ᠣᠢ᠌ᠷ᠎ᠠ᠎ᠳᠤ᠂ ᠤᠯᠠᠭ᠋ᠠᠨᠬᠠᠳᠠ ᠬᠣᠲᠠ᠎ᠳᠤ ᠡᠷᠭᠢᠯᠡᠭᠰᠡᠨ 《2025 ᠣᠨ᠎ᠤ ᠤᠯᠠᠭ᠋ᠠᠨᠬᠠᠳᠠ ᠬᠣᠲᠠ ᠵᠢᠨ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ》 ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠪᠦᠯᠬᠦᠮ᠎ᠤᠨ ᠠᠪᠴᠢᠷᠠᠭᠰᠠᠨ 《1 + 7 + N》 ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ᠎ᠨᠢ ᠠᠢ᠌ᠮᠠᠭ ᠬᠣᠲᠠ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠎ᠳᠤ ᠬᠦᠴᠦ ᠨᠡᠮᠡᠷᠢᠯᠡᠭᠰᠡᠨ ᠪᠠᠢ᠌ᠨ᠎ᠠ᠃
3 ᠳ᠋ᠤᠭ᠋ᠠᠷ ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠴᠢᠩᠭ᠋ᠠᠳᠬᠠᠬᠤ ᠣᠨ᠎ᠤ ᠠᠵᠢᠯᠯᠠᠭ᠎ᠠ》 ᠵᠢ ᠡᠬᠢᠯᠡᠭᠦᠯᠦᠭᠰᠡᠨ᠎ᠠᠴᠠ ᠨᠠᠰᠢ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠬᠠᠮᠵᠢᠯᠴᠠᠭ᠎ᠠ ᠪᠠ ᠳᠠᠭ᠋ᠠᠭᠤᠯᠭ᠎ᠠ ᠳᠣᠤᠷ᠎ᠠ᠂ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠢᠳᠡᠪᠬᠢᠲᠡᠶ ᠥᠷᠨᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠪᠠ᠃ ᠤᠯᠠᠭ᠋ᠠᠨᠬᠠᠳᠠ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠲᠣᠰ ᠤᠳᠠᠭ᠎ᠠ 《ᠲᠤᠰᠬᠠᠶ ᠰᠡᠳᠦᠪ ᠵᠶ᠋ᠡᠷ ᠬᠢᠴᠢᠶᠡᠯᠯᠡᠬᠦ + ᠶᠠᠷᠢᠯᠴᠠᠨ ᠰᠣᠯᠢᠯᠴᠠᠬᠤ + ᠬᠡᠷᠡᠭ᠎ᠤᠨ ᠵᠢᠱ᠌ᠢᠶ᠎ᠡ ᠵᠢ ᠬᠤᠪᠢᠶᠠᠨ ᠡᠳ᠋ᠯᠡᠬᠦ》ᠬᠡᠯᠪᠡᠷᠢ᠎ᠪᠠᠷ ᠪᠣᠯᠪᠠᠰᠤᠷᠠᠯ᠎ᠳᠤ ᠣᠷᠣᠯᠴᠠᠭᠰᠠᠳ᠎ᠲᠤ ᠴᠢᠨᠠᠷ ᠰᠠᠢ᠌ᠲᠠᠶ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠪᠠ ᠦᠢᠯᠡᠳᠦᠯᠭᠡ ᠵᠢᠨ ᠵᠢᠯᠣᠭᠣᠳᠣᠯᠭ᠎ᠠ ᠬᠠᠩᠭ᠋ᠠᠵᠤ᠂ ᠲᠤᠬᠠᠶ ᠵᠢᠨ ᠲᠠᠯᠠᠪᠤᠷ᠎ᠲᠤ ᠲᠥᠷᠥ ᠵᠢᠨ ᠪᠣᠳᠣᠯᠭ᠎ᠠ ᠵᠢᠨ ᠬᠡᠷᠡᠭᠯᠡᠭᠡᠨ᠎ᠤ ᠭᠠᠷ ᠳᠡᠪᠲᠡᠷ 5000 ᠭᠠᠷᠤᠶ ᠬᠤᠪᠢ ᠲᠠᠷᠬᠠᠭ᠋ᠠᠪᠠ᠃ ᠪᠥᠬᠥ ᠬᠣᠲᠠ ᠵᠢᠨ 12 ᠬᠣᠰᠢᠭᠤ ᠰᠢᠶᠠᠨ ᠲᠣᠭᠣᠷᠢᠭ᠎ᠤᠨ ᠰᠢᠨᠵᠢᠯᠡᠬᠦ ᠤᠬᠠᠭ᠋ᠠᠨ ᠮᠡᠷᠭᠡᠵᠢᠯ (ᠲᠧᠭᠨᠢᠭ᠎ᠤᠨ ᠰᠠᠯᠠᠭ᠎ᠠ)᠎ᠤᠨ ᠲᠣᠪᠴᠢᠶ᠎ᠠ᠂ 8 ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯᠯᠠᠬᠤ ᠥᠷᠲᠡᠭᠡ ᠵᠢᠴᠢ 110 ᠭᠠᠷᠤᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠲᠥᠯᠥᠭᠡᠯᠡᠭᠴᠢ ᠨᠡᠢ᠌ᠲᠡ 210 ᠭᠠᠷᠤᠶ ᠬᠥᠮᠦᠨ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ᠎ᠳᠤ ᠣᠷᠣᠯᠴᠠᠪᠠ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠤᠬᠠᠭᠤᠯᠤᠨ ᠲᠠᠢ᠌ᠯᠪᠤᠷᠢᠯᠠᠵᠤ᠂ ᠥᠪᠡᠷᠲᠡᠭᠡᠨ ᠵᠠᠰᠠᠬᠤ ᠣᠷᠣᠨ᠎ᠤ 《1 + 7 + N》 ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠡᠯᠪᠡᠷᠢ ᠵᠢᠨ ᠠᠵᠤ ᠠᠬᠤᠢ᠌ᠯᠠᠯ᠎ᠤᠨ ᠭᠤᠶᠤᠴᠢᠯᠠᠨ ᠮᠡᠳᠡᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ᠎ᠤᠨ ᠵᠠᠷᠤᠳᠠᠯ᠎ᠤᠨ ᠬᠡᠷᠡᠭᠯᠡᠯᠲᠡ ᠬᠠᠮᠢᠶᠠᠷᠤᠯᠲᠠ᠂ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ ᠵᠢᠨ ᠬᠠᠮᠠᠭ᠋ᠠᠯᠠᠯᠲᠠ ᠬᠡᠷᠡᠭᠯᠡᠯᠲᠡ ᠵᠡᠷᠭᠡ ᠬᠠᠯᠠᠮᠰᠢᠯ ᠠᠭᠤᠯᠭ᠎ᠠ ᠵᠢᠨ ᠲᠣᠭᠣᠷᠢᠨ᠎ᠳᠤ ᠰᠢᠰᠲ᠋ᠧᠮ᠎ᠲᠠᠢ ᠲᠠᠢ᠌ᠯᠤᠮᠵᠢ ᠬᠢᠬᠦ ᠵᠢᠨ ᠬᠠᠮᠲᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢᠨ ᠵᠠᠳᠠᠯᠤᠯᠲᠠ ᠬᠢᠬᠦ᠎ᠪᠠᠷ ᠳᠠᠮᠵᠢᠭᠤᠯᠤᠨ᠂ ᠠᠵᠤ ᠠᠬᠤᠢ᠌ᠯᠠᠯ᠎ᠢ ᠬᠠᠪᠰᠤᠷᠤᠨ ᠲᠥᠷᠥ ᠵᠢᠨ ᠪᠣᠳᠣᠯᠭ᠎ᠠ ᠵᠢᠨ ᠠᠰᠢᠭ᠎ᠢ ᠣᠨᠣᠪᠴᠢᠲᠠᠶ ᠡᠵᠡᠮᠰᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ᠎ᠨᠢ ᠳᠡᠭᠡᠭᠰᠢᠯᠡᠭᠦᠯᠦᠨ᠎ᠡ᠃
