4 ᠰᠠᠷ᠎ᠠ ᠵᠢᠨ 16᠎ᠤ ᠡᠳᠦᠷ᠂ ᠤᠯᠤᠰ᠎ᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥᠨ᠎ᠤ ᠵᠥᠪᠯᠡᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠡᠷᠬᠢᠯᠡᠭᠴᠢ ᠪᠥᠭᠡᠳ ᠨᠠᠷᠢᠨ ᠪᠢᠴᠢᠭ᠎ᠤᠨ ᠳᠠᠷᠤᠭ᠎ᠠ ᠬᠠᠨ ᠢᠦᠢ ᠨᠡᠷ ᠥᠪᠥᠷ ᠮᠣᠩᠭᠣᠯ᠎ᠳᠤ ᠬᠦᠷᠴᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠪᠠᠢ᠌ᠴᠠᠭ᠋ᠠᠨ ᠰᠤᠳᠤᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠶᠡᠷᠦᠩᠬᠡᠶ ᠪᠠᠢ᠌ᠷᠢᠰᠢᠭᠤᠯᠤᠯᠲᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠵᠢ ᠲᠤᠯᠭ᠋ᠠᠭᠤᠷᠢᠯᠠᠭᠰᠠᠨ ᠪᠠᠢ᠌ᠳᠠᠯ᠎ᠤᠨ ᠲᠣᠭᠣᠷᠢᠨ᠎ᠳᠤ ᠲᠠᠨᠢᠯᠴᠠᠭᠤᠯᠵᠤ᠂ ᠲᠦᠩᠯᠢᠶᠣᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠨᠠᠢᠮᠠᠨ ᠬᠣᠰᠢᠭᠤᠨ᠎ᠤ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠪᠠᠢ᠌ᠳᠠᠯ ᠪᠣᠯᠤᠨ ᠪᠣᠳᠠᠲᠠᠶ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ ᠠᠵᠢᠯ᠎ᠤᠨ ᠮᠡᠳᠡᠭᠦᠯᠦᠯᠲᠡ ᠬᠢᠪᠠ᠃ ᠤᠯᠤᠰ᠎ᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥᠨ᠎ᠤ ᠵᠥᠪᠯᠡᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠪᠠᠢ᠌ᠷᠢᠯᠠᠭᠤᠯᠤᠯᠲᠠ ᠲᠥᠯᠥᠪᠵᠢᠭᠦᠯᠭᠡ ᠵᠢᠨ ᠲᠣᠭᠣᠷᠢᠨ᠎ᠳᠤ ᠰᠠᠨᠠᠯ ᠰᠠᠨᠠᠭᠤᠯᠭ᠎ᠠ ᠥᠭᠪᠡ᠃

ᠬᠠᠨ ᠢᠦᠢ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠣᠯᠤᠭᠰᠠᠨ ᠠᠮᠵᠢᠯᠲᠠ ᠵᠢ ᠨᠤᠲᠠᠯᠠᠪᠠ᠃ ᠲᠡᠷᠡ᠂ ᠥᠪᠥᠷ ᠮᠣᠩᠭᠣᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢᠯᠡᠰ᠎ᠤᠨ ᠬᠥᠭᠵᠢᠯᠲᠡ ᠳᠤᠮᠳᠠᠬᠢ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥᠨ᠎ᠤ ᠤᠳᠤᠷᠢᠳᠤᠮᠵᠢ ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠴᠢᠯᠥᠭᠡᠲᠡᠶ ᠰᠦᠪᠡᠭᠴᠢᠯᠡᠬᠦ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠤᠨ ᠠᠩᠬᠠᠨ᠎ᠤ ᠡᠭᠦᠳᠦᠯᠲᠡ ᠵᠢᠨ ᠴᠢᠨᠠᠷᠲᠠᠶ᠂ ᠰᠠᠭᠤᠷᠢ ᠴᠢᠨᠠᠷᠲᠠᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠥᠷᠨᠢᠭᠦᠯᠬᠦ ᠵᠢ ᠥᠨᠳᠥᠷ ᠪᠦᠲᠦᠮᠵᠢᠲᠡᠶ᠎ᠪᠠᠷ ᠳᠡᠮᠵᠢᠵᠦ᠂ ᠰᠤᠳᠤᠯᠭ᠋ᠠᠨ᠎ᠤ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠪᠦᠲᠦᠮᠵᠢᠲᠡᠶ ᠠᠬᠢᠭᠤᠯᠬᠤ ᠵᠢ ᠬᠦᠰᠡᠵᠦ ᠪᠠᠢ᠌ᠨ᠎ᠠ ᠭᠡᠵᠦ ᠢᠯᠡᠳᠬᠡᠪᠡ᠃ ᠨᠠᠢᠮᠠᠨ ᠬᠣᠰᠢᠭᠤᠨ᠎ᠤ ᠭᠣᠤᠯᠳᠠᠯᠭ᠎ᠠ᠎ᠲᠠᠢ ᠬᠥᠭᠵᠢᠯᠲᠡ ᠵᠢᠨ ᠬᠦᠷᠢᠶᠡᠨ᠎ᠳᠠᠬᠢ ᠪᠣᠳᠠᠲᠠᠶ ᠬᠡᠷᠡᠭᠴᠡᠭᠡ᠎ᠳᠤ ᠬᠠᠮᠲᠤ᠎ᠪᠠᠷ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ᠎ᠤᠨ ᠰᠠᠭᠤᠷᠢ ᠮᠥᠩᠭᠥᠨ᠎ᠤ ᠵᠥᠪᠯᠡᠯ᠂ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠣᠲᠠ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠨᠢᠭᠲᠠ ᠬᠠᠮᠲᠤᠷᠠᠯᠴᠠᠵᠤ᠂ ᠬᠠᠪᠰᠤᠷᠤᠨ ᠲᠡᠳᠬᠦᠬᠦ ᠵᠠᠭᠪᠤᠷ᠎ᠢ ᠤᠯᠠᠮ ᠨᠢᠭᠡ ᠠᠯᠬᠤᠮ ᠰᠢᠨᠡᠴᠢᠯᠡᠵᠦ᠂ ᠬᠠᠪᠰᠤᠷᠤᠨ ᠲᠡᠳᠬᠦᠬᠦ ᠲᠣᠭᠲᠠᠴᠠ ᠵᠢ ᠰᠢᠯᠢᠳᠡᠭᠵᠢᠭᠦᠯᠵᠦ᠂ ᠨᠠᠢᠮᠠᠨ ᠬᠣᠰᠢᠭᠤᠨ᠎ᠤ ᠴᠡᠭ ᠲᠣᠭᠲᠠᠭ᠋ᠠᠨ ᠬᠠᠪᠰᠤᠷᠤᠨ ᠲᠡᠳᠬᠦᠬᠦ ᠵᠢᠴᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠦᠨᠡᠨ ᠬᠦ᠌ ᠠᠬᠢᠭᠤᠯᠤᠨ᠎ᠠ᠃

ᠵᠠᠩ ᠸᠸᠨ ᠲᠤᠤ ᠤᠯᠤᠰ᠎ᠤᠨ ᠰᠢᠨᠵᠢᠯᠡᠬᠦ ᠤᠬᠠᠭ᠋ᠠᠨ ᠪᠠᠢ᠌ᠭ᠋ᠠᠯᠢ ᠵᠢᠨ ᠰᠠᠭᠤᠷᠢ ᠮᠥᠩᠭᠥᠨ᠎ᠤ ᠵᠥᠪᠯᠡᠯ᠎ᠤᠨ ᠤᠷᠳᠤ ᠬᠤᠭᠤᠴᠠᠭ᠋ᠠᠨ᠎ᠤ ᠲᠤᠷᠰᠢ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠢ ᠳᠡᠭᠡᠳᠦ ᠬᠡᠮᠵᠢᠢ᠎ᠡ᠎ᠪᠠᠷ ᠴᠢᠬᠤᠯᠠᠴᠢᠯᠠᠨ ᠬᠦᠴᠦᠲᠡᠢ ᠳᠡᠮᠵᠢᠭᠰᠡᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ᠃ ᠲᠡᠷᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠨᠢᠭᠡᠳᠦᠭᠡᠷ ᠦᠢ᠍ᠯᠡᠳᠪᠦᠷᠢᠯᠡᠯ᠎ᠤᠨ ᠬᠦᠴᠦᠨ ᠪᠣᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠠᠪᠠᠭᠤᠯᠢᠭ ᠤᠨᠴᠠᠯᠢᠬᠳᠤ ᠠᠵᠤ ᠦᠢ᠍ᠯᠡᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠤᠨ ᠨᠠᠢ᠌ᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠵᠤ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠨᠢᠭᠡ ᠴᠤᠬ᠍ᠴᠠᠵᠢᠭᠤᠯᠤᠨ ᠬᠥᠭᠵᠢᠭᠦᠯᠬᠦ ᠵᠢ ᠠᠬᠢᠭᠤᠯᠬᠤ ᠬᠡᠷᠡᠭᠲᠡᠢ ᠃ ᠤᠯᠤᠰ᠎ᠤᠨ ᠰᠠᠭᠤᠷᠢ ᠮᠥᠩᠭᠥᠨ᠎ᠤ ᠵᠥᠪᠯᠡᠯ᠎ᠤᠨ᠎ᠬᠢᠨ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠰ ᠪᠣᠯᠤᠨ ᠰᠠᠭᠤᠷᠢ ᠰᠤᠳᠤᠯᠭ᠋ᠠᠨ᠎ᠤ ᠠᠵᠢᠯ᠎ᠢ ᠦᠷᠭᠦᠯᠵᠢᠯᠡᠨ ᠠᠩᠬᠠᠷᠴᠤ᠂ ᠥᠪᠥᠷ ᠮᠣᠩᠭᠣᠯ᠎ᠤᠨ ᠳᠡᠭᠡᠳᠦ ᠴᠢᠳᠠᠪᠤᠷᠢᠲᠤ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠪᠣᠯᠤᠨ ᠳᠡᠭᠡᠳᠦ ᠲᠠᠰ ᠳᠠᠪᠬᠤᠷᠭ᠎ᠠ ᠵᠢᠨ ᠴᠢᠳᠠᠪᠤᠷᠢᠲᠠᠨ᠎ᠢ ᠬᠥᠮᠦᠵᠢᠭᠦᠯᠬᠦ ᠵᠢ ᠳᠡᠮᠵᠢᠵᠦ᠂ ᠰᠠᠭᠤᠷᠢ ᠰᠤᠳᠤᠯᠭ᠋ᠠᠨ᠎ᠤ ᠴᠢᠳᠠᠪᠤᠷᠢ ᠪᠣᠯᠤᠨ ᠲᠦᠪᠰᠢᠨ᠎ᠢ ᠳᠡᠭᠡᠭᠰᠢᠯᠡᠭᠦᠯᠬᠦ ᠵᠢ ᠬᠦᠰᠡᠵᠦ ᠪᠠᠢ᠌ᠨ᠎ᠠ᠃ ᠥᠪᠥᠷ ᠮᠣᠩᠭᠣᠯ᠎ᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠠᠵᠢᠯ᠎ᠳᠠᠬᠢ ᠵᠢᠯᠣᠭᠣᠳᠣᠯᠭ᠎ᠠ ᠳᠡᠮᠵᠢᠯᠭᠡ ᠵᠢ ᠦᠷᠭᠦᠯᠵᠢᠯᠡᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠠᠪᠰᠤᠷᠤᠨ ᠲᠡᠳᠬᠦᠬᠦ ᠭᠤᠷᠪᠠᠨ ᠱᠠᠲᠤᠨ᠎ᠤ ᠬᠣᠯᠪᠣᠭ᠋ᠠᠯᠠᠨ ᠬᠥᠳᠡᠯᠦᠯᠴᠡᠬᠦ ᠲᠣᠭᠲᠠᠴᠠ ᠵᠢ ᠬᠠᠮᠲᠤ᠎ᠪᠠᠷ ᠰᠦᠪᠡᠭᠴᠢᠯᠡᠵᠦ᠂ ᠨᠠᠢᠮᠠᠨ ᠬᠣᠰᠢᠭᠤᠨ᠎ᠤ ᠭᠣᠤᠯᠳᠠᠯᠭ᠎ᠠ᠎ᠲᠠᠢ ᠠᠵᠤ ᠦᠢᠯᠡᠰ᠎ᠤᠨ ᠠᠰᠠᠭᠤᠳᠠᠯ᠎ᠢ ᠰᠢᠢᠳᠪᠦᠷᠢᠯᠡᠬᠦ᠎ᠳᠤ ᠬᠦᠴᠦᠨ ᠨᠡᠮᠡᠷᠢᠯᠡᠵᠦ᠂ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠢ ᠵᠢ ᠰᠢᠪᠲᠤᠯᠵᠤ᠂ ᠰᠢᠶᠠᠨ᠎ᠤ ᠬᠡᠪᠴᠢᠶᠡᠨ᠎ᠤ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ᠃
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠱᠤᠸᠠᠩ ᠶᠠᠷᠢᠯᠴᠠᠬᠤ ᠬᠤᠷᠠᠯ᠎ᠳᠤ ᠣᠷᠣᠯᠴᠠᠵᠤ᠂ ᠤᠯᠤᠰ᠎ᠤᠨ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥᠨ᠎ᠤ ᠵᠥᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠬᠠᠮᠢᠶ᠎ᠠ ᠪᠥᠬᠥᠶ ᠭᠠᠵᠠᠷ ᠲᠠᠰᠤᠭ ᠪᠣᠯᠤᠨ ᠲᠦᠩᠯᠢᠶᠣᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠵᠠᠶ᠃