3 ᠳ᠋ᠤᠭ᠋ᠠᠷ ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠭᠣᠤᠯᠯᠠᠨ ᠡᠷᠭᠢᠯᠡᠵᠦ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠎ᠠᠴᠠ ᠳᠠᠭ᠋ᠠᠭ᠋ᠠᠨ ᠡᠷᠭᠢᠯᠡᠭᠰᠡᠨ 2025 ᠣᠨ᠎ᠤ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠣᠨ》᠎ᠤ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ ᠬᠥᠬᠡᠬᠣᠲᠠ ᠵᠢᠨ《ᠮᠸᠩ ᠺᠧ ᠵᠢᠦᠢ》ᠶᠡᠷᠦᠩᠬᠡᠶ ᠴᠤᠩᠬᠤᠪᠴᠢ᠎ᠳᠤ ᠶᠠᠪᠤᠭᠳᠠᠵᠤ᠂ ᠪᠥᠬᠥ ᠣᠷᠣᠨ᠎ᠤ ᠬᠡᠪᠴᠢᠶᠡᠨ᠎ᠳᠤ ᠬᠣᠯᠪᠣᠭ᠋ᠠᠯᠠᠨ《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》᠂《1 + 7 + N》ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠥᠷᠨᠢᠭᠦᠯᠬᠦ ᠬᠥᠰᠢᠭᠡ ᠵᠢ ᠰᠡᠬᠦᠪᠡ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠬᠤᠤ ᠰᠢ ᠬᠣᠩ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠪᠠᠶᠠᠷ᠎ᠤᠨ ᠦᠭᠡ ᠬᠡᠯᠡᠵᠡᠢ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠬᠤᠤ ᠰᠢ ᠬᠣᠩ ᠪᠠᠶᠠᠷ᠎ᠤᠨ ᠦᠭᠡ ᠬᠡᠯᠡᠪᠡ
ᠬᠤᠤ ᠰᠢ ᠬᠣᠩ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ 2025 ᠣᠨ᠎ᠢ《ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠲᠦᠷᠦ ᠵᠢᠨ ᠪᠤᠳᠤᠯᠭ᠎ᠠ ᠵᠢ ᠪᠣᠳᠠᠲᠠᠢ᠎ᠳᠤ ᠪᠣᠳᠠᠲᠠᠢ᠌ᠵᠢᠭᠤᠯᠤᠨ ᠴᠢᠩᠭ᠋ᠠᠳᠬᠠᠬᠤ ᠣᠨ》ᠵᠢᠡᠷ ᠲᠣᠭᠲᠠᠭ᠋ᠠᠭᠰᠠᠨ᠎ᠨᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂《ᠲᠦᠷᠦ ᠵᠢᠨ ᠪᠤᠳᠤᠯᠭ᠎ᠠ ᠵᠢ ᠪᠣᠳᠠᠳᠠᠢ᠌ᠵᠢᠭᠤᠯᠬᠤ》ᠢᠨᠵᠧᠨᠧᠷᠢᠩ ᠪᠣᠯᠤᠨ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ ᠵᠢ ᠠᠬᠢᠭᠤᠯᠬᠤ ᠪᠣᠳᠠᠲᠠᠢ ᠠᠵᠢᠯᠯᠠᠭ᠎ᠠ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠲᠦᠷᠦ ᠵᠢᠨ ᠪᠤᠳᠤᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠬᠤ᠂ ᠰᠢᠨ᠎ᠡ ᠵᠢ ᠡᠭᠦᠳᠬᠦ ᠭᠣᠣᠯ ᠴᠣᠭᠴᠠ ᠵᠢᠨ ᠤᠬᠠᠮᠰᠠᠷ᠎ᠢ ᠴᠢᠩᠭ᠋ᠠᠳᠬᠠᠬᠤ᠂ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠴᠢᠨᠠᠭᠰᠢᠳᠠ ᠬᠥᠭᠵᠢᠭᠡᠬᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠴᠢᠬᠤᠯᠠ ᠠᠷᠭ᠎ᠠ ᠬᠡᠮᠵᠢᠢ᠎ᠡ ᠪᠣᠯᠤᠨ᠎ᠠ᠃ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠣᠨ》᠎ᠤ ᠠᠵᠢᠯᠯᠠᠭ᠎ᠠ᠎ᠪᠠᠷ ᠳᠠᠮᠵᠢᠭᠤᠯᠤᠨ᠂ ᠲᠥᠷᠥ ᠵᠢᠨ ᠪᠣᠳᠣᠯᠭ᠎ᠠ ᠵᠢ ᠪᠢᠴᠢᠭ ᠮᠠᠲ᠋ᠧᠷᠢᠶᠠᠯ᠎ᠠᠴᠠ ᠭᠠᠷᠭ᠋ᠠᠵᠤ᠂ ᠦᠨᠳᠦᠰᠦᠨ ᠱᠠᠲᠤᠨ᠎ᠳᠤ ᠣᠴᠢᠭᠤᠯᠵᠤ᠂ ᠦᠨᠡᠨ ᠬᠦ᠌ ᠡᠯ᠎ᠡ ᠲᠥᠷᠥᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠣᠢ᠌ᠯᠠᠭ᠋ᠠᠬᠤ᠂ ᠬᠡᠷᠡᠭᠯᠡᠬᠦ᠂ ᠪᠣᠳᠠᠲᠠᠶ ᠠᠰᠢᠭ ᠬᠦᠷᠲᠡᠭᠡᠬᠦ 《ᠵᠦᠭᠯᠡᠭᠦᠷ》 ᠪᠣᠯᠬᠤ ᠵᠢ ᠬᠦᠰᠡᠵᠦ ᠪᠠᠢ᠌ᠨ᠎ᠠ ᠭᠡᠵᠡᠢ᠃

ᠡᠬᠢᠯᠡᠯᠲᠡ ᠵᠢᠨ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠪᠦᠯᠬᠦᠮ ᠬᠥᠬᠡᠬᠣᠲᠠ ᠵᠢᠨ 《ᠮᠧᠩ ᠺᠧ ᠵᠢᠦᠢ》 ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪᠯᠡᠷᠡᠯ᠎ᠤᠨ ᠣᠷᠣᠨ᠎ᠤ ᠠᠵᠤ ᠠᠬᠤᠢ᠌ᠯᠠᠯ᠎ᠳᠤ ᠬᠠᠨᠳᠤᠭᠤᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ 《ᠬᠦᠷᠢᠶᠡᠯᠡᠩ ᠲᠣᠭᠣᠷᠢᠭ᠎ᠲᠤ ᠣᠷᠣᠭᠤᠯᠵᠤ ᠠᠵᠤ ᠠᠬᠤᠢ᠌ᠯᠠᠯ᠎ᠳᠤ ᠣᠷᠣᠭᠤᠯᠬᠤ》 ᠲᠤᠬᠠᠶ ᠤᠬᠠᠭᠤᠯᠤᠨ ᠲᠠᠢ᠌ᠯᠪᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》᠂ 《1 + 7 + N》 ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠤᠨ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠲᠤᠬᠠᠶ ᠲᠤᠬᠠᠶ ᠵᠢᠨ ᠲᠠᠯᠠᠪᠠᠶ᠎ᠳᠤ ᠲᠠᠢ᠌ᠯᠤᠮᠵᠢ ᠬᠢᠪᠠ᠃ ᠬᠥᠬᠡᠬᠣᠲᠠ ᠵᠢᠨ ᠵᠢᠨᠱ᠌ᠠᠨ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠂ ᠬᠥᠬᠡᠬᠣᠲᠠ ᠵᠢᠨ ᠠᠵᠤ ᠠᠬᠤᠶ ᠮᠡᠷᠭᠡᠵᠢᠯ᠎ᠤᠨ ᠨᠡᠭᠡᠭᠡᠯᠲᠡ ᠵᠢᠨ ᠲᠣᠭᠣᠷᠢᠭ᠂ ᠰᠦᠨ᠎ᠤ ᠦᠢᠯᠡᠰ᠎ᠤᠨ ᠨᠡᠭᠡᠭᠡᠯᠲᠡ ᠵᠢᠨ ᠲᠣᠭᠣᠷᠢᠭ ᠵᠡᠷᠭᠡ ᠬᠦᠷᠢᠶᠡᠯᠡᠩ ᠲᠣᠭᠣᠷᠢᠭ᠎ᠤᠨ ᠰᠠᠭᠤᠷᠢᠨ᠎ᠠᠴᠠ ᠢᠷᠡᠭᠰᠡᠨ 200 ᠭᠠᠷᠤᠶ ᠠᠵᠤ ᠠᠬᠤᠢ᠌ᠯᠠᠯ᠎ᠤᠨ ᠲᠥᠯᠥᠭᠡᠯᠡᠭᠴᠢ ᠲᠥᠷᠥ ᠵᠢᠨ ᠪᠣᠳᠣᠯᠭ᠎ᠠ ᠵᠢᠨ ᠪᠣᠯᠪᠠᠰᠤᠷᠠᠯ ᠭᠥᠷᠳᠡᠪᠡ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠣᠨ》᠎ᠤ ᠠᠵᠢᠯᠯᠠᠭ᠎ᠠ ᠵᠢᠨ ᠬᠠᠮᠢᠶ᠎ᠠ ᠪᠥᠬᠥᠶ ᠬᠡᠷᠡᠯ ᠵᠢᠷᠤᠭ᠎ᠢ ᠡᠬᠢᠯᠡᠭᠦᠯᠪᠡ ᠃2024 ᠣᠨ᠎ᠤ ᠡᠴᠦᠰ᠎ᠲᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠤᠯᠠᠮ ᠴᠢᠨᠠᠭᠰᠢᠳᠠ ᠳᠡᠭᠡᠭᠰᠢᠯᠡᠭᠦᠯᠬᠦ ᠲᠤᠬᠠᠶ ᠰᠠᠨᠠᠯ》᠎ᠢ ᠨᠡᠢ᠌ᠲᠡᠯᠡᠵᠦ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 《1 + 7 + N》 ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠥᠬᠥᠷᠵᠢᠭᠦᠯᠦᠨ ᠪᠦᠷᠢᠯᠳᠦᠭᠦᠯᠪᠡ᠃

ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠪᠦᠯᠬᠦᠮ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠨᠢᠯᠴᠠᠭᠤᠯᠬᠤ
《ᠡᠢ᠌ᠮᠦᠷᠬᠦᠦ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ᠎ᠨᠢ ᠮᠠᠨ᠎ᠤ ᠠᠵᠤ ᠠᠬᠤᠢ᠌ᠯᠠᠯ᠎ᠳᠤ ᠮᠠᠰᠢ ᠳᠣᠲᠣᠨᠣ ᠲᠥᠷᠥᠭᠳᠡᠯ ᠥᠭᠴᠦ᠂ ᠡᠷᠬᠡ ᠰᠦᠷᠲᠦ ᠰᠢᠰᠲ᠋ᠧᠮ᠎ᠲᠠᠢ ᠲᠠᠢ᠌ᠯᠤᠮᠵᠢ ᠬᠢᠭᠰᠡᠨ ᠮᠥᠷᠲᠡᠭᠡᠨ ᠪᠠᠰᠠ ᠪᠢᠳᠡᠨ᠎ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠥᠷᠥ ᠵᠢᠨ ᠪᠣᠳᠣᠯᠭ᠎ᠠ ᠵᠢ ᠪᠠᠢ᠌ᠴᠠᠭ᠋ᠠᠨ ᠯᠠᠪᠯᠠᠬᠤ ᠠᠷᠭ᠎ᠠ ᠵᠠᠮ ᠬᠠᠩᠭ᠋ᠠᠭᠰᠠᠨ ᠪᠠᠢ᠌ᠨ᠎ᠠ᠃ ᠥᠪᠥᠷ ᠮᠣᠩᠭᠣᠯ᠎ᠤᠨ ᠹᠦ᠋ ᠹᠸᠩ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠰᠤᠳᠤᠯᠤᠨ ᠨᠡᠭᠡᠭᠡᠬᠦ ᠬᠡᠯᠲᠡᠰ᠎ᠤᠨ ᠳᠠᠭ᠋ᠠᠭ᠋ᠠᠮᠠᠯ ᠯᠢᠶᠠᠩ ᠰᠢᠶᠤᠤ ᠵᠢᠤᠸᠠᠨ᠂ ᠬᠠᠮᠤᠭ᠎ᠤᠨ ᠲᠡᠷᠢᠭᠦᠨ᠎ᠳᠤ ᠰᠤᠷᠤᠯᠴᠠᠵᠤ ᠣᠯᠤᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠦᠷᠦ ᠵᠢᠨ ᠪᠤᠳᠤᠯᠭ᠎ᠠ᠎ᠪᠠᠨ ᠠᠵᠤ ᠠᠬᠤᠢ᠌ᠯᠠᠯ᠎ᠤᠨ ᠬᠠᠮᠢᠶᠠᠷᠤᠭᠴᠢ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠳᠠᠨ᠎ᠳᠤ ᠳᠠᠮᠵᠢᠭᠤᠯᠵᠤ᠂ ᠤᠯᠠᠨ᠎ᠳᠤ ᠴᠠᠭ ᠲᠤᠬᠠᠢᠳᠤᠨᠢ ᠵᠣᠯᠭ᠋ᠠᠭᠤᠯᠤᠨ ᠲᠦᠷᠦ ᠵᠢᠨ ᠪᠤᠳᠤᠯᠭ᠎ᠠ ᠵᠢᠨ ᠠᠰᠢᠭ᠎ᠢ ᠬᠦᠷᠲᠡᠭᠡᠵᠦ᠂ ᠲᠦᠷᠦ ᠵᠢᠨ ᠪᠤᠳᠤᠯᠭ᠎ᠠ ᠵᠢ ᠨᠡᠩ ᠰᠠᠢ᠌ᠲᠤᠷ ᠠᠰᠢᠭᠯᠠᠨ ᠠᠵᠤ ᠠᠬᠤᠢ᠌ᠯᠠᠯ᠎ᠳᠤ ᠴᠢᠨᠠᠷ ᠰᠠᠢ᠌ᠲᠠᠢ ᠬᠥᠭᠵᠢᠯᠲᠡ ᠣᠯᠭᠣᠨ᠎ᠠ ᠭᠡᠵᠦ ᠢᠯᠡᠳᠬᠡᠪᠡ ᠃

ᠬᠤᠷᠠᠯ᠎ᠳᠤ ᠣᠷᠣᠯᠴᠠᠭᠰᠠᠳ 《ᠮᠸᠩ ᠺᠸ ᠵᠢᠦᠢ》 ᠰᠢᠨ᠎ᠡ ᠵᠢ ᠡᠭᠦᠳᠬᠦ ᠠᠮᠢ ᠠᠬᠤᠶ ᠵᠢᠨ ᠣᠷᠳᠣᠨ᠎ᠢ ᠲᠣᠭᠣᠷᠢᠨ ᠦᠵᠡᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠤᠨ ᠳᠡᠳ᠋ ᠳᠠᠷᠤᠭ᠎ᠠ ᠵᠠᠩ ᠰᠢᠶᠤᠤ ᠶᠢᠩ ᠢᠯᠡᠷᠬᠡᠢ᠌ᠯᠡᠬᠦ᠎ᠳᠡᠭᠡᠨ᠂ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠢᠭᠡᠳᠦᠯᠲᠡᠶ ᠲᠥᠯᠥᠪᠵᠢᠭᠦᠯᠦᠨ ᠵᠣᠬᠢᠶᠠᠨ ᠪᠠᠢ᠌ᠭᠤᠯᠵᠤ ᠵᠣᠬᠢᠴᠠᠭᠤᠯᠬᠤ ᠦᠢᠯᠡᠳᠦᠯ ᠵᠶ᠋ᠡᠨ ᠦᠨᠡᠨ ᠬᠦ᠌ ᠪᠠᠳᠠᠷᠠᠭᠤᠯᠵᠤ᠂ ᠡᠯ᠎ᠡ ᠬᠣᠯᠪᠣᠭᠳᠠᠯ ᠪᠥᠬᠥᠶ ᠨᠢᠭᠡᠴᠢ ᠪᠣᠯᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠬᠠᠮᠵᠢᠯᠴᠠᠨ ᠬᠥᠳᠡᠯᠦᠯᠴᠡᠬᠦ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠂ ᠬᠠᠮᠲᠤᠷᠠᠯ ᠬᠦᠴᠦᠨ᠎ᠢ ᠪᠦᠷᠢᠯᠳᠦᠭᠦᠯᠬᠦ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ 《ᠬᠠᠮᠤᠭ᠎ᠤᠨ ᠤᠷᠢᠳ ᠵᠶ᠋ᠠᠷ ᠨᠢᠭᠡ ᠺᠢᠯᠣᠮᠧᠲᠷ》 ᠪᠠᠢ᠌ᠭᠰᠠᠨ᠎ᠠᠴᠠ 《ᠬᠠᠮᠤᠭ᠎ᠤᠨ ᠰᠡᠭᠦᠯᠴᠢ ᠵᠢᠨ ᠨᠢᠭᠡ ᠺᠢᠯᠣᠮᠧᠲᠷ》 ᠪᠣᠯᠲᠠᠯ᠎ᠠ ᠵᠣᠯᠭ᠋ᠠᠭᠤᠯᠤᠨ ᠬᠠᠮᠵᠢᠯᠴᠠᠭᠤᠯᠬᠤ ᠵᠢ ᠲᠦᠷᠭᠡᠳᠬᠡᠨ ᠠᠬᠢᠭᠤᠯᠵᠤ᠂ ᠲᠥᠷᠥ ᠵᠢᠨ ᠪᠣᠳᠣᠯᠭ᠎ᠠ ᠵᠢ 《ᠰᠢᠭᠤᠳ ᠬᠦᠷᠭᠡᠵᠦ ᠲᠦᠷᠭᠡᠨ ᠡᠳ᠋ᠯᠡᠬᠦ》 ᠪᠦᠷᠬᠦᠴᠡ ᠵᠢ ᠥᠷᠭᠡᠳᠬᠡᠵᠦ᠂ ᠲᠥᠷᠥ ᠵᠢᠨ ᠪᠣᠳᠣᠯᠭ᠎ᠠ ᠵᠢ ᠪᠣᠳᠠᠲᠠᠶ ᠨᠠᠢ᠌ᠳᠠᠪᠤᠷᠢᠵᠢᠭᠤᠯᠬᠤ᠎ᠪᠠᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ ᠭᠡᠪᠡ᠃