ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠢ᠌ᠮᠠᠭ ᠪᠣᠯᠤᠨ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠪᠠ
ᠨᠡᠶ᠋ᠢᠲᠡᠯᠡᠭᠰᠡᠨ ᠴᠠᠭ᠄ 2022-12-27


    12 ᠰᠠᠷ᠎ᠠ ᠵᠢᠨ 23᠎ᠤ ᠡᠳᠦᠷ᠂ ᠬᠢᠩᠭ᠋ᠠᠨ ᠠᠢ᠌ᠮᠠᠭ᠎ᠤᠨ ᠵᠠᠬᠢᠷᠭ᠎ᠠ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠤᠨ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠣᠰᠣᠯᠠᠯ ᠶᠠᠪᠤᠭᠳᠠᠪᠠ᠃ ᠠᠢ᠌ᠮᠠᠭ᠎ᠤᠨ ᠵᠠᠬᠢᠷᠭ᠎ᠠ ᠵᠢᠨ ᠳᠡᠳ᠋ ᠳᠠᠷᠤᠭ᠎ᠠ ᠾᠧ ᠸᠧᠶ ᠯᠢ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠭᠦᠢᠴᠡᠳᠬᠡᠬᠦ ᠳᠠᠷᠤᠭ᠎ᠠ ᠳ᠋ᠦᠩ ᠹᠠᠨ ᠯᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠠᠢ᠌ᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠣᠣ ᠴᠢᠩ ᠰᠥᠩ ᠬᠤᠷᠠᠯ᠎ᠢ ᠡᠷᠭᠢᠯᠡᠪᠡ᠃
    ᠳᠡᠳ᠋ ᠠᠢ᠌ᠮᠠᠭ᠎ᠤᠨ ᠳᠠᠷᠤᠭ᠎ᠠ ᠾᠧ ᠸᠧᠶ ᠯᠢ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠲᠤᠰᠬᠠᠶ ᠮᠡᠷᠭᠡᠵᠢᠯᠲᠡᠳ ᠬᠢᠩᠭ᠋ᠠᠨ ᠠᠢ᠌ᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠦᠢᠯᠡᠰ᠎ᠢ ᠬᠠᠯᠠᠮᠵᠢᠯᠠᠨ ᠳᠡᠮᠵᠢᠭᠰᠡᠨ᠎ᠳᠤ ᠴᠢᠩ ᠰᠡᠳᠬᠢᠯ᠎ᠠᠴᠠ᠎ᠪᠠᠨ ᠲᠠᠯᠠᠷᠬᠠᠵᠤ ᠪᠠᠢ᠌ᠬᠤ᠎ᠪᠠᠨ ᠢᠯᠡᠳᠬᠡᠪᠡ  ᠃ ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ᠎ᠲᠠᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠵᠢ ᠬᠦᠰᠡᠵᠦ ᠪᠠᠢ᠌ᠨ᠎ᠠ᠂ ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ (ᠬᠢᠩᠭ᠋ᠠᠨ ᠠᠢ᠌ᠮᠠᠭ)᠎ᠤᠨ ᠣᠷᠣᠨ ᠪᠦᠰᠡ ᠵᠢᠨ ᠬᠠᠮᠵᠢᠯᠴᠠᠨ ᠰᠢᠨ᠎ᠡ ᠵᠢ ᠡᠭᠦᠳᠬᠦ ᠲᠥᠪ᠎ᠢ ᠬᠠᠮᠲᠤᠪᠠᠷ ᠪᠠᠢ᠌ᠭᠤᠯᠤᠨ᠎ᠠ᠂ ᠮᠠᠨ᠎ᠤ ᠠᠢ᠌ᠮᠠᠭ᠎ᠤᠨ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ ᠵᠢᠨ ᠲᠣᠭᠣᠷᠢᠨ᠎ᠳᠤ᠂ ᠠᠮᠢ ᠠᠬᠤᠶ ᠵᠢᠨ ᠰᠡᠷᠭᠦᠭᠡᠯᠲᠡ᠂ ᠡᠮᠨᠡᠬᠦ᠂ ᠰᠤᠷᠭ᠋ᠠᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶ᠎ᠡ᠂ ᠣᠨᠴᠠᠯᠢᠭᠲᠤ ᠠᠭ᠎ᠠ ᠵᠢ ᠥᠨᠳᠥᠷ ᠥᠷᠲᠡᠭᠲᠦ ᠪᠣᠯᠭ᠋ᠠᠨ ᠠᠰᠢᠭᠯᠠᠬᠤ ᠲᠤᠷᠰᠢᠯᠲᠠ ᠵᠢᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠬᠤ ᠪᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠦᠯᠢᠭᠡᠷ ᠬᠡᠪ᠎ᠤᠨ ᠲᠣᠰᠬᠣᠨ᠎ᠢ ᠪᠠᠢ᠌ᠭᠤᠯᠬᠤ ᠵᠡᠷᠭᠡ ᠠᠯᠢ ᠣᠯᠠᠨ ᠲᠥᠷᠥᠯ ᠵᠦᠢᠯ᠎ᠢ ᠭᠠᠷ ᠬᠣᠯᠪᠣᠨ ᠥᠷᠨᠢᠭᠦᠯᠬᠦ᠎ᠪᠠᠷ ᠳᠠᠮᠵᠢᠭᠤᠯᠤᠨ᠂ ᠮᠠᠨ᠎ᠤ ᠠᠢ᠌ᠮᠠᠭ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠂ ᠠᠵᠤ ᠦᠢ᠍ᠯᠡᠰ᠎ᠤᠨ ᠬᠡᠯᠬᠢᠶ᠎ᠡ ᠵᠢᠨ ᠳᠤᠮᠳᠠ ᠳᠣᠣᠷᠠᠳᠤ ᠤᠷᠤᠰᠬᠠᠯ ᠲᠡᠰᠢ ᠤᠷᠲᠤᠳᠬᠤ ᠵᠢ ᠠᠬᠢᠭᠤᠯᠤᠨ᠎ᠠ᠂ ᠦᠷᠳᠡᠭ᠎ᠤᠨ ᠬᠡᠯᠬᠢᠶ᠎ᠡ ᠳᠤᠮᠳᠠ ᠳᠡᠭᠡᠳᠦ ᠲᠦᠪᠰᠢᠨ ᠲᠡᠢ᠌ᠰᠢ ᠠᠬᠢᠪᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠤᠯᠠᠷᠢᠭᠤᠯᠤᠨ ᠠᠰᠢᠭᠯᠠᠬᠤ ᠵᠢ ᠲᠦᠷᠭᠡᠳᠬᠡᠨ ᠠᠬᠢᠭᠤᠯᠤᠨ᠎ᠠ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠬᠦᠷᠲᠡᠬᠦ ᠵᠢ ᠴᠢᠷᠮᠠᠢ᠌ᠨ ᠪᠡᠶᠡᠯᠡᠭᠦᠯᠦᠨ᠎ᠡ᠂ ᠬᠠᠮᠲᠤ᠎ᠪᠠᠷ ᠬᠥᠭᠵᠢᠬᠦ  ᠃
    ᠳ᠋ᠦᠩ ᠹᠠᠨ ᠯᠢ ᠬᠣᠷᠢᠶᠠᠨ ᠳᠠᠷᠤᠭ᠎ᠠ ᠢᠯᠡᠷᠬᠡᠢ᠌ᠯᠡᠬᠦ᠎ᠳᠡᠭᠡᠨ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ ᠪᠦᠯᠬᠦᠮ ᠨᠡᠢ᠌ᠲᠡ ᠵᠢᠨ ᠣᠲᠣ ᠦᠶ᠎ᠡ ᠵᠢᠨ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠵᠢ ᠵᠠᠰᠠᠨ ᠰᠡᠷᠭᠦᠭᠡᠬᠦ᠂ ᠣᠶᠤᠨᠴᠢ ᠵᠢᠭᠤᠯᠴᠢᠯᠠᠯ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ᠎ᠳᠠᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠢᠴᠢ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠭᠦᠢᠴᠡᠳ ᠪᠠᠳᠠᠷᠠᠭᠤᠯᠵᠤ᠂ ᠮᠡᠷᠭᠡᠵᠢᠯ᠎ᠤᠨ ᠦᠢᠯᠡᠴᠢᠯᠡᠭᠡ᠂ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ᠂ ᠬᠠᠮᠲᠤᠷᠠᠨ ᠮᠡᠷᠭᠡᠵᠢᠯ᠎ᠤᠨ ᠪᠣᠭᠣᠮᠲᠠ ᠰᠢᠪᠲᠤᠯᠬᠤ᠂ ᠵᠠᠪᠰᠠᠷ᠎ᠤᠨ ᠲᠤᠷᠰᠢᠯᠲᠠ ᠵᠢᠨ ᠠᠵᠤ ᠦᠢ᠌ᠯᠡᠰᠵᠢᠯᠲᠡ ᠵᠢᠨ ᠰᠠᠭᠤᠷᠢᠨ᠎ᠤ ᠪᠥᠲᠥᠭᠡᠨ ᠪᠠᠢ᠌ᠭᠤᠯᠤᠯᠲᠠ᠂ ᠴᠢᠳᠠᠪᠤᠷᠢᠲᠠᠨ᠎ᠢ ᠬᠥᠮᠦᠵᠢᠭᠦᠯᠬᠦ ᠵᠡᠷᠭᠡ ᠲᠠᠯ᠎ᠠ᠎ᠪᠠᠷ ᠬᠢᠩᠭ᠋ᠠᠨ ᠠᠢ᠌ᠮᠠᠭ᠎ᠯᠤᠭ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠤᠳᠤᠷᠢᠳᠤᠮᠵᠢ ᠪᠣᠯᠭ᠋ᠠᠨ ᠬᠣᠯᠪᠣᠭᠳᠠᠯ ᠪᠥᠬᠥᠶ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠴᠤᠭᠯᠠᠷᠠᠯ᠎ᠢ ᠳᠠᠢ᠌ᠴᠢᠯᠠᠵᠤ᠂ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠨᠡᠮᠡᠷᠢᠯᠡᠨ᠎ᠡ ᠭᠡᠵᠡᠶ  ᠃
      ᠱᠠᠩᠬᠠᠢ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠥᠪᠥᠷ ᠮᠣᠩᠭᠣᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠵᠠᠩ ᠶᠦᠩ ᠴᠢᠶᠠᠩ᠂ ᠶᠠᠩ ᠵᠢᠶᠠᠨ ᠶᠢᠩ᠂ ᠠᠢ᠌ᠮᠠᠭ᠎ᠤᠨ ᠵᠠᠬᠢᠷᠭ᠎ᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ ᠾᠧ ᠶᠦᠨ ᠹᠸᠩ ᠵᠢᠴᠢ ᠠᠢ᠌ᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶᠠᠨ᠎ᠤ ᠬᠣᠯᠪᠣᠭᠳᠠᠯ ᠪᠦᠬᠦᠢ ᠬᠥᠮᠦᠰ ᠶᠣᠰᠣᠯᠠᠯ᠎ᠳᠤ ᠣᠷᠣᠯᠴᠠᠵᠠᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠬᠢᠩᠭ᠋ᠠᠨ ᠠᠢ᠌ᠮᠠᠭ᠎ᠤᠨ ᠰᠢᠨᠵᠢᠯᠡᠬᠦ
          
ᠬᠠᠮᠢᠶ᠎ᠡ ᠪᠦᠬᠦᠢ ᠰᠣᠨᠢᠨ
 
            