《ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠬᠢᠩᠭ᠋ᠠᠨ ᠠᠢ᠌ᠮᠠᠭ᠎ᠤᠨ ᠠᠵᠤ ᠦᠢᠯᠡᠰ᠎ᠤᠨ ᠬᠥᠭᠵᠢᠯᠲᠡ᠎ᠳᠠᠬᠢ ᠲᠤᠯᠭ᠋ᠠᠭᠤᠷᠢᠯᠠᠬᠤ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠥᠯᠥᠭᠡ᠂ 8 ᠰᠠᠷ᠎ᠠ ᠵᠢᠨ 19᠎ᠤ ᠡᠳᠦᠷ᠂ ᠬᠢᠩᠭ᠋ᠠᠨ ᠠᠢ᠌ᠮᠠᠭ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠦᠷ᠎ᠡ ᠪᠦᠲᠦᠭᠡᠯ᠎ᠤᠨ ᠦᠵᠡᠭᠦᠯᠭᠡ ᠪᠣᠯᠤᠨ ᠲᠤᠬᠠᠶ ᠵᠢᠨ ᠲᠠᠯᠠᠪᠠᠢ ᠵᠢᠨ ᠲᠣᠭᠣᠷᠢᠨ ᠦᠵᠡᠬᠦ ᠬᠤᠷᠠᠯ ᠵᠢᠴᠢ ᠴᠢᠶᠠᠨ ᠬᠠᠶ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠨᠠᠢ᠌ᠷ ᠬᠢᠪᠡ ᠃
ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠦᠵᠡᠭᠦᠯᠦᠯᠭᠡ᠎ᠨᠢ ᠦᠷ᠎ᠡ ᠵᠢᠨ ᠦᠢᠯᠡᠰ᠎ᠤᠨ ᠮᠡᠷᠭᠡᠵᠢᠯ᠎ᠤᠨ ᠰᠢᠨ᠎ᠡ ᠡᠭᠦᠳᠦᠯᠲᠡ᠂ ᠣᠶ ᠰᠢᠭᠤᠶ ᠵᠢᠮᠢᠰ᠎ᠤᠨ ᠦᠢᠯᠡᠰ᠂ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢ ᠨᠠᠷᠢᠯᠢᠭ ᠡᠳ᠋ᠰᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ᠂ ᠠᠮᠢ ᠠᠬᠤᠶ ᠵᠢᠨ ᠪᠥᠲᠥᠭᠡᠨ ᠪᠠᠢ᠌ᠭᠤᠯᠤᠯᠲᠠ᠂ ᠣᠲᠣ ᠦᠶ᠎ᠡ ᠵᠢᠨ ᠠᠵᠤ ᠦᠢᠯᠡᠰ᠎ᠤᠨ ᠰᠢᠰᠲ᠋ᠧᠮ᠂ ᠠᠮᠢᠳᠤ ᠪᠣᠳᠠᠰ᠎ᠤᠨ ᠡᠮ ᠡᠮᠨᠡᠯᠭᠡ᠂ ᠡᠷᠡᠭᠦᠯ ᠡᠩᠬᠡ ᠬᠢᠩᠭ᠋ᠠᠨ ᠵᠡᠷᠭᠡ 8 ᠬᠡᠰᠡᠭ᠎ᠠᠴᠠ ᠣᠢ᠌ᠷ᠎ᠠ ᠵᠢᠨ ᠵᠢᠯ᠎ᠤᠨ ᠲᠤᠷᠰᠢᠬᠢ ᠬᠢᠩᠭ᠋ᠠᠨ ᠠᠢ᠌ᠮᠠᠭ᠎ᠤᠨ ᠡᠯ᠎ᠡ ᠬᠦᠷᠢᠶᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ 150 ᠭᠠᠷᠤᠶ ᠦᠷ᠎ᠡ ᠪᠦᠲᠦᠭᠡᠯ᠎ᠢ ᠪᠣᠳᠠᠲᠤ ᠪᠣᠳᠠᠰ᠎ᠤᠨ ᠬᠡᠯᠪᠡᠷᠢ᠎ᠪᠠᠷ ᠰᠢᠭᠤᠳ ᠦᠵᠡᠭᠦᠯᠵᠦ᠂ ᠰᠢᠰᠲ᠋ᠧᠮ᠎ᠲᠠᠢ ᠳᠡᠯᠭᠡᠨ ᠦᠵᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠡᠭᠦᠳᠦᠯᠲᠡ ᠵᠢᠨ ᠡᠯ᠎ᠡ ᠬᠦᠷᠢᠶᠡᠨ᠎ᠳᠠᠬᠢ ᠴᠢᠬᠤᠯᠠ ᠲᠤᠯᠭ᠋ᠠᠭᠤᠷᠢᠯᠠᠬᠤ ᠦᠢᠯᠡᠳᠦᠯ᠎ᠢ ᠭᠦᠢᠴᠡᠳ ᠢᠯᠡᠷᠡᠭᠦᠯᠪᠡ ᠃
