ᠰᠦᠯᠵᠢᠶᠡᠨ᠎ᠤ ᠠᠨᠳᠠ ᠨᠠᠷ ᠠ᠄
ᠰᠠᠢ᠌ᠨ ᠪᠠᠢ᠌ᠵᠠᠭ᠋ᠠᠨ᠎ᠠ ᠦᠦ? ᠪᠥᠬᠥ ᠤᠯᠤᠰ᠎ᠤᠨ ᠬᠣᠶᠠᠷ ᠬᠤᠷᠠᠯ ᠬᠤᠷᠠᠯᠳᠤᠬᠤ ᠲᠠᠰᠢᠷᠠᠮ᠎ᠳᠤ᠂ ᠠᠷᠠᠳ᠎ᠤᠨ ᠰᠦᠯᠵᠢᠶ᠎ᠡ᠎ᠪᠠᠷ ᠳᠡᠮᠵᠢᠨ ᠣᠯᠠᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠠᠭᠠᠨ ᠮᠠᠰᠢ ᠪᠠᠶᠠᠷᠲᠠᠶ ᠪᠠᠢ᠌ᠨ᠎ᠠ᠃
ᠠᠷᠠᠳ᠎ᠤᠨ ᠰᠦᠯᠵᠢᠶᠡᠨ᠎ᠤ 《ᠤᠳᠤᠷᠢᠳᠤᠯᠭ᠎ᠠ ᠵᠢᠨ ᠦᠭᠡ ᠦᠯᠡᠳᠡᠭᠡᠬᠦ ᠰᠠᠮᠪᠠᠷ᠎ᠠ》 ᠪᠣᠯ ᠮᠠᠨ᠎ᠤ ᠰᠦᠯᠵᠢᠶᠡᠨ᠎ᠤ ᠨᠠᠢ᠌ᠵᠠ ᠨᠠᠷ᠎ᠲᠠᠢ ᠰᠠᠨᠠᠯ ᠵᠶ᠋ᠠᠨ ᠰᠣᠯᠢᠯᠴᠠᠬᠤ ᠴᠢᠬᠤᠯᠠ ᠲᠠᠪᠴᠠᠩ ᠮᠥᠨ ᠃ ᠡᠨᠡ ᠬᠡᠳᠦᠨ ᠵᠢᠯ᠎ᠳᠤ ᠪᠢ ᠰᠦᠯᠵᠢᠶᠡᠨ᠎ᠤ ᠨᠠᠢ᠌ᠵᠠ ᠨᠠᠷ᠎ᠤᠨ 6145 ᠵᠤᠷᠪᠤᠰ ᠦᠭᠡ ᠦᠯᠡᠳᠡᠭᠡᠭᠰᠡᠨᠢ ᠣᠯᠵᠤ ᠠᠪᠤᠪᠠ᠂ ᠤᠯᠠᠨ᠎ᠤ ᠲᠤᠰᠬᠠᠭᠰᠠᠨ ᠤᠴᠢᠷ ᠶᠠᠪᠤᠳᠠᠯ ᠨᠢᠭᠡᠪᠦᠷᠢ ᠵᠢ ᠪᠢ ᠴᠥᠮ ᠬᠣᠯᠪᠣᠭᠳᠠᠯ ᠪᠦᠬᠦᠢ ᠲᠠᠯ᠎ᠠ ᠵᠢᠨ᠎ᠬᠢᠨ᠎ᠳᠤ ᠲᠤᠰᠢᠶᠠᠵᠤ ᠨᠠᠷᠢᠨ ᠬᠢᠨᠠᠮᠠᠭ᠋ᠠᠢ ᠰᠢᠢ᠍ᠳᠪᠦᠷᠢᠯᠡᠭᠦᠯᠪᠡ᠃ ᠨᠢᠳᠤᠨᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠠᠴᠠ ᠤᠯᠠᠨ ᠲᠦᠮᠡᠨ᠎ᠤ ᠳᠠᠭ᠋ᠠᠷᠠᠵᠤ ᠪᠡᠭᠡᠷᠡᠬᠦ ᠠᠰᠠᠭᠤᠳᠠᠯ᠎ᠢ ᠲᠤᠢ᠌ᠯᠪᠤᠷᠢᠲᠠᠢ ᠰᠢᠢ᠍ᠳᠪᠦᠷᠢᠯᠡᠨ᠎ᠡ ᠭᠡᠵᠦ ᠠᠮᠠᠯᠳᠠᠵᠤ᠂ ᠤᠯᠠᠨ᠎ᠤ ᠬᠠᠯᠠᠮᠵᠢᠯᠠᠯ ᠪᠠ ᠬᠢᠨᠠᠯᠲᠠ ᠳᠣᠣᠷ᠎ᠠ᠂ ᠪᠢᠳᠡ 196 ᠳ᠋ᠦᠩᠰᠢᠭᠤᠷ ᠲᠥᠭᠥᠷᠢᠭ ᠣᠷᠣᠭᠤᠯᠵᠤ᠂ ᠡᠪᠦᠯ ᠣᠷᠣᠬᠤ᠎ᠠᠴᠠ ᠡᠮᠦᠨ᠎ᠡ ᠳᠤᠯᠠᠭ᠋ᠠᠮᠵᠢ ᠵᠢᠨ ᠢᠨᠵᠧᠨᠧᠷᠢᠩ᠎ᠢ ᠪᠡᠶᠡᠯᠡᠭᠦᠯᠵᠦ᠂ 《ᠳᠤᠯᠠᠭ᠋ᠠᠨ ᠤᠷᠤᠰᠬᠠᠯ》᠎ᠢ 《ᠬᠦᠢ᠍ᠳᠡᠨ ᠤᠷᠤᠰᠬᠠᠯ》᠎ᠤᠨ ᠡᠮᠦᠨ᠎ᠡ ᠪᠠᠢ᠌ᠯᠭ᠋ᠠᠪᠠ᠃ ᠣᠯᠠᠨ ᠵᠶ᠋ᠠᠷ ᠵᠶ᠋ᠠᠨ ᠦᠭᠡ ᠦᠯᠡᠳᠡᠭᠡᠬᠦ᠎ᠳᠡᠭᠡᠨ ᠠᠵᠢᠯ ᠣᠯᠭᠣᠯᠲᠠ ᠵᠢᠨ ᠦᠢᠯᠡᠴᠢᠯᠡᠭᠡ᠂ ᠴᠠᠯᠢᠩ ᠥᠷᠢᠲᠦᠬᠦ ᠠᠰᠠᠭᠤᠳᠠᠯ᠎ᠢ ᠴᠡᠭᠴᠡᠯᠡᠨ ᠵᠠᠰᠠᠬᠤ᠂ ᠠᠳᠠᠯ ᠠᠬᠤᠶ ᠵᠢᠨ ᠬᠠᠮᠢᠶᠠᠷᠤᠯᠲᠠ ᠵᠡᠷᠭᠡ ᠲᠠᠯ᠎ᠠ ᠵᠢᠨ ᠠᠰᠠᠭᠤᠳᠠᠯ᠎ᠢ ᠮᠠᠰᠢ ᠠᠩᠬᠠᠷᠴᠤ᠂ ᠪᠠᠰᠠ ᠴᠥᠭᠡᠨ ᠪᠤᠰᠤ ᠰᠠᠢ᠌ᠨ ᠰᠠᠨᠠᠭᠤᠯᠭ᠎ᠠ ᠳᠤᠷᠠᠳᠤᠭᠰᠠᠨ ᠪᠠᠢ᠌ᠨ᠎ᠠ ᠃ ᠡᠳᠡᠭᠡᠷ ᠰᠠᠨᠠᠯ ᠪᠠ ᠬᠦᠰᠡᠯ ᠱᠠᠭ᠋ᠠᠷᠳᠠᠯᠭ᠎ᠠ ᠵᠢ ᠪᠢᠳᠡ ᠢᠮᠠᠭᠲᠠ ᠴᠤᠤᠷᠢᠶᠠᠲᠤᠨ ᠲᠠᠭ᠋ᠠᠵᠤ᠂ ᠠᠯᠢ ᠴᠢᠳᠠᠬᠤ᠎ᠪᠠᠷ ᠰᠢᠢ᠍ᠳᠪᠦᠷᠢᠯᠡᠨ᠎ᠡ᠂ ᠤᠯᠠᠨ ᠵᠶ᠋ᠠᠷ ᠵᠶ᠋ᠠᠨ ᠰᠠᠨᠠᠭ᠎ᠠ ᠠᠮᠤᠷ ᠪᠠᠢ᠌ᠭ᠋ᠠᠷᠠᠢ!
ᠡᠨᠡ ᠵᠢᠯ᠂ ᠪᠢᠳᠡ 《ᠲᠠᠪᠤᠨ ᠶᠡᠬᠡ ᠡᠭᠦᠷᠭᠡ》 ᠵᠢ ᠦᠷᠭᠦᠯᠵᠢᠯᠡᠨ ᠠᠬᠢᠭᠤᠯᠵᠤ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠴᠢᠬᠤᠯᠠ ᠶᠡᠬᠡ ᠲᠥᠷᠥᠯ ᠵᠦᠢᠯ᠎ᠢ ᠲᠥᠰᠦᠪᠯᠡᠬᠦ᠂ ᠠᠵᠤ ᠠᠬᠤᠢ᠌ᠯᠠᠯ᠎ᠢ ᠲᠤᠰᠠᠯᠠᠬᠤ᠂ ᠠᠵᠢᠯ ᠣᠯᠭᠣᠯᠲᠠ ᠵᠢ ᠠᠬᠢᠭᠤᠯᠬᠤ᠂ ᠤᠰᠤ ᠠᠷᠪᠢᠯᠠᠬᠤ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ᠂ ᠤᠮᠠᠷᠠᠲᠤ ᠬᠢᠯᠢ ᠵᠢᠨ ᠰᠣᠶᠣᠯ᠎ᠤᠨ ᠪᠠᠢ᠌ᠭᠤᠯᠤᠯᠲᠠ ᠵᠢ ᠳᠡᠭᠡᠭᠰᠢᠯᠡᠭᠦᠯᠬᠦ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃ ᠡᠳᠡᠭᠡᠷ ᠶᠠᠪᠤᠳᠠᠯ᠎ᠢ ᠰᠠᠢ᠌ᠲᠤᠷ ᠬᠢᠬᠦ᠎ᠳᠤ᠂ ᠪᠦᠬᠦ ᠣᠷᠣᠨ᠎ᠤ ᠺᠠᠳ᠋ᠷ ᠤᠯᠠᠨ ᠲᠦᠮᠡᠨ ᠬᠠᠮᠲᠤ᠎ᠪᠠᠷ ᠴᠢᠷᠮᠠᠢ᠌ᠬᠤ ᠴᠢᠬᠤᠯᠠᠲᠠᠢ᠂ ᠰᠦᠯᠵᠢᠶᠡᠨ ᠠᠨᠳᠠ ᠨᠠᠷ᠎ᠤᠨ ᠳᠡᠮᠵᠢᠯᠭᠡ ᠲᠤᠰᠠᠯᠠᠮᠵᠢ ᠴᠤ᠌ ᠴᠢᠬᠤᠯᠠᠲᠠᠢ᠃ ᠥᠷᠭᠡᠨ ᠣᠯᠠᠨ ᠰᠦᠯᠵᠢᠶᠡᠨ ᠠᠨᠳᠠ ᠨᠠᠷ ᠢᠳᠡᠪᠬᠢᠲᠡᠶ ᠣᠷᠣᠯᠴᠠᠵᠤ᠂ ᠪᠢᠳᠡᠨ᠎ᠲᠠᠢ ᠢᠯᠡᠭᠦᠬᠡᠨ 《ᠬᠣᠯᠪᠣᠭ᠎ᠠ ᠠᠪᠴᠤ》᠂ ᠪᠢᠳᠡᠨ᠎ᠳᠤ ᠢᠯᠡᠭᠦᠬᠡᠨ《ᠦᠭᠡ ᠬᠡᠯᠡᠵᠦ》᠂ ᠶᠠᠮᠠᠷ ᠰᠠᠢ᠌ᠨ ᠪᠣᠳᠣᠯ ᠪᠠᠢ᠌ᠪᠠᠯ ᠡᠷᠡᠭᠡᠯᠡᠯ ᠥᠬᠡᠶ ᠶᠠᠷᠢᠵᠤ᠂ ᠶᠠᠮᠠᠷ ᠰᠡᠳᠬᠢᠯ᠎ᠤᠨ ᠦᠭᠡ ᠪᠠᠢ᠌ᠪᠠᠯ ᠴᠠᠭ ᠲᠤᠬᠠᠶ᠎ᠳᠤᠨᠢ ᠳᠤᠷᠠᠳᠴᠤ᠂ ᠮᠠᠨ᠎ᠤ ᠠᠵᠢᠯ᠎ᠤᠨ ᠳᠤᠮᠳᠠ ᠶᠠᠮᠠᠷ ᠶᠠᠮᠠᠷ ᠮᠠᠭᠤ ᠵᠦᠢᠯ ᠪᠠᠢ᠌ᠪᠠᠯ ᠴᠠᠭ ᠲᠤᠬᠠᠶ᠎ᠳᠤᠨᠢ ᠵᠢᠭ᠋ᠠᠨ ᠭᠠᠷᠭ᠋ᠠᠵᠤ᠂ ᠪᠢᠳᠡᠨ᠎ᠢ ᠬᠠᠪᠰᠤᠷᠤᠨ ᠥᠪᠥᠷ ᠮᠣᠩᠭᠣᠯ᠎ᠤᠨ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠵᠢ ᠬᠦᠰᠡᠵᠦ ᠪᠠᠢ᠌ᠨ᠎ᠠ ᠃
ᠥᠪᠥᠷ ᠮᠣᠩᠭᠣᠯ ᠪᠣᠯ ᠨᠢᠭᠡᠨ ᠰᠠᠢ᠌ᠨ ᠭᠠᠵᠠᠷ ᠮᠥᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠥᠰᠥ ᠬᠣᠤᠰᠯᠠᠵᠤ᠂ ᠵᠢᠯ᠎ᠤᠨ ᠳᠥᠷᠪᠡᠨ ᠤᠯᠠᠷᠢᠯ ᠴᠥᠮ ᠮᠠᠰᠢ ᠭᠣᠶᠣ ᠪᠠᠢ᠌ᠳᠠᠭ᠃ ᠨᠢᠳᠤᠨᠤᠨ ᠪᠢᠳᠡ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠂ ᠲᠠᠯ᠎ᠠ ᠨᠤᠲᠤᠭ᠎ᠤᠨ ᠰᠡᠯᠡᠭᠦᠴᠡᠯ ᠪᠡᠶ᠎ᠡ ᠵᠢᠨ ᠲᠠᠮᠢᠷ᠎ᠤᠨ ᠶᠡᠬᠡ ᠬᠤᠷᠠᠯ ᠵᠡᠷᠭᠡ ᠠᠵᠢᠯᠯᠠᠭ᠎ᠠ ᠥᠷᠨᠢᠭᠦᠯᠵᠦ᠂ ᠨᠢᠭᠡ ᠪᠦᠯᠦᠭ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠵᠤᠭ᠋ᠠᠴᠠᠭᠰᠠᠳ ᠥᠪᠥᠷ ᠮᠣᠩᠭᠣᠯ᠎ᠳᠤ ᠢᠷᠡᠵᠦ ᠲᠠᠯ᠎ᠠ ᠨᠤᠲᠤᠭ ᠵᠶ᠋ᠠᠷ ᠵᠤᠭ᠋ᠠᠴᠠᠵᠤ᠂ ᠮᠥᠰᠥ ᠴᠠᠰᠤᠨ᠎ᠳᠤ ᠨᠠᠭ᠋ᠠᠳᠪᠠ᠃ ᠥᠪᠥᠷ ᠮᠣᠩᠭᠣᠯ ᠪᠣᠯ ᠪᠠᠰᠠ ᠨᠢᠭᠡᠨ ᠮᠠᠰᠢ ᠶᠡᠬᠡ ᠰᠣᠶᠣᠯ᠎ᠲᠠᠢ ᠭᠠᠵᠠᠷ ᠪᠣᠯᠤᠨ᠎ᠠ᠂ ᠨᠢᠳᠤᠨᠤᠨ《ᠤᠮᠠᠷᠠᠲᠤ ᠬᠢᠯᠢ ᠵᠢᠨ ᠰᠣᠶᠣᠯ᠎ᠤᠨ ᠬᠤᠪᠢᠯᠭ᠋ᠠᠨ ᠣᠷᠣᠨ᠎ᠤ ᠠᠶᠠᠯᠠᠯ》ᠪᠦᠬᠦ ᠤᠯᠤᠰ᠎ᠲᠤ ᠳᠠᠭᠤᠷᠢᠰᠴᠤ᠂ ᠤᠯᠠᠭ᠋ᠠᠨᠮᠥ᠋ᠴᠢᠷ ᠵᠡᠷᠭᠡ ᠡᠯ᠎ᠡ ᠲᠦᠷᠦᠯ᠎ᠤᠨ ᠬᠦᠷᠢᠶᠡᠯᠡᠩ ᠪᠦᠯᠬᠦᠮ 28 ᠮᠤᠵᠢ ᠬᠤᠳᠠ᠎ᠳᠤ ᠲᠣᠭᠯᠠᠯᠲᠠ ᠭᠠᠷᠭ᠋ᠠᠵᠤ᠂ ᠭᠣᠢ᠌ᠳᠠ ᠰᠠᠢ᠌ᠬᠠᠨ ᠲᠣᠭᠯᠠᠯᠲᠠ᠎ᠨᠢ ᠪᠡᠭᠡᠵᠢᠩ ᠲᠢᠶᠠᠨᠵᠢᠨ ᠾᠸᠪᠸᠢ᠎ᠳᠤ ᠶᠡᠬᠡᠳᠡ ᠠᠯᠳᠠᠷᠰᠢᠪᠠ᠃ ᠪᠢᠳᠡ ᠥᠷᠭᠡᠨ ᠣᠯᠠᠨ ᠰᠦᠯᠵᠢᠶᠡᠨ᠎ᠤ ᠠᠨᠳᠠ ᠨᠠᠷ᠎ᠢ ᠥᠪᠥᠷ ᠮᠣᠩᠭᠣᠯ᠎ᠳᠤ ᠢᠷᠡᠵᠦ ᠲᠣᠭᠣᠷᠢᠨ ᠦᠵᠡᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠰᠦᠷᠯᠢᠭ ᠰᠠᠢ᠌ᠬᠠᠨ ᠥᠷᠭᠡᠨ ᠠᠭᠤᠳᠠᠮ᠂ ᠦᠨᠳᠦᠰᠦᠲᠡᠨ᠎ᠤ ᠵᠠᠩ ᠵᠠᠩᠰᠢᠯ᠂ ᠣᠲᠣ ᠦᠶ᠎ᠡ ᠵᠢᠨ ᠳᠦᠷᠰᠦ ᠪᠠᠢ᠌ᠳᠠᠯ᠎ᠢ ᠪᠡᠶ᠎ᠡ᠎ᠪᠠᠷ ᠵᠶ᠋ᠡᠨ ᠪᠡᠶᠡᠴᠢᠯᠡᠨ ᠣᠢ᠌ᠯᠠᠭ᠋ᠠᠵᠤ᠂ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠤ ᠥᠪᠡᠷᠮᠢᠴᠡ ᠷᠢᠳᠢ ᠰᠢᠳᠢ ᠵᠢ ᠲᠤᠬᠠᠶ ᠵᠢᠨ ᠭᠠᠵᠠᠷ᠎ᠲᠤᠨᠢ ᠪᠡᠶᠡᠴᠢᠯᠡᠨ ᠣᠢ᠌ᠯᠠᠭ᠋ᠠᠭ᠋ᠠᠷᠠᠢ᠃
ᠰᠦᠯᠵᠢᠶᠡᠨ᠎ᠤ ᠠᠨᠳᠠ ᠨᠠᠷ᠎ᠤᠨ ᠠᠮᠤᠷ ᠲᠦᠪᠰᠢᠨ ᠤᠷᠤᠭᠰᠢᠲᠠᠶ ᠪᠠᠢ᠌ᠬᠤ ᠵᠢ ᠵᠥᠩᠨᠡᠶ᠎ᠡ!
ᠠᠷᠠᠳ᠎ᠤᠨ ᠰᠦᠯᠵᠢᠶ᠎ᠡ ᠤᠯᠠᠮ ᠬᠥᠭᠵᠢᠶᠡᠨ᠎ᠲᠠᠢ ᠪᠣᠯᠬᠤ ᠵᠢ ᠵᠥᠩᠨᠡᠶ᠎ᠡ!