4 ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠲᠥᠪ᠎ᠤᠨ ᠬᠥᠷᠰᠢ ᠵᠡᠷᠭᠡᠯᠡᠳᠡᠭᠡ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠨᠡᠢ᠌ᠰᠯᠡᠯ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ ᠴᠢᠬᠤᠯᠠ ᠶᠠᠷᠢᠶᠠᠨ᠎ᠳᠠᠭᠠᠨ ᠰᠢᠨ᠎ᠡ ᠴᠠᠭ ᠦᠶ᠎ᠡ᠎ᠠᠴᠠ ᠨᠠᠭ᠋ᠠᠰᠢᠬᠢ ᠮᠠᠨ᠎ᠤ ᠤᠯᠤᠰ᠎ᠤᠨ ᠬᠥᠷᠰᠢ ᠵᠡᠷᠭᠡᠯᠡᠳᠡᠭᠡ ᠵᠢᠨ ᠠᠵᠢᠯ᠎ᠤᠨ ᠠᠮᠵᠢᠯᠲᠠ ᠪᠣᠯᠤᠨ ᠲᠤᠷᠰᠢᠯᠭ᠎ᠠ ᠵᠢ ᠰᠢᠰᠲ᠋ᠧᠮ᠎ᠲᠠᠢ ᠳ᠋ᠦᠩᠨᠡᠵᠦ᠂ ᠪᠠᠢ᠌ᠳᠠᠯ᠎ᠢ ᠰᠢᠨᠵᠢᠯᠡᠬᠦ ᠤᠬᠠᠭ᠋ᠠᠨᠴᠢ᠎ᠪᠠᠷ ᠵᠠᠳᠠᠯᠵᠤ᠂ ᠬᠣᠢ᠌ᠰᠢᠳᠠ ᠵᠢᠨ ᠨᠢᠭᠡ ᠬᠤᠭᠤᠴᠠᠭ᠋ᠠᠨ᠎ᠤ ᠡᠷᠬᠢᠨ ᠲᠣᠭᠣᠷᠢᠨ᠎ᠤ ᠠᠵᠢᠯ᠎ᠤᠨ ᠬᠠᠷᠠᠯᠲᠠ ᠡᠭᠦᠷᠭᠡ ᠪᠣᠯᠤᠨ ᠰᠡᠳᠬᠢᠮᠵᠢ ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠡᠷᠬᠢᠨ ᠲᠣᠭᠣᠷᠢᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠷᠬᠢᠨ ᠲᠣᠭᠣᠷᠢᠨ᠎ᠤ ᠠᠵᠢᠯ᠎ᠤᠨ ᠰᠢᠨ᠎ᠡ ᠪᠠᠢ᠌ᠳᠠᠯ᠎ᠢ ᠴᠢᠷᠮᠠᠢ᠌ᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃ ᠲᠢᠩᠬᠢᠮ᠎ᠤᠨ ᠰᠢᠰᠲ᠋ᠧᠮ᠎ᠤᠨ ᠪᠥᠬᠥ ᠺᠠᠳ᠋ᠷ ᠠᠵᠢᠯᠲᠠᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠠᠵᠢᠯᠯᠠᠭ᠎ᠠ》 ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠤ ᠬᠠᠷᠢᠴᠠᠭᠤᠯᠤᠭᠰᠠᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠬᠠᠮᠲᠤᠷᠠᠯᠴᠠᠭ᠋ᠠᠨ᠎ᠤ ᠨᠡᠢ᠌ᠯᠡᠯ ᠴᠡᠭ᠎ᠢ ᠣᠨᠣᠪᠴᠢᠲᠠᠶ ᠡᠷᠢᠨ ᠣᠯᠵᠤ᠂ ᠨᠡᠭᠡᠭᠡᠯᠲᠡ ᠬᠢᠵᠦ ᠬᠠᠮᠲᠤ᠎ᠪᠠᠷ ᠡᠳ᠋ᠯᠡᠬᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠣᠷᠴᠢᠨ᠎ᠢ ᠦᠷᠭᠦᠯᠵᠢᠯᠡᠨ ᠰᠢᠯᠢᠳᠡᠭᠵᠢᠭᠦᠯᠦᠨ᠂ ᠣᠯᠠᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠎ᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠥᠲᠥᠭᠡᠨ ᠪᠠᠢ᠌ᠭᠤᠯᠬᠤ᠎ᠳᠤ ᠭᠦᠨᠵᠡᠭᠡᠶ ᠠᠭᠤᠰᠤᠯᠴᠠᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠥᠲᠥᠭᠡᠨ ᠪᠠᠢ᠌ᠭᠤᠯᠬᠤ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠤᠨ ᠨᠡᠢ᠌ᠰᠯᠡᠯ᠎ᠤᠨ ᠠᠯᠪᠠᠨ ᠵᠢᠷᠤᠮ᠎ᠤᠨ ᠮᠣᠳᠣ ᠳᠠᠷᠢᠬᠤ ᠠᠵᠢᠯᠯᠠᠭ᠎ᠠ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠤᠬᠠᠮᠰᠠᠷ᠎ᠠᠴᠠ᠎ᠪᠠᠨ ᠦᠢᠯᠡᠳᠦᠯᠭᠡᠵᠢᠭᠦᠯᠵᠦ᠂《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠣᠢ᠌ᠯᠠᠭ᠋ᠠᠭᠳᠠᠬᠤᠨ᠎ᠢ ᠪᠠᠲᠤ ᠪᠣᠶ ᠪᠣᠯᠭ᠋ᠠᠵᠤ᠂ 《ᠤᠯᠤᠰ᠎ᠤᠨ ᠶᠡᠬᠡ ᠲᠠᠯ᠎ᠠ》ᠭᠡᠬᠦ ᠦᠨᠳᠦᠷᠴᠡ᠎ᠠᠴᠠ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠰᠠᠢ᠌ᠲᠤᠷ ᠵᠠᠮᠨᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠦᠷᠭᠦᠯᠵᠢᠯᠡᠨ ᠴᠢᠩᠭ᠋ᠠᠳᠬᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠢ᠌ᠭᠤᠯᠬᠤ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠲᠦᠷᠢᠮ》᠎ᠢ ᠤᠯᠠᠮᠵᠢᠯᠠᠨ ᠰᠤᠷᠤᠯᠴᠠᠵᠤ᠂ ᠪᠤᠰᠤᠳ ᠵᠦᠢᠯᠡᠰ᠎ᠢ ᠰᠤᠳᠤᠯᠤᠨ ᠬᠢᠨᠠᠨ ᠵᠥᠪᠯᠡᠪᠡ᠃
ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