ᠲᠣᠰ ᠤᠳᠠᠭ᠋ᠠᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠤᠨ ᠲᠠᠢ᠌ᠯᠪᠤᠷᠢᠯᠠᠯᠲᠠ᠎ᠳᠤ ᠵᠠᠰᠠᠭ ᠪᠠ ᠠᠵᠤ ᠠᠬᠤᠢ᠌ᠯᠠᠯ᠎ᠤᠨ ᠬᠠᠮᠵᠢᠯᠴᠠᠨ ᠰᠢᠨ᠎ᠡ ᠵᠢ ᠡᠭᠦᠳᠬᠦ ᠲᠣᠭᠲᠠᠴᠠ ᠵᠢ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠦᠢᠯᠡᠴᠢᠯᠡᠬᠦ ᠬᠠᠯᠠᠭᠤᠨ ᠰᠡᠳᠬᠢᠯᠭᠡ ᠪᠠ ᠢᠳᠡᠪᠬᠢᠵᠢᠯ᠎ᠢ ᠬᠥᠭᠵᠢᠭᠡᠵᠦ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠬᠥᠭᠵᠢᠯᠲᠡ᠎ᠳᠤ ᠬᠦᠴᠦᠨ ᠨᠡᠮᠡᠷᠢᠯᠡᠵᠦ᠂ 《1 + 7 + N》 ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠦᠨᠳᠦᠰᠦᠨ ᠱᠠᠲᠤᠨ᠎ᠳᠤ ᠨᠠᠢ᠌ᠳᠠᠪᠤᠷᠢᠵᠢᠭᠤᠯᠬᠤ ᠵᠢ ᠤᠯᠠᠮ ᠨᠢᠭᠡ ᠠᠯᠬᠤᠮ ᠠᠬᠢᠭᠤᠯᠵᠤ᠂ ᠰᠢᠨ᠎ᠡ ᠵᠢ ᠡᠭᠦᠳᠴᠦ ᠠᠳᠠᠯ ᠦᠢᠯᠡᠰ ᠴᠣᠭᠴᠠᠯᠠᠬᠤ ᠰᠠᠢ᠌ᠨ ᠰᠠᠢ᠌ᠬᠠᠨ ᠠᠮᠢ ᠠᠬᠤᠶ ᠵᠢ ᠪᠣᠶ ᠪᠣᠯᠭ᠋ᠠᠪᠠ᠃ 《ᠪᠢᠳᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠤᠬᠠᠭᠤᠯᠬᠤ ᠪᠠ ᠨᠠᠢ᠌ᠳᠠᠪᠤᠷᠢᠵᠢᠭᠤᠯᠬᠤ᠎ᠳᠤ ᠦᠷᠭᠦᠯᠵᠢᠯᠡᠨ ᠠᠩᠬᠠᠷᠤᠯ ᠵᠶ᠋ᠠᠨ ᠲᠥᠪᠯᠡᠷᠡᠭᠦᠯᠵᠦ᠂ 〈ᠠᠢ᠌ᠮᠠᠭ ᠬᠣᠲᠠ᠎ᠳᠤ ᠣᠷᠣᠵᠤ ᠠᠵᠤ ᠠᠬᠤᠢ᠌ᠯᠠᠯ᠎ᠳᠤ ᠣᠷᠣᠵᠤ ᠶᠡᠬᠡ ᠳᠡᠭᠡᠳᠦ ᠰᠤᠷᠭ᠋ᠠᠭᠤᠯᠢ᠎ᠳᠤ ᠣᠷᠣᠵᠤ ᠬᠦᠷᠢᠶᠡᠯᠡᠩ ᠲᠣᠭᠣᠷᠢᠭ᠎ᠲᠤ ᠣᠷᠣᠵᠤ ᠬᠦᠷᠢᠶᠡᠯᠡᠩ ᠭᠠᠵᠠᠷ᠎ᠲᠤ ᠣᠷᠣᠬᠤ〉 ᠠᠵᠢᠯᠯᠠᠭ᠎ᠠ ᠵᠢ ᠥᠷᠨᠢᠭᠦᠯᠵᠦ᠂ ᠲᠥᠷᠥ ᠵᠢᠨ ᠪᠣᠳᠣᠯᠭ᠎ᠠ ᠵᠢ ᠪᠢᠴᠢᠭ ᠮᠠᠲ᠋ᠧᠷᠢᠶᠠᠯ᠎ᠠᠴᠠ ᠭᠠᠷᠭ᠋ᠠᠵᠤ᠂ ᠦᠨᠳᠦᠰᠦᠨ ᠱᠠᠲᠤᠨ᠎ᠳᠤ ᠬᠦᠷᠭᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠩ ᠣᠯᠠᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠠᠵᠤ ᠠᠬᠤᠢ᠌ᠯᠠᠯ᠎ᠳᠤ ᠲᠥᠪᠯᠡᠷᠡᠭᠦᠯᠬᠦ ᠵᠢ ᠠᠬᠢᠭᠤᠯᠵᠤ᠂ ᠣᠷᠣᠨ ᠪᠦᠰᠡ ᠵᠢᠨ ᠰᠢᠨ᠎ᠡ ᠵᠢ ᠡᠭᠦᠳᠬᠦ ᠬᠥᠭᠵᠢᠯᠲᠡ᠎ᠳᠤ ᠬᠦᠴᠦᠷᠬᠡᠭ ᠶᠡᠬᠡ ᠴᠢᠳᠠᠪᠤᠷᠢᠲᠠᠨ ᠪᠠ ᠲᠥᠷᠥ ᠵᠢᠨ ᠪᠣᠳᠣᠯᠭ᠎ᠠ ᠵᠢᠨ ᠲᠤᠯᠭ᠋ᠠᠭᠤᠷᠢᠯᠠᠯ ᠬᠠᠩᠭ᠋ᠠᠨ᠎ᠠ᠃》ᠭᠡᠵᠦ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠤᠨ ᠳᠡᠳ᠋ ᠳᠠᠷᠤᠭ᠎ᠠ ᠵᠠᠩ ᠰᠢᠶᠤᠤ ᠶᠢᠩ ᠬᠡᠯᠡᠪᠡ᠃