ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ᠎ᠳᠤ ᠳᠠᠬᠢᠨ ᠵᠠᠰᠠᠪᠤᠷᠢ ᠣᠷᠣᠭᠤᠯᠵᠤ ᠲᠥᠷᠥ ᠵᠢᠨ ᠪᠣᠳᠣᠯᠭ᠎ᠠ ᠵᠢᠨ ᠬᠦᠴᠦᠨ ᠵᠶ᠋ᠡᠷ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠪᠣᠶ
ᠨᠡᠶ᠋ᠢᠲᠡᠯᠡᠭᠰᠡᠨ ᠴᠠᠭ᠄ 2025-03-17

  
   ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠡᠳ᠋᠎ᠤᠨ ᠵᠠᠰᠠᠭ᠎ᠤᠨ ᠲᠢᠩᠬᠢᠮ᠎ᠲᠠᠢ ᠬᠠᠮᠲᠤᠷᠠᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》᠎ᠳᠤ ᠳᠠᠬᠢᠨ ᠵᠠᠰᠠᠪᠤᠷᠢ ᠣᠷᠣᠭᠤᠯᠪᠠ᠃ ᠲᠤᠰᠬᠠᠶ ᠪᠠᠯᠠ ᠮᠥᠩᠭᠥ᠎ᠪᠠᠷ ᠳᠡᠮᠵᠢᠬᠦ ᠬᠦᠷᠢᠶ᠎ᠡ ᠬᠡᠪᠴᠢᠶ᠎ᠡ ᠬᠢᠭᠡᠳ ᠳᠡᠮᠵᠢᠬᠦ ᠠᠷᠭ᠎ᠠ ᠮᠠᠶᠢᠭ᠂ ᠬᠢᠨᠠᠨ ᠲᠣᠭᠲᠠᠭ᠋ᠠᠬᠤ᠎ᠪᠠᠷ ᠮᠡᠳᠡᠭᠦᠯᠬᠦ ᠪᠠ ᠬᠤᠪᠢᠶᠠᠷᠢᠯᠠᠬᠤ᠂ ᠬᠠᠮᠢᠶᠠᠷᠬᠤ ᠪᠠ ᠬᠡᠷᠡᠭᠯᠡᠬᠦ ᠵᠡᠷᠭᠡ ᠲᠠᠯ᠎ᠠ᠎ᠠᠴᠠ 35 ᠵᠦᠢᠯ᠎ᠤᠨ ᠪᠣᠳᠠᠲᠠᠶ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠬᠠᠷᠠᠯᠲᠠ᠎ᠲᠠᠢ᠎ᠪᠠᠷ ᠰᠤᠮᠤ ᠬᠠᠷᠪᠤᠵᠤ᠂ ᠲᠤᠢ᠌ᠯ᠎ᠤᠨ ᠣᠨᠣᠪᠴᠢᠲᠠᠶ᠎ᠪᠠᠷ ᠬᠦᠴᠦᠯᠡᠵᠦ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠬᠡᠷᠡᠭᠵᠢᠭᠦᠯᠦᠯᠲᠡ ᠵᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠪᠠᠯᠠ ᠮᠥᠩᠭᠥ ᠵᠢᠨ ᠬᠠᠮᠢᠶᠠᠷᠤᠯᠲᠠ ᠬᠡᠷᠡᠭᠯᠡᠯᠲᠡ ᠵᠢ ᠵᠢᠷᠤᠮᠵᠢᠭᠤᠯᠤᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠬᠦᠴᠦᠨ ᠵᠶ᠋ᠡᠷ ᠰᠢᠨ᠎ᠡ ᠵᠢ ᠡᠭᠦᠳᠬᠦ ᠴᠢᠳᠠᠪᠤᠷᠢ ᠵᠢᠨ ᠳᠡᠭᠡᠭᠰᠢᠯᠡᠯᠲᠡ ᠵᠢ ᠳᠠᠢ᠌ᠴᠢᠯᠠᠨ᠎ᠠ᠃
    ᠲᠣᠰ ᠤᠳᠠᠭ᠎ᠠ ᠵᠠᠰᠠᠪᠤᠷᠢ ᠣᠷᠣᠭᠤᠯᠬᠤ᠎ᠳᠠᠭᠠᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠯᠠ ᠮᠥᠩᠭᠥ ᠵᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠤᠰᠬᠠᠶ ᠪᠠᠯᠠ ᠮᠥᠩᠭᠥ ᠪᠣᠯᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠡᠷᠭᠡ 2 ᠲᠤᠰᠬᠠᠶ ᠪᠠᠯᠠ ᠮᠥᠩᠭᠥ ᠪᠣᠯᠭ᠋ᠠᠨ ᠲᠣᠬᠢᠷᠠᠭᠤᠯᠪᠠ; ᠤᠤᠯ᠎ᠤᠨ ᠬᠡᠷᠡᠭᠯᠡᠭᠡᠨ᠎ᠤ ᠮᠡᠷᠭᠡᠵᠢᠯ᠎ᠤᠨ ᠰᠤᠳᠤᠯᠭ᠋ᠠᠨ ᠬᠢᠭᠡᠳ ᠨᠡᠭᠡᠭᠡᠨ ᠬᠥᠭᠵᠢᠭᠦᠯᠬᠦ ᠪᠠᠯᠠ ᠮᠥᠩᠭᠥ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠪᠠᠯᠠ ᠮᠥᠩᠭᠥ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠤᠰᠬᠠᠶ ᠪᠠᠯᠠ ᠮᠥᠩᠭᠥ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠥᠲᠥᠯᠦᠨ ᠵᠢᠯᠣᠭᠣᠳᠬᠤ ᠱᠠᠩᠨᠠᠯ᠎ᠤᠨ ᠪᠠᠯᠠ ᠮᠥᠩᠭᠥ ᠵᠢ ᠡᠮᠬᠢᠯᠡᠨ ᠨᠡᠢ᠌ᠯᠡᠭᠦᠯᠵᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠤᠰᠬᠠᠶ ᠪᠠᠯᠠ ᠮᠥᠩᠭᠥ ᠪᠣᠯᠭ᠋ᠠᠨ᠎ᠠ; ᠰᠠᠭᠤᠷᠢ ᠰᠤᠳᠤᠯᠭ᠋ᠠᠨ᠎ᠢ ᠳᠡᠮᠵᠢᠬᠦ ᠴᠢᠳᠠᠪᠤᠷᠢ ᠵᠢ ᠳᠡᠭᠡᠭᠰᠢᠯᠡᠭᠦᠯᠵᠦ᠂ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢᠨ《ᠳᠠᠭ᠋ᠠᠭ᠋ᠠᠴᠢᠯᠠᠯᠲᠠ ᠵᠢᠨ ᠲᠦᠷᠢᠮ + ᠨᠠᠵᠠᠭ᠋ᠠᠶ ᠲᠠᠯ᠎ᠠ ᠵᠢᠨ ᠨᠠᠷᠢᠨ ᠲᠠᠩᠰᠠ》ᠵᠢᠨ ᠬᠠᠮᠢᠶᠠᠷᠤᠯᠲᠠ ᠵᠢ ᠬᠡᠷᠡᠭᠵᠢᠭᠦᠯᠬᠦ ᠵᠢ ᠲᠣᠳᠣᠷᠬᠠᠢ᠌ᠯᠠᠵᠤ᠂ 《ᠵᠢᠭ᠋ᠠᠨ ᠲᠣᠭᠲᠠᠭ᠋ᠠᠭᠰᠠᠨ ᠲᠣᠪᠶᠣᠭ》᠎ᠢ 《ᠪᠡᠶ᠎ᠡ᠎ᠪᠠᠨ ᠳᠠᠭ᠋ᠠᠭ᠋ᠠᠵᠤ ᠬᠣᠭᠣᠯᠠ ᠵᠠᠬᠢᠶᠠᠯᠠᠬᠤ》 ᠪᠣᠯᠭ᠋ᠠᠨ ᠥᠭᠡᠷᠡᠴᠢᠯᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠪᠣᠳᠠᠲᠠᠶ ᠬᠡᠷᠡᠭᠴᠡᠭᠡ ᠱᠠᠭ᠋ᠠᠷᠳᠠᠯᠭ᠎ᠠ᠎ᠪᠠᠨ ᠦᠨᠳᠦᠰᠦᠯᠡᠨ ᠡᠬᠢ ᠪᠠᠶᠠᠯᠢᠭ᠎ᠢ ᠠᠮᠢᠳᠤᠯᠢᠭ ᠵᠶ᠋ᠠᠷ ᠲᠣᠬᠢᠷᠠᠭᠤᠯᠵᠤ᠂ ᠭᠣᠤᠯ ᠬᠠᠷᠢᠭᠤᠴᠠᠯᠭ᠎ᠠ ᠭᠣᠤᠯ ᠠᠵᠢᠯ᠎ᠳᠤ ᠰᠡᠳᠬᠢᠯ ᠳᠡᠯᠪᠢᠨ ᠣᠷᠣᠭᠤᠯᠤᠯᠲᠠ ᠬᠢᠵᠦ᠂ ᠦᠷ᠎ᠡ ᠪᠦᠲᠦᠭᠡᠯ᠎ᠤᠨ ᠭᠠᠷᠭ᠋ᠠᠯᠲᠠ᠎ᠪᠠᠨ ᠲᠦᠷᠭᠡᠳᠬᠡᠬᠦ᠎ᠳᠤ ᠠᠰᠢᠭᠲᠠᠶ ᠃
    ᠡᠭᠦᠨ᠎ᠠᠴᠠ ᠭᠠᠳᠠᠨ᠎ᠠ᠂ ᠰᠢᠨ᠎ᠡ ᠠᠷᠭ᠎ᠠ᠎ᠳᠤ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠵᠶ᠋ᠡᠷ ᠨᠤᠲᠠᠯᠠᠭᠤᠯᠤᠭ᠋ᠠᠳ ᠬᠦᠴᠦᠨ ᠥᠬᠡᠶ ᠪᠣᠯᠭ᠋ᠠᠬᠤ ᠪᠤᠶᠤ ᠵᠣᠭᠰᠣᠭ᠋ᠠᠬᠤ ᠴᠢᠬᠤᠯᠠᠲᠠᠶ ᠲᠥᠷᠥᠯ ᠵᠦᠢᠯ᠎ᠳᠤ ᠪᠡᠶᠡᠴᠢ ᠪᠤᠰᠤᠳᠴᠢ ᠰᠢᠯᠲᠠᠭ᠋ᠠᠨ ᠵᠶ᠋ᠠᠷ᠎ᠨᠢ ᠢᠯᠭ᠋ᠠᠨ ᠬᠤᠪᠢᠶᠠᠵᠤ ᠪᠠᠯᠠ ᠮᠥᠩᠭᠥ ᠵᠢ᠎ᠨᠢ ᠬᠣᠷᠢᠶᠠᠨ ᠠᠪᠴᠤ᠂ ᠲᠣᠭᠲᠠᠭ᠋ᠠᠯ᠎ᠠᠴᠠ ᠵᠥᠷᠢᠴᠡᠭᠰᠡᠳ ᠵᠶ᠋ᠡᠷ ᠦᠨ᠎ᠡ ᠲᠥᠯᠥᠪᠦᠷᠢ ᠭᠠᠷᠭ᠋ᠠᠭᠤᠯᠬᠤ ᠮᠥᠷᠲᠡᠭᠡᠨ ᠪᠠᠰᠠ ᠵᠠᠮ ᠬᠠᠢ᠌ᠭᠴᠢ ᠵᠢ 《ᠳᠠᠷᠤᠭ᠋ᠠᠰᠤ ᠥᠬᠡᠶ᠎ᠪᠠᠷ ᠵᠢᠭᠰᠠᠭ᠋ᠠᠯ᠎ᠳᠤ ᠣᠷᠣᠯᠴᠠᠭᠤᠯᠬᠤ》ᠵᠢ ᠲᠣᠳᠣᠷᠬᠠᠢ᠌ᠯᠠᠬᠤ ᠬᠡᠷᠡᠭᠲᠡᠶ ᠭᠡᠵᠦ ᠳᠤᠷᠠᠳᠤᠨ ᠭᠠᠷᠭ᠋ᠠᠪᠠ ᠃ ᠪᠡᠶᠡᠴᠢ ᠰᠢᠯᠲᠠᠭ᠋ᠠᠨ᠎ᠠᠴᠠ ᠪᠣᠯᠵᠤ ᠲᠥᠷᠥᠯ ᠵᠦᠢ᠍ᠯ᠎ᠢ ᠬᠦᠴᠦᠨ ᠦᠭᠡᠶ ᠪᠣᠯᠭ᠋ᠠᠬᠤ ᠪᠤᠶᠤ ᠵᠣᠭᠰᠣᠭ᠋ᠠᠭᠰᠠᠨ ᠪᠠᠢ᠌ᠪᠠᠯ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠵᠶ᠋ᠡᠷ ᠨᠤᠲᠠᠯᠠᠭᠤᠯᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠦᠯᠡᠳᠡᠪᠦᠷᠢ ᠪᠡᠯᠡ ᠮᠥᠩᠭᠥ ᠵᠢ᠎ᠨᠢ ᠬᠤᠷᠢᠶᠠᠨ ᠠᠪᠬᠤ ᠵᠢᠨ ᠬᠠᠮᠲᠤ ᠲᠣᠭᠲᠠᠭ᠋ᠠᠯ᠎ᠠᠴᠠ ᠵᠥᠷᠢᠴᠡᠨ ᠬᠡᠷᠡᠭᠯᠡᠭᠰᠡᠨ ᠪᠡᠯᠡ ᠮᠥᠩᠭᠥ ᠵᠢ᠎ᠨᠢ ᠨᠡᠬᠡᠮᠵᠢᠯᠡᠨ ᠠᠪᠴᠢᠷᠠᠬᠤ ᠬᠡᠷᠡᠭᠲᠡᠶ; ᠮᠡᠷᠭᠡᠵᠢᠯ᠎ᠤᠨ ᠱᠤᠭᠤᠮ ᠢᠯᠠᠭᠳᠠᠭᠰᠠᠨ᠂ ᠲᠥᠷᠥ ᠵᠢᠨ ᠪᠣᠳᠣᠯᠭ᠎ᠠ᠎ᠳᠤ ᠲᠣᠬᠢᠷᠠᠭᠤᠯᠤᠯᠲᠠ ᠬᠢᠭᠰᠡᠨ᠂ ᠪᠠᠢ᠌ᠭ᠋ᠠᠯᠢ ᠵᠢᠨ ᠭᠠᠮᠰᠢᠭ ᠵᠡᠷᠭᠡ ᠪᠡᠶᠡᠴᠢ ᠪᠤᠰᠤ ᠬᠦᠴᠦᠨ ᠵᠦᠢᠯ᠎ᠠᠴᠠ ᠪᠣᠯᠵᠣ ᠲᠥᠷᠥᠯ ᠵᠦᠢᠯ ᠵᠶ᠋ᠡᠨ ᠵᠣᠭᠰᠣᠭ᠋ᠠᠭᠰᠠᠨ᠂ ᠵᠥᠪᠬᠡᠨ ᠦᠯᠡᠳᠡᠪᠦᠷᠢ ᠪᠠᠯᠠ ᠮᠥᠩᠭᠥ᠎ᠪᠠᠨ ᠬᠣᠷᠢᠶᠠᠨ ᠠᠪᠤᠭᠰᠠᠨ᠂ ᠨᠢᠭᠡᠨᠲᠡ ᠲᠣᠭᠲᠠᠭ᠋ᠠᠯ᠎ᠳᠤ ᠨᠡᠢ᠌ᠴᠡᠭᠰᠡᠨ ᠵᠠᠷᠤᠯᠭ᠎ᠠ ᠵᠢ ᠨᠡᠬᠡᠮᠵᠢᠯᠡᠨ ᠲᠤᠰᠢᠶᠠᠯᠭ᠋ᠠᠭᠰᠠᠨ ᠥᠬᠡᠶ᠂ 《ᠢᠯᠠᠭᠳᠠᠯ᠎ᠢ ᠠᠭᠤᠴᠢᠯᠠᠬᠤ》 ᠴᠢᠩᠭ᠎ᠠ ᠳᠣᠬᠢᠶ᠎ᠠ ᠵᠢ ᠭᠠᠷᠭ᠋ᠠᠭᠰᠠᠨ ᠪᠠᠢ᠌ᠨ᠎ᠠ᠃
     ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ 《ᠬᠦᠯᠢᠶᠡᠵᠦ ᠰᠠᠭᠤᠬᠤ》 ᠵᠢ ᠰᠢᠢᠳᠪᠦᠷᠢᠯᠡᠵᠦ᠂ ᠪᠠᠯᠠ ᠮᠥᠩᠭᠥ ᠰᠢᠯᠵᠢᠭᠦᠯᠦᠨ ᠥᠭᠬᠦ ᠵᠢᠨ ᠵᠠᠮ ᠵᠠᠭᠤᠷ᠎ᠠ ᠵᠢᠨ ᠴᠠᠭ᠎ᠢ ᠪᠠᠭ᠋ᠠᠰᠬᠠᠬᠤ ᠵᠢᠨ ᠲᠤᠰᠠᠳᠠ᠂《ᠠᠷᠭ᠎ᠠ》᠎ᠳᠤ ᠰᠢᠯᠵᠢᠭᠦᠯᠦᠨ ᠥᠭᠬᠦ ᠴᠠᠭ᠎ᠤᠨ ᠬᠢᠵᠠᠭ᠋ᠠᠷ᠎ᠢ ᠲᠣᠳᠣᠷᠬᠠᠢ᠌ᠯᠠᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠪᠠ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠨᠢ ᠪᠠᠯᠠ ᠮᠥᠩᠭᠥ ᠵᠢᠨ ᠭᠦᠢᠴᠡᠳᠬᠡᠯ ᠲᠣᠭ᠎ᠠ ᠵᠢᠨ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠋ᠠᠬᠢ 30 ᠡᠳᠦᠷ᠎ᠤᠨ ᠳᠣᠲᠣᠷ᠎ᠠ ᠭᠦᠢᠴᠡᠳᠬᠡᠯ ᠲᠣᠭ᠎ᠠ ᠵᠢ ᠠᠢ᠌ᠮᠠᠭ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ ᠪᠠ ᠲᠣᠰ ᠱᠠᠲᠤᠨ᠎ᠤ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠳᠤ ᠪᠠᠭᠤᠯᠭ᠋ᠠᠬᠤ ᠬᠡᠷᠡᠭᠲᠡᠶ ᠃ ᠠᠢ᠌ᠮᠠᠭ ᠬᠣᠲᠠ᠂ ᠬᠣᠰᠢᠭᠤ ᠰᠢᠶᠠᠨ᠎ᠤ ᠡᠳ᠋᠎ᠤᠨ ᠵᠠᠰᠠᠭ᠎ᠤᠨ ᠲᠣᠪᠴᠢᠶ᠎ᠠ᠎ᠨᠢ ᠳᠡᠭᠡᠳᠦ ᠱᠠᠲᠤᠨ᠎ᠤ ᠭᠦᠢᠴᠡᠳᠬᠡᠯ ᠲᠣᠭ᠎ᠠ ᠵᠢᠨ ᠪᠢᠴᠢᠭ ᠮᠠᠲ᠋ᠧᠷᠢᠶᠠᠯ᠎ᠢ ᠭᠠᠷᠳᠠᠭᠰᠠᠨ᠎ᠤ ᠳᠠᠷᠠᠭ᠋ᠠᠬᠢ 30 ᠡᠳᠦᠷ᠎ᠤᠨ ᠳᠣᠲᠣᠷ᠎ᠠ ᠪᠠᠯᠠ ᠮᠥᠩᠭᠥ ᠵᠢ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠡ᠎ᠳᠤ ᠪᠠᠭᠤᠯᠭ᠋ᠠᠬᠤ ᠬᠡᠷᠡᠭᠲᠡᠶ᠃ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠭ᠋ᠠᠵᠢ ᠬᠡᠷᠡᠭᠰᠡᠯ᠎ᠢ ᠬᠤᠳᠠᠯᠳᠤᠨ ᠠᠪᠬᠤ ᠲᠠᠯ᠎ᠠ᠎ᠪᠠᠷ᠂《ᠣᠨᠴᠠᠭ᠋ᠠᠶ ᠶᠠᠪᠤᠳᠠᠯ᠎ᠢ ᠣᠨᠴᠠᠭ᠋ᠠᠶ᠎ᠪᠠᠷ ᠭᠦᠢᠴᠡᠳᠬᠡᠬᠦ》ᠰᠠᠭ᠋ᠠᠳ ᠥᠬᠡᠶ ᠨᠡᠪᠲᠡᠷᠡᠬᠦ ᠵᠠᠮ᠎ᠢ ᠭᠠᠷᠭ᠋ᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠪᠠᠴᠢᠮ ᠬᠡᠷᠡᠭᠰᠡᠬᠦ ᠲᠥᠬᠥᠭᠡᠷᠦᠮᠵᠢ ᠪᠠ ᠬᠣᠷᠣᠭᠳᠠᠯ ᠮᠠᠲ᠋ᠧᠷᠢᠶᠠᠯ᠎ᠳᠤ 