ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ 2025 ᠣᠨ᠎ᠤ ᠬᠣᠶᠠᠳᠤᠭ᠋ᠠᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-04-09


    4 ᠳ᠋ᠦ᠍ᠭᠡᠷ ᠰᠠᠷ᠎ᠠ ᠵᠢᠨ 7᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠩ ᠸᠸᠨ ᠲᠤᠤ 2025 ᠣᠨ᠎ᠤ ᠬᠣᠶᠠᠳᠤᠭ᠋ᠠᠷ ᠤᠳᠠᠭ᠎ᠠ ᠵᠢᠨ ᠲᠢᠩᠬᠢᠮ᠎ᠤᠨ ᠶᠠᠪᠤᠳᠠᠯ᠎ᠤᠨ ᠬᠤᠷᠠᠯ᠎ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠵᠢᠨ ᠴᠣᠬᠣᠯᠠᠪᠤᠷᠢᠯᠠᠭᠰᠠᠨ ᠵᠦᠢᠯᠡᠰ᠎ᠢ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠰᠤᠳᠤᠯᠵᠤ᠂ 3 ᠳ᠋ᠤᠭ᠋ᠠᠷ ᠰᠠᠷ᠎ᠠ ᠵᠢᠨ ᠭᠣᠤᠯᠳᠠᠯᠭ᠎ᠠ᠎ᠲᠠᠢ ᠠᠵᠢᠯ᠎ᠢ ᠠᠬᠢᠭᠤᠯᠤᠭᠰᠠᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ 4 ᠳ᠋ᠦ᠍ᠭᠡᠷ ᠰᠠᠷ᠎ᠠ ᠵᠢᠨ ᠭᠣᠤᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃


W020250408837306583219.jpg

 
     ᠬᠤᠷᠠᠯ᠎ᠠᠴᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ᠎ᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠳᠬᠡᠨ ᠪᠡᠶᠡᠯᠡᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠥᠷᠢᠰᠥᠯᠳᠦᠭᠡᠨ ᠪᠠ ᠢᠷᠡᠭᠡᠳᠦᠢ ᠵᠢᠨ ᠬᠥᠭᠵᠢᠯᠲᠡ ᠵᠢᠨ ᠠᠰᠢᠭᠲᠠᠢ ᠪᠠᠢ᠌ᠷᠢ ᠵᠢ ᠵᠠᠪᠳᠤᠨ ᠡᠵᠡᠯᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠰᠢᠢᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠬᠡᠷᠡᠭᠵᠢᠭᠦᠯᠬᠦ᠎ᠪᠠᠷ ᠵᠢᠯᠣᠭᠣᠳᠤᠮᠵᠢ ᠪᠣᠯᠭ᠋ᠠᠵᠤ᠂ ᠣᠳᠣᠬᠠᠨ᠎ᠤ ᠡᠯ᠎ᠡ ᠵᠦᠢᠯ᠎ᠤᠨ ᠭᠣᠤᠯᠳᠠᠯᠭ᠎ᠠ᠎ᠲᠠᠢ ᠠᠵᠢᠯ᠎ᠤᠨ ᠬᠠᠷᠠᠯᠲᠠ ᠵᠢ ᠴᠢᠩᠭ᠎ᠠ ᠠᠩᠬᠠᠷᠴᠤ᠂ ᠰᠢᠯᠭ᠋ᠠᠯᠲᠠ ᠵᠢᠨ ᠬᠠᠭᠤᠳᠠᠰᠤ ᠲᠤᠰᠢᠶᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠴᠠᠭ ᠪᠢᠳᠡᠨ᠎ᠢ ᠬᠦᠯᠢᠶᠡᠬᠦ ᠥᠬᠡᠶ᠂ ᠥᠷᠯᠥᠭᠡ ᠦᠳᠡᠰᠢ ᠵᠢ ᠲᠡᠮᠡᠴᠡᠬᠦ ᠲᠡᠮᠡᠴᠡᠯ᠎ᠤᠨ ᠣᠪᠣᠷ ᠵᠶ᠋ᠠᠷ᠂ ᠬᠤᠷᠳᠤᠴᠠ᠎ᠪᠠᠨ ᠲᠦᠷᠭᠡᠳᠬᠡᠵᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ ᠡᠯ᠎ᠡ ᠵᠦᠢᠯ᠎ᠤᠨ ᠭᠣᠤᠯᠳᠠᠯᠭ᠎ᠠ᠎ᠲᠠᠢ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠰᠢᠨ᠎ᠡ ᠦᠷ᠎ᠡ ᠪᠦᠲᠦᠮᠵᠢ ᠤᠯᠬᠤ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
