠎ᠤ ᠰᠤᠳᠤᠯᠭ᠋ᠠᠨ᠎ᠢ ᠪᠠᠢ᠌ᠭᠤᠯᠵᠤ ᠰᠢᠨ᠎ᠡ ᠵᠢ ᠡᠭᠦᠳᠬᠦ ᠠᠮᠢ ᠠᠬᠤᠶ ᠵᠢ ᠠᠭᠤᠰᠤᠯᠴᠠᠭᠤᠯᠤᠨ ᠬᠥᠭᠵᠢᠭᠦᠯᠦᠨ᠎ᠡ᠃