ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠶ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠢᠳᠡᠪᠬᠢᠲᠡᠶ ᠠᠬᠢᠭᠤᠯᠪᠠ
ᠨᠡᠶ᠋ᠢᠲᠡᠯᠡᠭᠰᠡᠨ ᠴᠠᠭ᠄ 2022-12-27


      ᠣᠢ᠌ᠷ᠎ᠠ ᠵᠢᠨ ᠵᠢᠯ᠎ᠳᠤ᠂ ᠦᠬᠠᠶ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠥᠷᠥᠯ ᠬᠤᠪᠢᠶᠠᠨ ᠵᠢᠯᠣᠭᠣᠳᠬᠤ᠎ᠪᠠᠨ ᠲᠠᠰᠤᠷᠠᠯᠲᠠ ᠥᠬᠡᠶ ᠴᠢᠩᠭ᠋ᠠᠳᠬᠠᠵᠤ᠂ ᠰᠢᠨ᠎ᠡ ᠵᠢ ᠡᠭᠦᠳᠬᠦ ᠣᠷᠴᠢᠨ ᠨᠥᠬᠥᠴᠡᠯ᠎ᠢ ᠰᠢᠯᠢᠳᠡᠭᠵᠢᠭᠦᠯᠦᠨ᠂ ᠦᠬᠠᠶ ᠬᠣᠲᠠ ᠵᠢᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠳᠠᠪᠠᠭᠤᠯᠢᠭ᠎ᠢ ᠢᠳᠡᠪᠬᠢᠲᠡᠶ ᠪᠠᠳᠠᠷᠠᠭᠤᠯᠵᠤ᠂ ᠦᠬᠠᠶ ᠬᠣᠲᠠ ᠵᠢᠨ ᠠᠨᠠᠭ᠋ᠠᠬᠤ ᠤᠬᠠᠭ᠋ᠠᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠪᠡ᠃
      ᠦᠬᠠᠶ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠡᠯ᠎ᠡ ᠲᠥᠷᠥᠯ᠎ᠤᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠢ ᠢᠳᠡᠪᠬᠢᠲᠡᠶ ᠴᠤᠭᠯᠠᠭᠤᠯᠬᠤ᠎ᠪᠠᠷ ᠳᠠᠮᠵᠢᠭᠤᠯᠤᠨ ᠲᠥᠷᠥᠯ ᠵᠦᠢᠯ᠎ᠤᠨ ᠨᠥᠭᠡᠴᠡ ᠪᠣᠯᠭ᠋ᠠᠵᠤ᠂ ᠰᠢᠯᠢᠳᠡᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠲᠥᠷᠥᠯ ᠵᠦᠢᠯ ᠵᠶ᠋ᠡᠷ ᠭᠤᠶᠤᠴᠢᠯᠠᠨ ᠮᠡᠳᠡᠭᠦᠯᠬᠦ ᠵᠢ ᠵᠣᠬᠢᠶᠠᠨ ᠪᠠᠢ᠌ᠭᠤᠯᠤᠨ ᠲᠠᠨᠢᠯᠴᠠᠭᠤᠯᠵᠤ᠂ ᠵᠠᠷᠤᠳᠠᠯ᠎ᠤᠨ ᠳᠡᠮᠵᠢᠯᠭᠡ ᠤᠯᠬᠤ᠎ᠪᠠᠷ ᠴᠢᠷᠮᠠᠢ᠌ᠵᠤ ᠪᠠᠢ᠌ᠨ᠎ᠠ; ᠦᠬᠠᠶ ᠬᠣᠲᠠ ᠵᠢᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠢ᠌ᠭᠤᠯᠤᠮᠵᠢ ᠪᠠ ᠣᠷᠣᠨ᠎ᠤ ᠳᠣᠲᠣᠷ᠎ᠠ ᠭᠠᠳᠠᠨᠠᠬᠢ ᠶᠡᠬᠡ ᠳᠡᠭᠡᠰᠦ ᠰᠤᠷᠭ᠋ᠠᠭᠤᠯᠢ ᠵᠢᠴᠢ ᠡᠮᠴᠢᠯᠡᠭᠡᠨ᠎ᠤ ᠪᠠᠢ᠌ᠭᠤᠯᠤᠮᠵᠢ ᠵᠢᠨ ᠬᠠᠮᠲᠤᠷᠠᠯᠴᠠᠭ᠎ᠠ ᠪᠠ ᠰᠣᠯᠢᠯᠴᠠᠭ᠎ᠠ᠎ᠪᠠᠨ ᠴᠢᠩᠭ᠋ᠠᠳᠬᠠᠬᠤ ᠵᠢ ᠳᠠᠮᠵᠢᠨ ᠵᠣᠷᠢᠭᠵᠢᠭᠤᠯᠵᠤ᠂ ᠳᠠᠪᠠᠭᠤᠯᠢᠭ ᠰᠢᠨᠵᠢᠯᠡᠭᠡᠨ᠎ᠤ ᠰᠠᠯᠠᠭ᠎ᠠ᠂ ᠣᠨᠴᠠᠯᠢᠭᠲᠤ ᠲᠤᠰᠬᠠᠶ ᠮᠡᠷᠭᠡᠵᠢᠯ᠎ᠤᠨ ᠰᠠᠯᠠᠭ᠎ᠠ ᠵᠢᠨ ᠲᠣᠭᠣᠷᠢᠨ᠎ᠳᠤ ᠰᠢᠨ᠎ᠡ ᠮᠡᠷᠭᠡᠵᠢᠯ᠎ᠤᠨ ᠰᠤᠳᠤᠯᠭ᠋ᠠᠨ ᠪᠠ ᠳᠡᠯᠭᠡᠷᠡᠭᠦᠯᠦᠨ ᠬᠡᠷᠡᠭᠯᠡᠬᠦ ᠵᠢ ᠬᠠᠮᠲᠤᠷᠠᠨ ᠥᠷᠨᠢᠭᠦᠯᠦᠨ᠎ᠡ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡᠨ᠎ᠤ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠲᠤ ᠲᠥᠷᠥᠯ ᠵᠦᠢᠯ᠎ᠢ ᠭᠤᠶᠤᠴᠢᠯᠠᠨ ᠮᠡᠳᠡᠭᠦᠯᠬᠦ᠂ ᠰᠡᠳᠦᠪ ᠳᠠᠭᠤᠰᠬᠠᠬᠤ᠂ ᠦᠷ᠎ᠡ ᠪᠦᠲᠦᠭᠡᠯ᠎ᠢ ᠳᠡᠩᠰᠡᠯᠡᠨ ᠲᠡᠮᠳᠡᠭᠯᠡᠬᠦ ᠵᠡᠷᠭᠡ ᠲᠠᠯ᠎ᠠ ᠵᠢᠨ ᠦᠢᠯᠡᠴᠢᠯᠡᠭᠡ ᠵᠢ ᠥᠷᠨᠢᠭᠦᠯᠦᠨ᠎ᠡ; ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠤ ᠲᠤᠰᠬᠠᠢ ᠮᠡᠷᠭᠡᠵᠢᠯᠲᠡᠨ᠎ᠢ ᠦᠬᠠᠢ ᠬᠤᠳᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠢ ᠨᠥᠬᠥᠪᠥᠷᠢᠯᠡᠵᠦ᠂ ᠣᠳᠣᠬᠠᠨ᠎ᠳᠤ ᠦᠬᠠᠢ ᠬᠤᠳᠠ ᠵᠢᠨ 53 ᠨᠡᠷᠡᠰ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠤ ᠲᠤᠰᠬᠠᠢ ᠮᠡᠷᠭᠡᠵᠢᠯᠲᠡᠨ ᠦᠬᠠᠢ ᠬᠤᠳᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠰᠣᠩᠭᠣᠭᠳᠠᠨ ᠣᠷᠣᠵᠠᠢ᠃
      ᠲᠠᠷᠠᠭ᠋ᠠᠴᠢ ᠵᠢᠨ ᠠᠯᠬᠤᠮ᠎ᠳᠤ᠂ ᠦᠬᠠᠶ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠢ᠌ᠯᠡᠬᠦ᠂ ᠣᠨᠣᠰᠢᠯᠠᠨ ᠡᠮᠨᠡᠬᠦ ᠮᠡᠷᠭᠡᠵᠢᠯ᠂ ᠡᠷᠡᠭᠦᠯ ᠮᠡᠨᠳᠦ ᠵᠢ ᠠᠬᠢᠭᠤᠯᠬᠤ ᠵᠡᠷᠭᠡ ᠲᠠᠯ᠎ᠠ ᠵᠢᠨ ᠡᠮᠴᠢᠯᠡᠭᠡᠨ᠎ᠤ ᠰᠤᠳᠤᠯᠭ᠋ᠠᠨ ᠪᠠ ᠮᠡᠷᠭᠡᠵᠢᠯ᠎ᠤᠨ ᠳᠡᠯᠭᠡᠷᠡᠭᠦᠯᠦᠯᠲᠡ ᠵᠢ ᠳᠡᠮᠵᠢᠬᠦ᠎ᠪᠠᠨ ᠦᠷᠭᠦᠯᠵᠢᠯᠡᠨ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢᠯ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠦᠷᠢᠶᠡᠨ᠎ᠳᠠᠬᠢ ᠦᠢᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠬᠠᠮᠲᠤᠷᠠᠯᠴᠠᠭ᠋ᠠᠨ᠎ᠤ ᠲᠠᠪᠴᠠᠩ᠎ᠤᠨ ᠪᠠᠢ᠌ᠭᠤᠯᠤᠯᠲᠠ ᠵᠢ ᠠᠬᠢᠭᠤᠯᠵᠤ᠂ ᠡᠷᠳᠡᠮ ᠰᠢᠨᠵᠢᠯᠡᠭᠡᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠳᠠᠪᠰᠢᠯᠲᠠ ᠵᠢ ᠠᠬᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠤᠨ ᠦᠬᠠᠶ ᠬᠣᠲᠠ ᠵᠢᠨ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠦᠵᠡᠭᠦᠯᠬᠦ ᠠᠬᠢᠭᠤᠯᠬᠤ ᠦᠢᠯᠡᠳᠦᠯ᠎ᠢ ᠦᠨᠡᠨ ᠬᠦ᠌ ᠰᠠᠢ᠌ᠲᠤᠷ ᠪᠠᠳᠠᠷᠠᠭᠤᠯᠤᠨ᠎ᠠ᠃

ᠢᠷᠡᠯᠲᠡ᠄ ᠦᠬᠠᠶ ᠵᠢᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            