ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-03-12

  
    3 ᠳ᠋ᠤᠭ᠋ᠠᠷ ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ 2025 ᠣᠨ᠎ᠤ 7 ᠳ᠋ᠤᠭ᠋ᠠᠷ ᠤᠳᠠᠭ᠎ᠠ ᠵᠢᠨ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠵᠢᠶᠠᠩᠰᠦ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ ᠃


W020250311854180610558.jpg



    ᠬᠤᠷᠠᠯ᠎ᠠᠴᠠ᠂ ᠲᠢᠩᠬᠢᠮ᠎ᠤᠨ ᠰᠢᠰᠲ᠋ᠧᠮ᠎ᠤᠨ ᠪᠥᠬᠥ ᠺᠠᠳ᠋ᠷ ᠠᠵᠢᠯᠲᠠᠨ ᠠᠵᠢᠯᠴᠢᠨ ᠶᠡᠷᠦᠩᠬᠡᠶ ᠱᠦᠵᠢ ᠵᠢᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠶ ᠰᠤᠷᠤᠯᠴᠠᠨ ᠣᠢ᠌ᠯᠠᠭ᠋ᠠᠵᠤ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ᠎ᠤᠨ ᠬᠡᠷᠡᠭᠴᠡᠭᠡ᠎ᠳᠤ ᠰᠠᠭᠤᠷᠢᠯᠠᠨ᠂ ᠥᠪᠥᠷ ᠮᠣᠩᠭᠣᠯ᠎ᠤᠨ᠎ᠬᠢᠨ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠪᠥᠬᠥ ᠲᠠᠯ᠎ᠠ᠎ᠳᠤ ᠦᠢᠯᠡᠴᠢᠯᠡᠬᠦ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ᠎ᠪᠠᠷ ᠴᠢᠷᠮᠠᠢ᠌ᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠪᠠᠷ ᠬᠥᠲᠥᠯᠦᠮᠵᠢ ᠪᠣᠯᠭ᠋ᠠᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠴᠢᠩᠭ᠋ᠠᠳᠬᠠᠬᠤ ᠣᠨ》᠎ᠤ ᠠᠵᠢᠯᠯᠠᠭ᠎ᠠ ᠵᠢ ᠰᠠᠢ᠌ᠲᠤᠷ ᠠᠳᠬᠤᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠤ《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠦᠷᠭᠦᠯᠵᠢᠯᠡᠨ ᠥᠷᠨᠢᠭᠦᠯᠵᠦ᠂ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠎ᠠ ᠵᠢ ᠲᠠᠰᠤᠷᠠᠯᠲᠠ ᠥᠬᠡᠶ ᠭᠦᠨᠵᠡᠭᠡᠢ᠌ᠷᠡᠭᠦᠯᠵᠦ᠂ ᠥᠪᠥᠷ ᠮᠣᠩᠭᠣᠯ᠎ᠤᠨ ᠣᠨᠴᠠᠯᠢᠭ᠎ᠲᠠᠢ ᠳᠠᠪᠠᠭᠤᠯᠢᠭ ᠣᠳᠣᠬᠢᠴᠢᠯᠠᠭᠰᠠᠨ ᠠᠵᠤ ᠦᠢᠯᠡᠰ᠎ᠤᠨ ᠰᠢᠰᠲ᠋ᠧᠮ᠎ᠢ ᠲᠦᠷᠭᠡᠳᠬᠡᠨ ᠪᠠᠢ᠌ᠭᠤᠯᠬᠤ ᠬᠡᠷᠡᠭᠲᠡᠶ᠃ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠰᠢᠰᠳ᠋ᠸᠮ᠎ᠤᠨ ᠤᠯᠤᠰ ᠲᠦᠷᠦ ᠵᠢᠨ ᠪᠠᠢ᠌ᠭᠤᠯᠭ᠎ᠠ ᠵᠢᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠤᠯᠤᠰ ᠲᠦᠷᠦ ᠵᠢᠨ ᠤᠨᠤᠯ᠎ᠤᠨ ᠰᠤᠷᠤᠯᠴᠠᠯᠭ᠎ᠠ ᠪᠣᠯᠤᠨ ᠰᠢᠨᠵᠢᠯᠡᠬᠦ ᠤᠬᠠᠭ᠋ᠠᠨ ᠲᠸᠭ᠌ᠨᠢᠢ᠍ᠠ᠋ ᠮᠡᠷᠭᠡᠵᠢᠯ᠎ᠤᠨ ᠲᠤᠬᠠᠢ᠌ᠯᠠᠭᠰᠠᠨ ᠠᠵᠢᠯ᠎ᠤᠨ ᠠᠭᠤᠰᠤᠯᠴᠠᠯ ᠥᠷᠨᠢᠯᠲᠡ ᠵᠢ ᠠᠬᠢᠭᠤᠯᠵᠤ᠂ ᠲᠢᠩᠬᠢᠮ᠎ᠤᠨ ᠰᠢᠰᠳ᠋ᠸᠮ᠎ᠤᠨ ᠺᠠᠳ᠋ᠷ ᠠᠵᠢᠯᠳᠠᠨ ᠠᠵᠢᠯᠴᠢᠨ᠎ᠤ ᠲᠦᠷᠢᠮ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠂ ᠠᠵᠢᠯ ᠬᠢᠵᠦ ᠦᠢ᠍ᠯᠡᠰ ᠪᠤᠰᠬᠠᠬᠤ ᠵᠢ ᠬᠥᠮᠦᠵᠢᠭᠦᠯᠦᠨ ᠵᠢᠯᠣᠭᠣᠳᠬᠤ ᠬᠡᠷᠡᠭᠲᠡᠢ ᠭᠡᠵᠦ ᠴᠢᠬᠤᠯᠠᠴᠢᠯᠠᠪᠠ᠃
    ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠯᠥᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠳᠤ ᠤᠯᠤᠰ᠎ᠤᠨ ᠬᠡᠷᠡᠭᠴᠡᠭᠡ᠂ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢ᠎ᠳᠤ ᠰᠠᠭᠤᠷᠢᠯᠠᠨ᠂ ᠠᠯᠤᠰ ᠬᠡᠳᠦ ᠵᠢᠨ ᠴᠢᠨᠠᠷᠲᠠᠢ ᠪᠥᠭᠡᠳ ᠬᠠᠨᠳᠤᠯᠭ᠋ᠠᠲᠤ ᠴᠢᠨᠠᠷᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠥᠯᠥᠪᠵᠢᠭᠦᠯᠭᠡ ᠵᠢᠨ ᠰᠢᠰᠲ᠋ᠧᠮ᠎ᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠎ᠳᠤ ᠪᠠᠲᠤ ᠪᠡᠬᠢ ᠰᠠᠭᠤᠷᠢ ᠲᠠᠯᠪᠢᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠤ ᠬᠢᠨᠠᠨ ᠵᠥᠪᠯᠡᠪᠡ ᠃
     ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠣᠤ ᠴᠧᠩ ᠰᠦᠯᠵᠢᠶᠡᠨ᠎ᠤ ᠠᠨᠳᠠ ᠨᠠᠷ᠎ᠲᠤ ᠬᠠᠷᠢᠭᠤ ᠥᠭᠪᠡ
ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ ᠪᠡᠭᠡᠵᠢᠩ᠎ᠳᠤ ᠬᠦᠷᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠮᠲᠤᠷᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠵᠦᠢᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠲᠠᠷᠬᠠᠭ᠋ᠠᠪᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠪᠡᠯᠡ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
 
            