5 ᠠᠵᠢᠯᠯᠠᠬᠤ ᠡᠳᠦᠷ᠎ᠤᠨ ᠬᠤᠭᠤᠴᠠᠭ᠎ᠠ ᠬᠢᠵᠠᠭ᠋ᠠᠷᠯᠠᠨ ᠭᠦᠢᠴᠡᠳᠬᠡᠵᠦ ᠳᠠᠭᠤᠰᠬᠠᠬᠤ ᠲᠦᠷᠢᠮ᠎ᠢ ᠬᠡᠷᠡᠭᠵᠢᠭᠦᠯᠵᠦ᠂ ᠰᠢᠨ᠎ᠡ ᠵᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠨ᠎ᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠶᠠᠮᠠᠷ ᠶᠠᠮᠠᠷ ᠦᠢᠯᠡ ᠠᠵᠢᠯᠯᠠᠭ᠎ᠠ ᠵᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠢᠲᠡᠭᠡᠮᠵᠢ ᠠᠯᠳᠠᠭᠰᠠᠨ ᠦᠢᠯᠡ ᠠᠵᠢᠯᠯᠠᠭ᠎ᠠ᠎ᠪᠠᠷ ᠮᠠᠭ᠋ᠠᠳᠯᠠᠨ ᠲᠣᠭᠲᠠᠭ᠋ᠠᠬᠤ ᠪᠣᠶ?
《ᠮᠸᠩ ᠺᠧ ᠵᠢᠦᠢ》ᠳᠣᠲᠣᠨ᠎ᠠ ᠭᠠᠳᠠᠨ᠎ᠠ᠎ᠪᠠᠨ ᠬᠦᠴᠦᠯᠡᠵᠦ ᠰᠢᠨ᠎ᠡ ᠵᠢ ᠡᠭᠦᠳᠬᠦ ᠬᠥᠭᠵᠢᠯᠲᠡ ᠵᠢᠨ《ᠬᠠᠮᠤᠭ᠎ᠤᠨ ᠴᠢᠩᠭ᠎ᠠ ᠲᠠᠭᠤᠨ》᠎ᠢ ᠪᠦᠭᠡᠮᠨᠡᠷᠡᠭᠦᠯᠪᠠ
ᠪᠥᠬᠥ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠪᠠᠢ᠌ᠭᠤᠯᠤᠯ ᠲᠣᠭᠲᠠᠴᠠ ᠵᠢ ᠪᠠᠢ᠌ᠭᠤᠯᠵᠤ 《ᠪᠦᠰᠡᠯᠡᠯᠲᠡ ᠰᠢᠪᠲᠤᠯᠬᠤ》᠎ᠳᠤ ᠬᠦᠴᠦᠨ ᠵᠶ᠋ᠡᠨ ᠲᠥᠪᠯᠡᠷᠡᠭᠦᠯᠦᠨ ᠰᠢᠨ᠎ᠡ ᠠᠶᠠᠨ᠎ᠳᠤ ᠮᠣᠷᠳᠠᠨ᠎ᠠ ᠪᠥᠬᠥ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠪᠠᠢ᠌ᠭᠤᠯᠤᠯ ᠲᠣᠭᠲᠠᠴᠠ ᠵᠢ ᠪᠠᠢ᠌ᠭᠤᠯᠵᠤ 《ᠪᠦᠰᠡᠯᠡᠯᠲᠡ ᠰᠢᠪᠲᠤᠯᠬᠤ》᠎ᠳᠤ ᠬᠦᠴᠦᠨ ᠵᠶ᠋ᠡᠨ ᠲᠥᠪᠯᠡᠷᠡᠭᠦᠯᠦᠨ ᠰᠢᠨ᠎ᠡ ᠠᠶᠠᠨ᠎ᠳᠤ ᠮᠣᠷᠳᠠᠨ᠎ᠠ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ ᠰᠦᠨ ᠱᠣᠤ ᠴᠧᠩ ᠰᠦᠯᠵᠢᠶᠡᠨ᠎ᠤ ᠠᠨᠳᠠ ᠨᠠᠷ᠎ᠲᠤ ᠬᠠᠷᠢᠭᠤ ᠥᠭᠪᠡ
 
            