ᠬᠤᠷᠠᠯ᠎ᠳᠤ ᠣᠷᠣᠯᠴᠠᠭᠰᠠᠳ ᠤᠷᠢᠳ ᠬᠣᠵᠢᠳ ᠬᠣᠷᠴᠢᠨ ᠪᠠᠯᠭ᠋ᠠᠰᠤᠨ᠎ᠤ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠷᠢᠶᠡᠯᠡᠩ ᠲᠣᠭᠣᠷᠢᠭ᠂ ᠪᠠᠶᠠᠨ ᠠᠮᠢ ᠠᠬᠤᠶ ᠵᠢᠨ ᠲᠡᠵᠢᠭᠡᠨ ᠦᠷᠡᠵᠢᠭᠦᠯᠬᠦ ᠣᠷᠴᠢᠯ ᠮᠠᠯᠵᠢᠯ᠎ᠤᠨ ᠲᠠᠯᠠᠪᠠᠶ ᠵᠢᠨ ᠮᠢᠬᠠᠨ᠎ᠤ ᠦᠬᠡᠷ ᠪᠠ ᠰᠠᠭ᠋ᠠᠯᠢ ᠵᠢᠨ ᠦᠨᠢᠶ᠎ᠡ ᠵᠢᠨ ᠬᠦᠪᠦᠷᠡᠯ ᠰᠢᠯᠵᠢᠭᠦᠯᠦᠨ ᠤᠷᠭᠤᠭᠤᠯᠬᠤ ᠲᠤᠷᠰᠢᠯᠲᠠ ᠵᠢᠨ ᠲᠠᠰᠤᠭ᠂ ᠶᠤᠸᠠᠨ ᠯᠦᠩ ᠫᠢᠩ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠠᠵᠢᠯ᠎ᠤᠨ ᠥᠷᠲᠡᠭᠡ ᠵᠢᠨ ᠤᠰᠤᠨ ᠲᠤᠲᠤᠷᠭ᠎ᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢᠨ᠂ ᠪᠠᠶ ᠢ ᠡᠮ ᠦᠢᠯᠡᠳᠬᠦ ᠬᠢᠵᠠᠭ᠋ᠠᠷᠲᠤ ᠺᠣᠮᠫᠠᠨᠢ ᠵᠢᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ᠂ ᠱᠦᠨ ᠶᠤᠸᠠᠨ ᠲᠠᠷᠢᠶᠠᠯᠠᠩ᠎ᠤᠨ ᠮᠠᠰᠢᠨ᠎ᠤ ᠬᠢᠵᠠᠭ᠋ᠠᠷᠲᠤ ᠺᠣᠮᠫᠠᠨᠢ ᠵᠡᠷᠭᠡ ᠭᠠᠵᠠᠷ᠎ᠲᠤ ᠬᠦᠷᠴᠦ᠂ ᠲᠤᠬᠠᠶ ᠵᠢᠨ ᠭᠠᠵᠠᠷ᠎ᠲᠤᠨᠢ ᠪᠠᠢ᠌ᠴᠠᠭ᠋ᠠᠨ ᠦᠵᠡᠬᠦ᠂ ᠲᠠᠢ᠌ᠯᠤᠮᠵᠢ ᠵᠢ ᠰᠣᠨᠣᠰᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠬᠢᠩᠭ᠋ᠠᠨ ᠠᠢ᠌ᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠲᠤᠬᠠᠶ ᠵᠢᠨ ᠭᠠᠵᠠᠷ᠎ᠲᠤᠨᠢ ᠲᠣᠭᠣᠷᠢᠨ ᠦᠵᠡᠭᠰᠡᠨ ᠪᠥᠭᠡᠳ 《ᠳᠤᠮᠳᠠᠳᠤ ᠤᠯᠤᠰ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠦᠬᠡᠷ᠎ᠤᠨ ᠦᠢᠯᠡᠰ᠎ᠤᠨ ᠫᠷᠤᠹᠧᠰᠰᠤᠷ᠎ᠤᠨ ᠠᠵᠢᠯ᠎ᠤᠨ ᠥᠷᠲᠡᠭᠡ》 ᠵᠢᠨ ᠫᠠᠢ᠌ᠰᠠ ᠵᠢ ᠰᠡᠬᠦᠪᠡ ᠃
ᠡᠨᠡ ᠪᠣᠯ ᠬᠢᠩᠭ᠋ᠠᠨ ᠠᠢ᠌ᠮᠠᠭ ᠠᠩᠬ᠎ᠠ ᠤᠳᠠᠭ᠎ᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ ᠪᠠ ᠲᠤᠬᠠᠶ ᠵᠢᠨ ᠲᠠᠯᠠᠪᠠᠶ᠎ᠳᠤ ᠲᠣᠭᠣᠷᠢᠨ ᠦᠵᠡᠬᠦ ᠬᠤᠷᠠᠯ ᠬᠢᠵᠦ ᠪᠠᠢ᠌ᠭ᠎ᠠ ᠶᠠᠪᠤᠳᠠᠯ ᠪᠣᠯᠤᠨ᠎ᠠ᠂ ᠡᠨᠡ ᠪᠣᠯ ᠬᠢᠩᠭ᠋ᠠᠨ ᠠᠢ᠌ᠮᠠᠭ᠎ᠤᠨ ᠣᠢ᠌ᠷ᠎ᠠ ᠵᠢᠨ ᠵᠢᠯ᠎ᠤᠨ ᠲᠤᠷᠰᠢᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠰᠢᠰᠲ᠋ᠧᠮ᠂ ᠦᠵᠡᠭᠳᠡᠮᠡᠯ ᠦᠵᠡᠭᠦᠯᠦᠯᠭᠡ ᠪᠣᠯᠤᠨ᠎ᠠ ᠃ ᠬᠢᠩᠭ᠋ᠠᠨ ᠠᠢ᠌ᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠡᠭᠦᠨ ᠵᠶ᠋ᠡᠷ ᠠᠵᠠ ᠲᠣᠬᠢᠶᠠᠯ ᠪᠣᠯᠭ᠋ᠠᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ ᠬᠡᠷᠡᠭᠵᠢᠭᠦᠯᠵᠦ᠂ ᠬᠢᠩᠭ᠋ᠠᠨ ᠠᠢ᠌ᠮᠠᠭ᠎ᠤᠨ 20 ᠵᠤᠷᠪᠤᠰ ᠭᠣᠤᠯᠳᠠᠯᠭ᠎ᠠ᠎ᠲᠠᠢ ᠠᠵᠤ ᠦᠢᠯᠡᠰ᠎ᠤᠨ ᠬᠡᠯᠬᠢᠶ᠎ᠡ ᠵᠢ ᠴᠢᠩᠭ᠎ᠠ ᠡᠵᠡᠮᠳᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠢᠭᠡᠳ ᠠᠵᠤ ᠦᠢᠯᠡᠰ᠎ᠤᠨ ᠨᠢᠭᠲᠠ ᠤᠶᠠᠯᠳᠤᠯ᠎ᠢ ᠠᠬᠢᠭᠤᠯᠬᠤ᠂ ᠵᠠᠩᠭᠢᠯᠠᠭ᠎ᠠ ᠵᠢᠨ ᠭᠣᠤᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠴᠢᠩᠭ᠋ᠠᠳᠬᠠᠬᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢ ᠲᠦᠷᠭᠡᠳᠬᠡᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠣᠯᠢᠯᠴᠠᠭ᠎ᠠ ᠬᠢᠭᠡᠳ ᠬᠠᠮᠲᠤᠷᠠᠯᠴᠠᠭ᠎ᠠ ᠵᠢ ᠠᠬᠢᠭᠤᠯᠬᠤ ᠵᠡᠷᠭᠡ ᠲᠠᠯ᠎ᠠ᠎ᠪᠠᠷ ᠲᠥᠪᠯᠡᠷᠡᠭᠦᠯᠦᠨ ᠬᠦᠴᠦᠯᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠢᠩᠭ᠋ᠠᠨ ᠠᠢ᠌ᠮᠠᠭ᠎ᠤᠨ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ᠎ᠳᠤ ᠨᠠᠩ ᠣᠯᠠᠨ ᠬᠥᠳᠡᠯᠭᠡᠬᠦ ᠡᠨᠧᠷᠭᠢ ᠬᠠᠩᠭ᠋ᠠᠵᠤ᠂ ᠰᠢᠯᠢᠳᠡᠭ ᠠᠮᠵᠢᠯᠲᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠬᠤ ᠪᠣᠯᠤᠨ᠎ᠠ ᠃