ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠦᠨᠳᠦ ᠨᠠᠢ᠌ᠳᠠᠯᠭ᠎ᠠ ᠵᠢ ᠠᠪᠴᠤ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠳᠤ ᠣᠷᠣᠯᠴᠠᠬᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ 3 ᠰᠠᠷ᠎ᠠ ᠵᠢᠨ 3᠎ᠤ ᠦᠳᠡ ᠵᠢᠨ ᠡᠮᠦᠨ᠎ᠡ ᠲᠦᠷᠭᠡᠨ᠎ᠤ ᠭᠠᠯᠲᠤ ᠲᠡᠷᠭᠡ᠎ᠪᠠᠷ ᠨᠡᠢ᠌ᠰᠯᠡᠯ ᠪᠡᠭᠡᠵᠢᠩ᠎ᠳᠤ ᠬᠦᠷᠪᠡ᠃
ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ᠌ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠬᠢᠨ᠎ᠤ ᠵᠢᠯ ᠮᠥᠨ᠂ ᠤᠳᠠᠯ ᠥᠬᠡᠶ ᠬᠤᠷᠠᠯᠳᠤᠬᠤ ᠭᠡᠵᠦ ᠪᠠᠢ᠌ᠭ᠎ᠠ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯ᠎ᠤᠨ ᠠᠴᠢ ᠬᠣᠯᠪᠣᠭᠳᠠᠯ ᠴᠢᠬᠤᠯᠠ ᠶᠡᠬᠡ ᠶᠤᠮ ᠃ ᠴᠢᠨᠠᠷ ᠰᠠᠢ᠌ᠲᠠᠢ ᠰᠠᠨᠠᠭᠤᠯᠭ᠎ᠠ ᠪᠠ ᠰᠠᠨᠠᠯ ᠵᠥᠪᠯᠡᠯᠭᠡ ᠪᠡᠯᠡᠳᠬᠡᠬᠦ ᠵᠢᠨ ᠲᠥᠯᠥᠭᠡ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠤᠷᠠᠯ ᠲᠡᠭᠦᠰᠦᠭᠰᠡᠨ ᠬᠤᠭᠤᠴᠠᠭ᠋ᠠᠨ᠎ᠳᠤ᠂ ᠲᠥᠯᠥᠭᠡᠯᠡᠭᠴᠢᠳ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ ᠪᠠᠢ᠌ᠴᠠᠭ᠋ᠠᠨ ᠰᠤᠳᠤᠯᠤᠯᠲᠠ ᠵᠢ ᠥᠷᠭᠡᠨ ᠵᠶ᠋ᠡᠷ ᠥᠷᠨᠢᠭᠦᠯᠵᠦ᠂ ᠨᠡᠢ᠌ᠭᠡᠮ᠎ᠤᠨ ᠪᠠᠢ᠌ᠳᠠᠯ ᠠᠷᠠᠳ᠎ᠤᠨ ᠰᠠᠨᠠᠭ᠎ᠠ ᠵᠢ ᠰᠣᠨᠣᠰᠴᠤ᠂ ᠨᠠᠷᠢᠨ ᠨᠢᠮᠪᠠᠢ ᠪᠡᠯᠡᠳᠬᠡᠯ ᠬᠢᠪᠡ᠃
ᠲᠥᠯᠥᠭᠡᠯᠡᠭᠴᠢ ᠰᠢᠤᠸᠠᠢ ᡁᠢ ᠯᠦᠩ ᠣᠯᠠᠨ ᠲᠦᠮᠡᠨ᠎ᠤ ᠬᠦᠰᠡᠯ ᠡᠷᠡᠮᠡᠯᠵᠡᠯ᠎ᠢ ᠴᠤᠭᠯᠠᠭᠤᠯᠵᠤ᠂ ᠬᠣᠶᠠᠷ ᠬᠤᠷᠠᠯ ᠳᠡᠭᠡᠷ᠎ᠡ ᠠᠪᠠᠴᠢᠬᠤ᠎ᠪᠠᠷ ᠪᠡᠯᠡᠳᠬᠡᠵᠦ ᠪᠠᠢ᠌ᠨ᠎ᠠ᠃ 《ᠬᠥᠳᠡᠭᠡ ᠲᠣᠰᠬᠣᠨ᠎ᠤ ᠪᠤᠭᠤᠷᠤᠯ ᠨᠠᠰᠤᠲᠠᠨ᠎ᠤ ᠨᠠᠰᠤᠵᠢᠯ᠎ᠤᠨ ᠠᠰᠠᠷᠠᠮᠵᠢ ᠪᠣᠯᠤᠨ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠠᠰᠠᠭᠤᠳᠠᠯ᠎ᠢ ᠬᠠᠮᠤᠭ᠎ᠠᠴᠠ ᠢᠯᠡᠭᠦᠦ ᠠᠩᠬᠠᠷᠴᠤ ᠪᠠᠢ᠌ᠨ᠎ᠠ ᠃》 ᠭᠡᠵᠦ ᠲᠡᠷᠡ ᠢᠯᠡᠳᠬᠡᠪᠡ ᠃ ᠦᠨᠳᠦᠰᠦᠨ ᠱᠠᠲᠤᠨ᠎ᠤ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠰᠢᠤᠸᠠᠢ ᡁᠢ ᠯᠦᠩ ᠮᠠᠯᠵᠢᠬᠤ ᠲᠠᠷᠢᠶᠠᠯᠠᠬᠤ ᠣᠷᠣᠨ᠎ᠤ ᠬᠥᠭᠵᠢᠯᠲᠡ ᠪᠣᠯᠤᠨ ᠮᠠᠯᠴᠢᠨ ᠲᠠᠷᠢᠶᠠᠴᠢᠨ᠎ᠤ ᠠᠮᠢᠳᠤᠷᠠᠯ᠎ᠤᠨ ᠲᠦᠪᠰᠢᠨ᠎ᠢ ᠳᠡᠭᠡᠭᠰᠢᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ ᠶᠡᠬᠡ ᠬᠡᠮᠵᠢᠶᠡᠨ᠎ᠤ ᠪᠠᠢ᠌ᠴᠠᠭ᠋ᠠᠨ ᠰᠤᠳᠤᠯᠤᠯᠲᠠ ᠬᠢᠵᠦ᠂ ᠡᠨᠡ ᠵᠢᠯ᠎ᠤᠨ ᠰᠠᠨᠠᠭᠤᠯᠭ᠎ᠠ᠎ᠳᠠᠭᠠᠨ᠂ ᠤᠯᠤᠰ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ᠎ᠬᠢᠨ ᠤᠨᠴᠠᠯᠢᠬᠳᠤ ᠲᠠᠷᠢᠶᠠᠯᠠᠩ᠎ᠢ ᠨᠡᠩ ᠶᠡᠬᠡ ᠡᠷᠴᠢᠮ ᠵᠶ᠋ᠡᠷ ᠲᠡᠳᠬᠦᠨ ᠬᠥᠭᠵᠢᠭᠦᠯᠵᠦ᠂ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠨᠡᠮᠡᠯᠲᠡ ᠦᠷᠳᠡᠭ ᠪᠣᠯᠤᠨ ᠵᠠᠬ᠎ᠠ ᠳᠡᠯᠭᠡᠭᠦᠷ᠎ᠤᠨ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ ᠭᠡᠵᠦ ᠤᠷᠢᠶᠠᠯᠠᠪᠠ᠃
ᠰᠤᠷᠭ᠋ᠠᠨ ᠬᠥᠮᠦᠵᠢᠯ᠎ᠤᠨ ᠰᠢᠰᠲ᠋ᠧᠮ᠎ᠠᠴᠠ ᠢᠷᠡᠭᠰᠡᠨ ᠲᠥᠯᠥᠭᠡᠯᠡᠭᠴᠢ ᠴᠧᠨ ᠠᠶ ᠰᠢᠤᠸᠠᠢ ᠵᠢᠨ ᠠᠩᠬᠠᠷᠤᠯ᠎ᠤᠨ ᠴᠡᠭ᠎ᠨᠢ ᠡᠨᠡ ᠵᠢᠯ᠎ᠤᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ ᠵᠢ ᠠᠬᠢᠭᠤᠯᠬᠤ ᠳᠡᠭᠡᠷ᠎ᠡ ᠪᠣᠶ ᠃ ᠲᠡᠷᠡ᠂ ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠴᠢᠬᠤᠯᠠ ᠠᠰᠠᠭᠤᠳᠠᠯ ᠮᠥᠨ᠂ ᠵᠠᠯᠠᠭᠤᠴᠤᠳ᠎ᠤᠨ ᠠᠵᠢᠯ ᠣᠯᠭᠣᠯᠲᠠ ᠪᠣᠯ ᠨᠠᠩ ᠴᠢᠬᠤᠯᠠ᠎ᠠᠴᠠ ᠴᠢᠬᠤᠯᠠ ᠶᠤᠮ᠂ ᠶᠡᠷᠦᠩᠬᠡᠶ ᠱᠦᠵᠢ ᠰᠢ ᠵᠢᠨ ᠫᠢᠩ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ ᠵᠢᠨ ᠠᠰᠠᠭᠤᠳᠠᠯ᠎ᠢ ᠮᠠᠰᠢ ᠬᠠᠯᠠᠮᠵᠢᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠴᠤ᠌ ᠬᠠᠮᠢᠶ᠎ᠠ ᠪᠥᠬᠥᠶ ᠪᠠᠢ᠌ᠷᠢᠯᠠᠭᠤᠯᠤᠯᠲᠠ ᠬᠢᠪᠠ᠃ ᠣᠯᠠᠨ ᠵᠢᠯ᠎ᠤᠨ ᠲᠤᠷᠰᠢ ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠨᠢᠭᠡᠳᠦᠭᠡᠷ ᠹᠷᠣᠨᠲ᠎ᠲᠤ ᠠᠵᠢᠯᠯᠠᠭᠰᠠᠨ ᠥᠩᠭᠡᠷᠡᠯᠲᠡ᠎ᠨᠢ ᠴᠧᠨ ᠠᠶ ᠰᠢᠤᠸᠠᠢ ᠵᠢ ᠡᠨᠡ ᠠᠰᠠᠭᠤᠳᠠᠯ᠎ᠤᠨ ᠲᠤᠬᠠᠶ ᠨᠠᠩ ᠭᠦᠨᠵᠡᠭᠡᠶ ᠲᠠᠨᠢᠯᠲᠠ᠎ᠲᠠᠢ ᠪᠣᠯᠭ᠋ᠠᠵᠠᠶ᠂ ᠲᠡᠷᠡ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠠᠷᠢᠨ ᠨᠢᠮᠪᠠᠶ ᠪᠡᠯᠡᠳᠬᠡᠯ ᠬᠢᠵᠦ᠂ ᠶᠡᠬᠡ ᠳᠡᠭᠡᠳᠦ ᠰᠤᠷᠭ᠋ᠠᠭᠤᠯᠢ ᠵᠢᠨ ᠰᠢᠨᠵᠢᠯᠡᠭᠡᠨ᠎ᠤ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠠᠵᠢᠯ ᠣᠯᠭᠣᠯᠲᠠ ᠵᠢᠨ ᠰᠢᠰᠲ᠋ᠧᠮ᠎ᠤᠨ ᠰᠢᠨ᠎ᠡ ᠵᠢ ᠡᠭᠦᠳᠬᠦ ᠵᠢ ᠰᠠᠨᠠᠭᠤᠯᠪᠠ᠃
ᠲᠥᠯᠥᠭᠡᠯᠡᠭᠴᠢᠳ᠎ᠤᠨ ᠠᠩᠬᠠᠷᠴᠤ ᠪᠠᠢ᠌ᠭ᠎ᠠ ᠠᠰᠠᠭᠤᠳᠠᠯ᠎ᠨᠢ ᠥᠪᠥᠷ ᠮᠣᠩᠭᠣᠯ ᠵᠢᠴᠢ ᠪᠦᠬᠦ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠯ᠎ᠡ ᠬᠦᠷᠢᠶᠡᠨ᠎ᠳᠤ ᠬᠣᠯᠪᠣᠭᠳᠠᠵᠤ᠂ ᠪᠡᠭᠡᠵᠢᠩ ᠬᠦᠷᠬᠦ ᠭᠠᠯᠲᠤ ᠲᠡᠷᠭᠡᠨ ᠳᠡᠭᠡᠷ᠎ᠡ ᠮᠥᠨ ᠬᠦ᠌ ᠬᠥᠭᠵᠢᠶᠡᠨᠲᠡᠢ ᠶᠠᠷᠢᠯᠴᠠᠵᠤ ᠪᠠᠢ᠌ᠯ᠎ᠠ᠃ ᠬᠡᠬᠦᠳᠡᠭ ᠳᠦᠭᠦᠷᠡᠩ ᠤᠯᠤᠰ ᠲᠦᠷᠦ ᠵᠢᠨ ᠬᠠᠯᠠᠭᠤᠨ ᠰᠡᠳᠬᠢᠯᠭᠡ ᠪᠠ ᠰᠠᠢ᠍ᠢ᠍ᠨ ᠰᠠᠢ᠌ᠬᠠᠨ ᠤᠶᠤᠨ ᠰᠠᠨᠠᠭ᠋ᠠᠨ᠎ᠤ ᠳᠦᠷᠰᠦ ᠪᠠᠢ᠌ᠳᠠᠯ ᠵᠶ᠋ᠠᠷ᠂ ᠰᠣᠳᠣ ᠮᠡᠷᠭᠡᠨ ᠰᠠᠨᠠᠯ ᠰᠠᠨᠠᠭᠤᠯᠭ᠎ᠠ ᠵᠢ ᠢᠯᠡᠭᠦᠬᠡᠨ ᠳᠤᠷᠠᠳᠴᠤ᠂ ᠥᠭᠡᠷᠡᠴᠢᠯᠡᠯᠲᠡ ᠵᠢᠨ ᠰᠠᠢ᠍ᠢ᠍ᠨ ᠪᠤᠳᠤᠯᠭ᠎ᠠ ᠵᠢ ᠢᠯᠡᠭᠦᠬᠡᠨ ᠳᠡᠪᠰᠢᠭᠦᠯᠵᠦ᠂ ᠦᠨᠳᠦᠰᠦᠨ ᠬᠠᠤᠯᠢ ᠪᠠ ᠬᠠᠤᠯᠢ ᠴᠠᠭ᠋ᠠᠵᠠ᠎ᠠᠴᠠ ᠣᠯᠭᠣᠭᠰᠠᠨ ᠠᠷᠢᠭᠤᠨ ᠲᠠᠷᠬᠠᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠤᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠤᠯᠠᠨ ᠵᠶ᠋ᠠᠷ ᠵᠶ᠋ᠠᠨ ᠢᠯᠡᠳᠬᠡᠵᠡᠭᠡᠪᠡ᠃