ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-04-09

 
    4 ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ᠎ᠤᠨ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ 3 ᠰᠠᠷ᠎ᠠ ᠵᠢᠨ 31᠎ᠤ ᠡᠳᠦᠷ᠎ᠤᠨ ᠲᠥᠪ᠎ᠤᠨ ᠤᠯᠤᠰ ᠲᠥᠷᠥ ᠵᠢᠨ ᠲᠣᠪᠴᠢᠶᠠᠨ᠎ᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠰᠦᠨ ᠱᠣᠤ ᠴᠸᠩ ᠱᠦᠵᠢ ᠵᠢᠨ ᠬᠠᠮᠢᠶ᠎ᠠ ᠪᠥᠬᠥᠶ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠲᠥᠪ᠎ᠤᠨ ᠨᠠᠢᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠵᠥᠷᠢᠴᠡᠭᠰᠡᠨ ᠨᠡᠢ᠌ᠲᠡᠯᠢᠭ ᠠᠰᠠᠭᠤᠳᠠᠯ᠎ᠢ ᠵᠠᠷᠯᠠᠨ ᠮᠡᠳᠡᠭᠳᠡᠵᠦ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃



W020250408835998875600.jpg    ᠬᠤᠷᠠᠯ᠎ᠠᠴᠠ᠂ ᠲᠢᠩᠬᠢᠮ᠎ᠤᠨ ᠰᠢᠰᠲ᠋ᠧᠮ᠎ᠤᠨ ᠪᠥᠬᠥ ᠺᠠᠳ᠋ᠷ ᠠᠵᠢᠯᠲᠠᠨ ᠠᠵᠢᠯᠴᠢᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠶᠡᠬᠡ ᠲᠠᠯ᠎ᠠ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠨᠠᠷᠢᠨ ᠣᠢ᠌ᠯᠠᠭ᠋ᠠᠵᠤ᠂ 《ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠦᠷᠢᠮ》᠎ᠢ ᠨᠠᠷᠢᠨ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠡᠷᠡᠰ ᠭᠤᠢ᠌ᠪᠢᠰᠢ ᠥᠬᠡᠶ ᠵᠠᠮᠨᠠᠵᠤ᠂ ᠬᠦᠴᠦᠨ ᠵᠶ᠋ᠡᠨ ᠲᠥᠪᠯᠡᠷᠡᠭᠦᠯᠦᠨ ᠠᠮᠢ ᠠᠬᠤᠶ ᠵᠢᠨ ᠪᠣᠯᠪᠠᠰᠤᠨ᠎ᠤ ᠪᠠᠢ᠌ᠭᠤᠯᠤᠯᠲᠠ ᠵᠢ ᠬᠢᠵᠠᠭ᠋ᠠᠷᠯᠠᠵᠤ ᠪᠠᠢ᠌ᠭ᠎ᠠ ᠴᠢᠬᠤᠯᠠ ᠶᠡᠬᠡ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠢ ᠵᠢ ᠰᠢᠢᠳᠪᠦᠷᠢᠯᠡᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠥᠲᠥᠭᠡᠨ ᠪᠠᠢ᠌ᠭᠤᠯᠬᠤ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ᠃ ᠶᠡᠷᠦᠩᠬᠡᠢ ᠱᠦᠵᠢ ᠰᠢ ᠵᠢᠨ ᠫᠢᠩ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠴᠢᠩᠭ᠎ᠠ ᠦᠨᠳᠦᠰᠦᠨ ᠬᠦᠭ ᠠᠶᠠᠰ᠎ᠢ ᠪᠠᠷᠢᠮᠲᠠᠯᠠᠵᠤ᠂ ᠣᠪᠣᠷ ᠵᠶ᠋ᠠᠨ ᠲᠥᠪ ᠪᠣᠯᠭ᠋ᠠᠨ ᠲᠣᠭᠣᠷᠢᠨ ᠪᠠᠢ᠌ᠴᠠᠭ᠋ᠠᠬᠤ ᠠᠵᠢᠯ᠎ᠳᠤ ᠬᠠᠮᠵᠢᠯᠴᠠᠨ᠂ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢ ᠴᠠᠭ ᠲᠤᠬᠠᠢ᠎ᠳᠤᠨᠢ ᠴᠢᠨᠠᠷ ᠰᠠᠢ᠌ᠲᠠᠢ ᠪᠡᠶᠡᠯᠡᠭᠦᠯᠵᠦ᠂ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠦᠷ᠎ᠡ ᠪᠦᠲᠦᠮᠵᠢ᠎ᠪᠠᠷ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠠᠰᠠᠯᠲᠠ ᠵᠢᠨ ᠴᠢᠳᠠᠪᠤᠷᠢ ᠵᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ᠎ᠠᠴᠠ᠂ ᠲᠢᠩᠬᠢᠮ᠎ᠳᠤ ᠬᠠᠷᠢᠶᠠᠯᠠᠭᠳᠠᠬᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠣᠯᠤᠨ ᠪᠦᠬᠦ ᠨᠠᠮ᠎ᠤᠨ ᠭᠡᠰᠢᠭᠦᠨ ᠺᠠᠳ᠋ᠷ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠠᠬᠢᠯᠭ᠎ᠠ ᠪᠠᠲᠤ ᠵᠢᠨ ᠤᠬᠠᠮᠰᠠᠷ ᠪᠣᠯᠤᠨ ᠶᠣᠰᠣ ᠲᠦᠷᠢᠮ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠰᠤᠷᠲᠠᠯ᠎ᠤᠨ ᠪᠠᠢ᠌ᠭᠤᠯᠤᠯᠲᠠ ᠵᠢᠨ ᠦᠷᠭᠦᠯᠵᠢᠯᠡᠨ ᠰᠠᠢ᠌ᠵᠢᠷᠠᠬᠤ ᠵᠢ ᠠᠬᠢᠭᠤᠯᠬᠤ ᠬᠡᠷᠡᠭᠲᠡᠢ; ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠭᠦᠨᠵᠡᠭᠡᠶ ᠥᠷᠨᠢᠭᠦᠯᠵᠦ᠂  《ᠠᠰᠠᠭᠤᠳᠠᠯ᠎ᠤᠨ ᠨᠠᠷᠢᠨ ᠲᠠᠩᠰᠠ》 ᠵᠢ 《ᠦᠷ᠎ᠡ ᠪᠦᠲᠦᠮᠵᠢ ᠵᠢᠨ ᠨᠠᠷᠢᠨ ᠲᠠᠩᠰᠠ》 ᠪᠣᠯᠭ᠋ᠠᠨ ᠬᠤᠪᠢᠷᠠᠭᠤᠯᠵᠤ᠂ ᠪᠠᠷᠢᠨ ᠪᠠᠢ᠌ᠴᠠᠭ᠋ᠠᠵᠤ ᠪᠠᠷᠢᠨ ᠰᠠᠢ᠌ᠵᠢᠷᠠᠭᠤᠯᠬᠤ᠂ ᠮᠡᠳᠡᠭᠰᠡᠨ ᠳᠠᠷᠤᠶ᠎ᠳᠠᠭᠠᠨ ᠴᠡᠭᠴᠡᠯᠡᠨ ᠰᠠᠢ᠌ᠵᠢᠷᠠᠭᠤᠯᠬᠤ ᠵᠢ ᠦᠨᠡᠨ ᠬᠦ᠌ ᠪᠡᠶᠡᠯᠡᠭᠦᠯᠵᠦ᠂ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠬᠦ ᠬᠡᠷᠡᠭᠲᠡᠶ; ᠡᠭᠦᠳᠡ᠎ᠪᠠᠨ ᠨᠡᠭᠡᠭᠡᠬᠦ ᠬᠥᠮᠦᠵᠢᠯ᠎ᠢ ᠪᠠᠷᠢᠮᠲᠠᠯᠠᠵᠤ᠂ ᠤᠯᠠᠨ ᠲᠦᠮᠡᠨ᠎ᠤ ᠬᠢᠨᠠᠯᠲᠠ ᠰᠢᠭᠦᠮᠵᠢᠯᠡᠯ᠎ᠢ ᠤᠬᠠᠮᠰᠠᠷ᠎ᠠᠴᠠ᠎ᠪᠠᠨ ᠬᠦᠯᠢᠶᠡᠵᠦ᠂ ᠰᠤᠷᠲᠠᠯ ᠴᠢᠬᠡᠴᠢ ᠣᠪᠣᠷ ᠲᠥᠪ ᠵᠶ᠋ᠡᠷ ᠠᠵᠢᠯ ᠬᠢᠵᠦ ᠦᠢ᠍ᠯᠡᠰ ᠪᠤᠰᠬᠠᠬᠤ ᠣᠷᠴᠢᠨ ᠲᠣᠭᠣᠷᠢᠨ᠎ᠢ ᠪᠤᠢ ᠪᠣᠯᠭ᠋ᠠᠵᠤ᠂ ᠰᠤᠷᠤᠯᠴᠠᠯᠭ᠎ᠠ ᠬᠥᠮᠦᠵᠢᠯ᠎ᠤᠨ ᠰᠤᠷᠤᠯᠴᠠᠯᠭ᠎ᠠ ᠴᠢᠨᠠᠷ ᠰᠠᠢ᠌ᠲᠠᠢ᠂ ᠪᠠᠢ᠌ᠴᠠᠭ᠋ᠠᠯᠲᠠ ᠡᠷᠴᠢᠮ᠎ᠲᠠᠢ᠂ ᠥᠭᠡᠷᠡᠴᠢᠯᠡᠯᠲᠡ ᠦᠷ᠎ᠡ ᠪᠦᠲᠦᠮᠵᠢᠲᠡᠢ ᠪᠠᠢ᠌ᠬᠤ ᠵᠢ ᠪᠦᠬᠦ ᠬᠦᠴᠦ᠎ᠪᠠᠷ ᠵᠶ᠋ᠡᠨ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
     ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠤ ᠬᠢᠨᠠᠨ ᠵᠥᠪᠯᠡᠪᠡ᠃
    ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2025 ᠣᠨ᠎ᠤ ᠬᠣᠶᠠᠳᠤᠭ᠋ᠠᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ《ᠪᠦᠰᠡᠯᠡᠯᠲᠡ ᠰᠢᠪᠲᠤᠯᠬᠤ》 ᠳᠠᠬᠢᠨ ᠬᠦᠴᠦᠯᠡᠵᠦ 5 ᠵᠦᠢᠯ᠎ᠤᠨ ᠡᠨᠧᠷᠭᠢ ᠬᠠᠳᠠᠭ᠋ᠠᠯᠠᠬᠤ ᠪᠠ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠤᠨ ᠲᠤᠰᠬᠠᠶ ᠨᠡᠷᠡᠰ᠎ᠤᠨ ᠵᠢᠭᠰᠠᠭ᠋ᠠᠯᠲᠠ ᠨᠡᠢ᠌ᠲᠡᠯᠡᠭᠳᠡᠪᠡ!
ᠠᠵᠤ ᠠᠬᠤᠢ᠌ᠯᠠᠯ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠬᠡᠷᠡᠭᠯᠡᠬᠦ ᠵᠢ ᠭᠦᠨᠵᠡᠭᠡᠢ᠌ᠷᠡᠭᠦᠯᠵᠦ ᠤᠮᠠᠷᠠᠲᠤ ᠵᠢᠨ ᠲᠥᠪ ᠰᠢᠨ᠎ᠡ ᠵᠢ ᠡᠭᠦᠳᠬᠦ ᠲᠠᠪᠴᠠᠩ᠎ᠢ ᠬᠠᠮᠲᠤ᠎ᠪᠠᠷ ᠪᠠᠢ᠌ᠭᠤᠯᠵᠤ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠢᠨ ᠰᠢᠨ᠎ᠡ ᠠᠷᠭ᠎ᠠ ᠵᠠᠮ᠎ᠢ ᠰᠦᠪᠡᠭᠴᠢᠯᠡᠵᠦ ᠪᠠᠢ᠌ᠨ᠎ᠠ
ᠰᠦᠨ ᠦᠢ᠍ᠯᠡᠰ᠎ᠤᠨ ᠤᠯᠤᠰ᠎ᠤᠨ ᠰᠢᠨ᠎ᠡ ᠵᠢ ᠡᠭᠦᠳᠬᠦ ᠲᠥᠪ《ᠴᠠᠭ᠋ᠠᠨ ᠢᠳᠡᠭᠡᠨ᠎ᠤ ᠠᠮᠤᠷ ᠲᠦᠪᠰᠢᠨ ᠬᠢᠭᠡᠳ ᠶᠠᠰᠤ ᠴᠢᠨᠠᠷ᠎ᠤᠨ ᠰᠤᠳᠤᠯᠭ᠋ᠠᠨ᠎ᠤ ᠮᠡᠷᠭᠡᠵᠢᠯ᠎ᠤᠨ ᠶᠠᠷᠢᠶᠠᠨ᠎ᠤ ᠲᠠᠪᠴᠠᠩ》ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠣᠨ》᠎ᠤ ᠠᠵᠢᠯᠯᠠᠭ᠎ᠠ ᠵᠢ ᠡᠬᠢᠯᠡᠭᠦᠯᠪᠡ
 
            