
ᠪᠥᠬᠥ ᠲᠠᠯ᠎ᠠ᠎ᠪᠠᠷ ᠰᠢᠨ᠎ᠡ ᠵᠢ ᠡᠭᠦᠳᠬᠦ ᠵᠢ ᠳᠡᠮᠵᠢᠬᠦ ᠪᠠᠢ᠌ᠭᠤᠯᠤᠯ ᠲᠣᠭᠲᠠᠴᠠ ᠵᠢ ᠪᠠᠢ᠌ᠭᠤᠯᠵᠤ 《ᠪᠦᠰᠡᠯᠡᠯᠲᠡ ᠰᠢᠪᠲᠤᠯᠬᠤ》᠎ᠳᠤ ᠬᠦᠴᠦᠨ ᠵᠶ᠋ᠡᠨ ᠲᠥᠪᠯᠡᠷᠡᠭᠦᠯᠦᠨ ᠰᠢᠨ᠎ᠡ ᠠᠶᠠᠨ᠎ᠳᠤ ᠮᠣᠷᠳᠠᠨ᠎ᠠ
ᠸᠸᠨ ᠵᠠᠩ ᠸᠸᠨ ᠲᠤᠤ
ᠣᠳᠣᠬᠠᠨ᠎ᠳᠤ ᠪᠦᠬᠦ ᠣᠷᠣᠨ ᠳᠠᠶᠠᠭ᠋ᠠᠷ ᠪᠦᠬᠦ ᠬᠦᠴᠦᠨ ᠵᠶ᠋ᠡᠷ ᠵᠶ᠋ᠡᠨ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠡᠷᠴᠢ ᠵᠣᠷᠢᠭ ᠵᠶ᠋ᠠᠨ ᠬᠥᠪᠴᠢᠯᠡᠨ ᠰᠢᠨ᠎ᠡ ᠵᠠᠮ ᠵᠶ᠋ᠠᠷ ᠵᠠᠮᠨᠠᠵᠤ ᠳᠤᠮᠳᠠ ᠲᠦᠪᠰᠢᠨ᠎ᠳᠤ ᠣᠷᠣᠬᠤ᠎ᠪᠠᠷ ᠴᠢᠷᠮᠠᠢ᠌ᠵᠤ ᠪᠠᠢ᠌ᠨ᠎ᠠ᠃ ᠠᠵᠤ ᠠᠬᠤᠶ ᠵᠢᠨ ᠶᠡᠷᠦᠩᠬᠡᠶ ᠬᠡᠮᠵᠢᠶ᠎ᠡ ᠵᠢ ᠪᠤᠵᠠᠭ᠋ᠠᠢ᠌ᠷᠠᠭᠤᠯᠬᠤ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠢ ᠵᠤᠵᠠᠭ᠋ᠠᠳᠬᠠᠵᠤ᠂ ᠬᠥᠭᠵᠢᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠵᠤ᠂ ᠨᠡᠮᠡᠭᠳᠡᠯ᠎ᠤᠨ ᠬᠥᠳᠡᠯᠭᠡᠬᠦ ᠬᠦᠴᠦᠨ᠎ᠢ ᠬᠤᠪᠢᠷᠠᠭᠤᠯᠬᠤ᠎ᠳᠤ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠬᠥᠳᠡᠯᠭᠡᠭᠦᠷ ᠪᠣᠯᠭ᠋ᠠᠬᠤ ᠵᠢ ᠳᠣᠪᠣᠢ᠌ᠯᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠢ᠌ᠲᠤᠷ ᠬᠢᠪᠡᠯ ᠰᠠᠶᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠢᠵᠠᠭ᠋ᠠᠷᠯᠠᠵᠤ ᠪᠠᠢ᠌ᠭ᠎ᠠ ᠪᠠᠢ᠌ᠭᠤᠯᠤᠮᠵᠢ ᠲᠣᠭᠲᠠᠴᠠ ᠵᠢᠨ ᠬᠠᠷᠰᠢ ᠰᠠᠭ᠋ᠠᠳ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠠᠷᠢᠯᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠭᠦᠨ ᠵᠤᠵᠠᠭ᠋ᠠᠨ ᠠᠭᠤᠷ ᠠᠮᠢᠰᠬᠤᠯ ᠪᠠ ᠰᠠᠢ᠍ᠢ᠍ᠨ ᠰᠠᠢ᠌ᠬᠠᠨ ᠣᠷᠴᠢᠨ ᠨᠥᠬᠥᠴᠡᠯ᠎ᠢ ᠬᠠᠮᠤᠭ᠎ᠤᠨ ᠶᠡᠬᠡ ᠡᠷᠴᠢᠮ ᠵᠶ᠋ᠡᠷ ᠪᠤᠢ ᠪᠣᠯᠭ᠋ᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠬᠠᠳᠠᠭ᠋ᠠᠯᠠᠭᠳᠠᠵᠤ ᠪᠠᠢ᠌ᠭ᠎ᠠ ᠯᠤᠲᠤ ᠶᠡᠬᠡ ᠳᠠᠯᠳᠠ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ 《ᠨᠡᠮᠡᠭᠳᠡᠯ》᠎ᠤᠨ ᠦᠢ᠍ᠯᠡᠳᠦᠯ᠎ᠢ ᠨᠡᠩ ᠰᠠᠢ᠍ᠢ᠍ᠨ ᠪᠠᠳᠠᠷᠠᠭᠤᠯᠵᠤ ᠴᠢᠳᠠᠨ᠎ᠠ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠲᠠᠯ᠎ᠠ᠎ᠪᠠᠷ ᠦᠨᠡᠨ ᠪᠣᠳᠠᠲᠠᠢ ᠠᠯᠬᠤᠮ᠎ᠢ ᠠᠯᠬᠤᠨ᠎ᠠ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠰᠠᠢ᠌ᠲᠤᠷ ᠪᠢᠴᠢᠭᠯᠡᠬᠦ᠎ᠳᠤ ᠪᠠᠲᠤ ᠴᠢᠩᠭ᠎ᠠ ᠲᠤᠯᠭ᠋ᠠᠭᠤᠷᠢᠯᠠᠯ ᠬᠠᠩᠭ᠋ᠠᠵᠤ ᠴᠢᠳᠠᠨ᠎ᠠ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠨ᠎ᠤ ᠥᠭᠡᠷᠡᠴᠢᠯᠡᠯᠲᠡ ᠵᠢᠨ ᠦᠵᠦ ᠲᠥᠯᠥᠪᠯᠡᠭᠡ ᠵᠢ ᠴᠢᠩᠭ᠋ᠠᠳᠬᠠᠬᠤ᠎ᠪᠠᠷ ᠳᠠᠮᠵᠢᠨ ᠰᠢᠨ᠎ᠡ ᠵᠢ ᠡᠭᠦᠳᠬᠦ ᠰᠢᠰᠲ᠋ᠧᠮ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ
ᠨᠠᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠳᠠᠬᠢ ᠨᠢᠭᠡᠳᠦᠯᠲᠡᠶ ᠤᠳᠤᠷᠢᠳᠤᠯᠭ᠎ᠠ ᠵᠢ ᠴᠢᠩᠭ᠋ᠠᠳᠬᠠᠬᠤ ᠪᠣᠯ 《ᠳᠥᠷᠪᠡᠨ ᠬᠠᠨᠳᠤᠰᠢ》 ᠵᠢ ᠪᠠᠷᠢᠮᠲᠠᠯᠠᠵᠤ᠂ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠨᠢᠭᠡᠳᠦᠯᠲᠡᠶ ᠲᠥᠯᠥᠪᠵᠢᠭᠦᠯᠦᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠦᠴᠦᠨ᠂ ᠴᠢᠬᠤᠯᠠ ᠡᠯᠧᠮᠧᠨ᠋ᠲ᠎ᠤᠨ ᠲᠣᠬᠢᠷᠠᠭᠤᠯᠤᠯᠲᠠ ᠵᠢᠴᠢ ᠴᠢᠳᠠᠪᠤᠷᠢᠲᠠᠨ᠎ᠤ ᠡᠩᠨᠡᠭᠡ ᠵᠢᠨ ᠰᠢᠰᠲ᠋ᠧᠮᠵᠢᠬᠦ᠂ ᠪᠠᠢ᠌ᠭᠤᠯᠤᠯᠵᠢᠬᠤ᠂ ᠬᠠᠮᠵᠢᠯᠴᠠᠬᠤ ᠵᠢ ᠠᠬᠢᠭᠤᠯᠬᠤ ᠴᠢᠬᠤᠯᠠ ᠪᠠᠲᠤᠯᠠᠭ᠎ᠠ ᠪᠣᠯᠤᠨ᠎ᠠ ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠣᠷᠢᠶᠠᠨ᠎ᠤ ᠨᠢᠭᠡᠳᠦᠯᠲᠡᠢ ᠲᠥᠯᠥᠪᠵᠢᠭᠦᠯᠦᠨ ᠤᠳᠤᠷᠢᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠵᠦ ᠲᠥᠯᠥᠪᠯᠡᠭᠡ ᠵᠢ ᠴᠢᠩᠭ᠋ᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠪᠦᠬᠦᠯᠢ ᠴᠣᠭᠴᠠ᠎ᠪᠠᠷ ᠠᠬᠢᠭᠤᠯᠵᠤ᠂ ᠱᠠᠯᠠᠪᠳᠠᠭᠤᠯᠤᠨ ᠨᠠᠢ᠌ᠳᠠᠪᠤᠷᠢᠵᠢᠭᠤᠯᠵᠤ᠂ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠭᠦᠷᠭᠡ ᠵᠢ ᠪᠦᠬᠦ ᠲᠠᠯ᠎ᠠ᠎ᠪᠠᠷ ᠪᠠᠢ᠌ᠷᠢᠯᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠠᠰᠠᠯᠲᠠ ᠵᠢᠨ ᠦᠷ᠎ᠡ ᠪᠦᠲᠦᠮᠵᠢ ᠵᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠡᠯᠧᠮᠧᠨ᠋ᠲ᠎ᠤᠨ ᠪᠠᠢ᠌ᠷᠢᠯᠠᠭᠤᠯᠤᠯᠲᠠ ᠵᠢ ᠨᠢᠭᠡ ᠴᠤᠭᠴᠠᠵᠢᠭᠤᠯᠬᠤ ᠵᠢ ᠪᠠᠷᠢᠮᠲᠠᠯᠠᠵᠤ᠂ ᠡᠳ᠋᠎ᠤᠨ ᠵᠠᠰᠠᠭ᠂ ᠮᠥᠩᠭᠥᠨ ᠭᠦᠢ᠍ᠯᠭᠡᠭᠡ᠂ ᠠᠵᠤ ᠦᠢ᠍ᠯᠡᠰ᠂ ᠰᠤᠷᠭ᠋ᠠᠨ ᠬᠥᠮᠦᠵᠢᠯ᠂ ᠴᠢᠳᠠᠪᠤᠷᠢᠲᠠᠨ ᠵᠡᠷᠭᠡ ᠠᠵᠢᠯ᠎ᠢ ᠬᠠᠷᠢᠯᠴᠠᠨ ᠵᠣᠬᠢᠴᠠᠭᠤᠯᠬᠤ ᠵᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠡᠯ᠎ᠡ ᠲᠦᠷᠦᠯ᠎ᠤᠨ ᠡᠭᠦᠷᠭᠡ᠂ ᠢᠨᠵᠧᠨᠧᠷᠢᠩ᠂ ᠲᠥᠯᠥᠪᠯᠡᠭᠡ᠂ ᠲᠠᠪᠴᠠᠩ᠎ᠢ ᠨᠢᠭᠡᠳᠦᠯᠲᠡᠢ ᠲᠥᠯᠥᠪᠯᠡᠨ ᠪᠠᠢ᠌ᠷᠢᠰᠢᠭᠤᠯᠵᠤ᠂ ᠡᠬᠢ ᠪᠠᠶᠠᠯᠢᠭ᠎ᠤᠨ ᠲᠤᠬᠢᠷᠠᠭᠤᠯᠤᠯᠳᠠ ᠵᠢ ᠰᠢᠯᠢᠳᠡᠭᠵᠢᠭᠦᠯᠦᠨ᠂ ᠳᠠᠪᠬᠤᠷᠳᠠᠬᠤ᠂ ᠲᠠᠷᠬᠠᠬᠤ ᠵᠡᠷᠭᠡ ᠠᠰᠠᠭᠤᠳᠠᠯ ᠭᠠᠷᠬᠤ᠎ᠠᠴᠠ ᠵᠠᠢ᠌ᠯᠠᠰᠬᠢᠨ᠎ᠡ ᠃ ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠥᠮᠦᠵᠢᠭᠦᠯᠬᠦ ᠰᠢᠯᠭ᠋ᠠᠨ ᠦᠨᠡᠯᠡᠬᠦ ᠵᠢ ᠨᠢᠭᠡ ᠴᠣᠭᠴᠠᠵᠢᠭᠤᠯᠬᠤ ᠵᠢ ᠪᠠᠷᠢᠮᠲᠠᠯᠠᠵᠤ᠂ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠥᠮᠦᠵᠢᠭᠦᠯᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠬᠦᠯᠢᠶᠡᠰᠦ ᠵᠢ ᠠᠯᠳᠠᠷᠠᠭ᠋ᠠᠵᠤ ᠳᠠᠷᠤᠭ᠋ᠠᠰᠤ ᠵᠢ ᠬᠥᠩᠭᠡᠷᠡᠭᠦᠯᠬᠦ ᠵᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠭ᠎ᠠ ᠵᠢᠨ ᠵᠢᠮ᠎ᠡ ᠶᠣᠰᠣᠨ᠎ᠳᠤ ᠨᠡᠢ᠌ᠴᠡᠭᠰᠡᠨ ᠲᠥᠷᠥᠯ ᠬᠤᠪᠢᠶᠠᠨ ᠦᠨᠡᠯᠡᠬᠦ ᠰᠢᠰᠲ᠋ᠧᠮᠵᠢ ᠪᠠ ᠰᠢᠯᠭ᠋ᠠᠨ ᠬᠢᠨᠠᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ᠃ ᠡᠯ᠎ᠡ ᠲᠥᠷᠥᠯ᠎ᠤᠨ ᠦᠨᠡᠯᠡᠨ ᠵᠢᠱ᠌ᠢᠵᠦ ᠦᠨᠡᠯᠡᠬᠦ ᠵᠢ ᠨᠢᠭᠡ ᠴᠣᠭᠴᠠᠵᠢᠭᠤᠯᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠪᠦᠷᠢᠳᠬᠡᠨ ᠬᠢᠨᠠᠨ ᠰᠢᠨᠵᠢᠬᠦ᠂ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ᠂ ᠲᠥᠷᠥ ᠵᠢᠨ ᠪᠣᠳᠣᠯᠭ᠎ᠠ ᠵᠢ ᠦᠨᠡᠯᠡᠨ ᠵᠢᠱ᠌ᠢᠬᠦ ᠵᠡᠷᠭᠡ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯ᠎ᠡ ᠲᠥᠷᠥᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠭᠦᠢᠴᠡᠳ ᠣᠷᠭᠢᠯᠬᠤ ᠵᠢ ᠠᠬᠢᠭᠤᠯᠤᠨ᠎ᠠ᠃