    ᠬᠤᠷᠠᠯ᠎ᠠᠴᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠤᠯᠠᠨ ᠡᠰᠢᠵᠢᠭᠰᠡᠨ ᠣᠷᠣᠭᠤᠯᠤᠯᠲᠠ ᠵᠢᠨ ᠲᠣᠭᠲᠠᠴᠠ ᠵᠢ ᠦᠷᠭᠦᠯᠵᠢᠯᠡᠨ ᠲᠡᠭᠦᠯᠳᠡᠷᠵᠢᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠂ ᠤᠯᠠᠨ ᠠᠷᠭ᠎ᠠ ᠵᠠᠮ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠠᠮᠢ ᠠᠬᠤᠢ ᠵᠢᠨ ᠰᠢᠰᠲ᠋ᠧᠮ᠎ᠢ ᠪᠠᠢ᠌ᠭᠤᠯᠬᠤ ᠬᠡᠷᠡᠭᠲᠡᠢ; ᠰᠢᠨ᠎ᠡ ᠵᠢ ᠡᠭᠦᠳᠬᠦ ᠲᠠᠪᠴᠠᠩ᠎ᠤᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠵᠦ᠂ ᠳᠡᠭᠡᠳᠦ ᠴᠢᠳᠠᠪᠤᠷᠢᠲᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢᠨ  《ᠪᠠᠲᠤ ᠪᠠᠬᠢ ᠰᠠᠭᠤᠷᠢ》 ᠵᠢ ᠪᠡᠬᠢᠵᠢᠭᠦᠯᠬᠦ ᠬᠡᠷᠡᠭᠲᠡᠶ; ᠦᠷ᠎ᠡ ᠪᠦᠲᠦᠭᠡᠯ᠎ᠢ ᠣᠨᠳᠣᠣᠰᠢᠭᠤᠯᠬᠤ ᠪᠦᠬᠦ ᠬᠡᠯᠬᠢᠶ᠎ᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠤᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠪᠦᠬᠦ ᠣᠷᠣᠨ᠎ᠤ ᠮᠡᠷᠭᠡᠵᠢᠯ᠎ᠤᠨ ᠭᠡᠷ᠎ᠡ ᠵᠢ ᠳᠠᠩᠰᠠᠯᠠᠬᠤ ᠠᠵᠢᠯ᠎ᠢ ᠠᠬᠢᠭᠤᠯᠵᠤ᠂ 2025 ᠣᠨ᠎ᠤ ᠬᠠᠷᠠᠯᠲᠠ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ; ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠣᠨ ᠪᠦᠰᠡ ᠵᠢᠨ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠪᠡᠭᠡᠵᠢᠩ ᠲᠢᠶᠠᠨᠵᠢᠨ ᠾᠸᠪᠸᠢ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ᠂ ᠬᠥᠬᠡᠮᠥ᠋ᠷᠡᠨ᠎ᠤ ᠭᠤᠷᠪᠠᠯᠵᠢᠨ ᠬᠣᠢ᠌ᠭ ᠵᠡᠷᠭᠡ ᠭᠠᠵᠠᠷ᠎ᠤᠨ ᠰᠢᠨ᠎ᠡ ᠵᠢ ᠡᠭᠦᠳᠬᠦ ᠬᠠᠮᠵᠢᠯᠴᠠᠭ᠎ᠠ ᠵᠢ ᠴᠢᠩᠭ᠋ᠠᠳᠬᠠᠵᠤ᠂ ᠣᠷᠣᠨ ᠪᠦᠰᠡ ᠵᠢᠨ ᠰᠢᠨ᠎ᠡ ᠵᠢ ᠡᠭᠦᠳᠬᠦ ᠬᠥᠭᠵᠢᠯᠲᠡ ᠵᠢᠨ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠯᠠᠭᠤ ᠴᠢᠳᠠᠪᠤᠷᠢᠲᠠᠨ᠎ᠢ ᠬᠥᠮᠦᠵᠢᠭᠦᠯᠬᠦ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠯᠠᠭᠤ ᠴᠢᠳᠠᠪᠤᠷᠢᠲᠠᠨ᠎ᠤ ᠦᠰᠦᠨ ᠪᠣᠢ᠌ᠵᠢᠵᠤ ᠬᠥᠭᠵᠢᠬᠦ᠎ᠳᠤ ᠠᠰᠢᠭᠲᠠᠢ ᠲᠦᠷᠢᠮ᠎ᠤᠨ ᠣᠷᠴᠢᠨ ᠨᠥᠬᠥᠴᠡᠯ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠥᠷᠭᠡᠨ ᠤᠯᠠᠨ ᠵᠠᠯᠠᠭᠤ ᠴᠢᠳᠠᠪᠤᠷᠢᠲᠠᠨ᠎ᠤ ᠪᠦᠲᠦᠭᠡᠯᠴᠢ ᠬᠦᠴᠦᠨ ᠪᠠ ᠰᠢᠨ᠎ᠡ ᠵᠢ ᠡᠭᠦᠳᠬᠦ ᠠᠮᠢᠳᠤᠯᠢᠭ ᠬᠦᠴᠦᠨ᠎ᠢ ᠬᠥᠭᠵᠢᠭᠡᠬᠦ ᠬᠡᠷᠡᠭᠲᠡᠢ; ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠂ ᠰᠤᠷᠲᠠᠯ᠎ᠢ ᠠᠳᠬᠤᠬᠤ᠂ ᠰᠤᠷᠭ᠋ᠠᠨ ᠬᠥᠮᠦᠵᠢᠯ᠎ᠢ ᠠᠳᠬᠤᠬᠤ ᠵᠢ ᠨᠢᠭᠡ ᠴᠤᠬ᠍ᠴᠠᠵᠢᠭᠤᠯᠤᠨ ᠨᠠᠢ᠌ᠳᠠᠪᠤᠷᠢᠵᠢᠭᠤᠯᠵᠤ᠂ ᠰᠤᠷᠤᠯᠴᠠᠬᠤ ᠪᠠᠢ᠌ᠴᠠᠭ᠋ᠠᠬᠤ ᠥᠭᠡᠷᠡᠴᠢᠯᠡᠬᠦ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠨᠡᠨ ᠬᠦ᠌ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃
    ᠲᠢᠩᠬᠢᠮ᠎ᠤᠨ ᠤᠳᠤᠷᠢᠳᠤᠯᠭ᠎ᠠ᠂ ᠲᠢᠩᠬᠢᠮ᠎ᠤᠨ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ᠂ ᠲᠢᠩᠬᠢᠮ᠎ᠤᠨ ᠬᠠᠷᠢᠶ᠎ᠠ ᠡᠯ᠎ᠡ ᠨᠢᠭᠡᠴᠢ ᠵᠢᠨ ᠭᠣᠤᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠶ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ《ᠪᠦᠰᠡᠯᠡᠯᠲᠡ ᠰᠢᠪᠲᠤᠯᠬᠤ》 ᠳᠠᠬᠢᠨ ᠬᠦᠴᠦᠯᠡᠵᠦ 5 ᠵᠦᠢᠯ᠎ᠤᠨ ᠡᠨᠧᠷᠭᠢ ᠬᠠᠳᠠᠭ᠋ᠠᠯᠠᠬᠤ ᠪᠠ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ᠎ᠤᠨ ᠲᠤᠰᠬᠠᠶ ᠨᠡᠷᠡᠰ᠎ᠤᠨ ᠵᠢᠭᠰᠠᠭ᠋ᠠᠯᠲᠠ ᠨᠡᠢ᠌ᠲᠡᠯᠡᠭᠳᠡᠪᠡ!
ᠠᠵᠤ ᠠᠬᠤᠢ᠌ᠯᠠᠯ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠬᠡᠷᠡᠭᠯᠡᠬᠦ ᠵᠢ ᠭᠦᠨᠵᠡᠭᠡᠢ᠌ᠷᠡᠭᠦᠯᠵᠦ ᠤᠮᠠᠷᠠᠲᠤ ᠵᠢᠨ ᠲᠥᠪ ᠰᠢᠨ᠎ᠡ ᠵᠢ ᠡᠭᠦᠳᠬᠦ ᠲᠠᠪᠴᠠᠩ᠎ᠢ ᠬᠠᠮᠲᠤ᠎ᠪᠠᠷ ᠪᠠᠢ᠌ᠭᠤᠯᠵᠤ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠢᠨ ᠰᠢᠨ᠎ᠡ ᠠᠷᠭ᠎ᠠ ᠵᠠᠮ᠎ᠢ ᠰᠦᠪᠡᠭᠴᠢᠯᠡᠵᠦ ᠪᠠᠢ᠌ᠨ᠎ᠠ
ᠰᠦᠨ ᠦᠢ᠍ᠯᠡᠰ᠎ᠤᠨ ᠤᠯᠤᠰ᠎ᠤᠨ ᠰᠢᠨ᠎ᠡ ᠵᠢ ᠡᠭᠦᠳᠬᠦ ᠲᠥᠪ《ᠴᠠᠭ᠋ᠠᠨ ᠢᠳᠡᠭᠡᠨ᠎ᠤ ᠠᠮᠤᠷ ᠲᠦᠪᠰᠢᠨ ᠬᠢᠭᠡᠳ ᠶᠠᠰᠤ ᠴᠢᠨᠠᠷ᠎ᠤᠨ ᠰᠤᠳᠤᠯᠭ᠋ᠠᠨ᠎ᠤ ᠮᠡᠷᠭᠡᠵᠢᠯ᠎ᠤᠨ ᠶᠠᠷᠢᠶᠠᠨ᠎ᠤ ᠲᠠᠪᠴᠠᠩ》ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ《ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥ ᠵᠢᠨ ᠪᠣᠳᠣᠯᠭ᠎ᠠ ᠵᠢ ᠪᠣᠳᠠᠲᠠᠢ᠌ᠵᠢᠭᠤᠯᠤᠨ ᠴᠢᠩᠭ᠋ᠠᠳᠬᠠᠬᠤ ᠣᠨ》᠎ᠤ ᠠᠵᠢᠯᠯᠠᠭ᠎ᠠ ᠵᠢ ᠡᠬᠢᠯᠡᠭᠦᠯᠪᠡ
ᠬᠣᠣᠰ ᠰᠢᠪᠲᠤᠯᠤᠯᠲᠠ! 856 ᠵᠦᠢᠯ᠎ᠤᠨ ᠨᠥᠬᠥᠪᠥᠷᠢ ᠮᠥᠩᠭᠥ 6892.3 ᠲᠦᠮᠡᠨ ᠲᠥᠭᠥᠷᠢᠭ!
 
            