9 ᠰᠠᠷ᠎ᠠ ᠵᠢᠨ 7᠎ᠤ ᠡᠳᠦᠷ᠂ ᠠᠷᠪᠠᠳᠤᠭ᠋ᠠᠷ ᠬᠤᠭᠤᠴᠠᠭ᠋ᠠᠨ᠎ᠤ ᠥᠪᠥᠷ ᠮᠣᠩᠭᠣᠯ᠎ᠤᠨ 《ᠲᠠᠯ᠎ᠠ ᠨᠤᠲᠤᠭ᠎ᠤᠨ ᠴᠢᠳᠠᠪᠤᠷᠢᠲᠠᠨ》᠎ᠤ ᠳᠡᠭᠡᠳᠦ ᠲᠠᠰ᠎ᠤᠨ ᠴᠢᠳᠠᠪᠤᠷᠢᠲᠠᠨ᠎ᠤ ᠬᠠᠮᠲᠤᠷᠠᠯᠴᠠᠭ᠎ᠠ ᠰᠣᠯᠢᠯᠴᠠᠭ᠋ᠠᠨ᠎ᠤ ᠬᠤᠷᠠᠯ ᠵᠢᠴᠢ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ᠎ᠤᠨ ᠴᠢᠳᠠᠪᠤᠷᠢᠲᠠᠨ᠎ᠤ ᠰᠢᠨ᠎ᠡ ᠵᠢ ᠡᠭᠦᠳᠴᠦ ᠦᠢᠯᠡᠰ ᠴᠣᠭᠴᠠᠯᠠᠬᠤ ᠭᠠᠷᠠᠭ᠎ᠤᠨ ᠠᠵᠢᠯᠯᠠᠭ᠎ᠠ ᠵᠢᠨ ᠨᠢᠭᠡ ᠪᠣᠯᠤᠭᠰᠠᠨ᠎ᠤ ᠬᠤᠪᠢ᠎ᠳᠤ᠂ ᠭᠤᠷᠪᠠᠳᠤᠭ᠋ᠠᠷ ᠬᠤᠭᠤᠴᠠᠭ᠋ᠠᠨ᠎ᠤ 《ᠪᠤᠭᠤᠲᠤ ᠵᠢᠨ ᠬᠣᠪᠣᠷ ᠰᠢᠷᠣᠶ ᠬᠤᠨᠳᠠᠭ᠋ᠠᠲᠤ》 ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠤᠷᠢᠯᠭ᠎ᠠ ᠵᠢᠨ ᠤᠷᠤᠯᠳᠤᠭ᠋ᠠᠨ᠎ᠢ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠪᠤᠭᠤᠲᠤ ᠵᠢᠨ ᠬᠣᠪᠣᠷ ᠰᠢᠷᠣᠶ ᠵᠢᠨ ᠰᠤᠳᠤᠯᠤᠨ ᠨᠡᠭᠡᠭᠡᠬᠦ ᠲᠥᠪ (ᠳᠣᠷᠣᠭᠰᠢ 《ᠬᠣᠪᠣᠷ ᠰᠢᠷᠣᠶ ᠵᠢᠨ ᠲᠥᠪ》 ᠭᠡᠵᠦ ᠲᠣᠪᠴᠢᠯᠠᠨ᠎ᠠ)᠎ᠲᠤ ᠠᠮᠵᠢᠯᠲᠠ᠎ᠲᠠᠢ ᠡᠷᠭᠢᠯᠡᠪᠡ ᠃
ᠲᠣᠰ ᠬᠤᠭᠤᠴᠠᠭ᠋ᠠᠨ᠎ᠤ 《ᠪᠤᠭᠤᠲᠤ ᠵᠢᠨ ᠬᠣᠪᠣᠷ ᠰᠢᠷᠣᠶ ᠬᠤᠨᠳᠠᠭ᠋ᠠᠲᠤ》 ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠤᠷᠢᠯᠭ᠎ᠠ ᠵᠢᠨ ᠤᠷᠤᠯᠳᠤᠭ᠋ᠠᠨ᠎ᠢ ᠪᠤᠭᠤᠲᠤ ᠵᠢᠨ ᠬᠣᠪᠣᠷ ᠰᠢᠷᠣᠶ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠨᠠᠮ ᠣᠯᠠᠨ ᠲᠦᠮᠡᠨ᠎ᠤ ᠠᠵᠢᠯ᠎ᠤᠨ ᠬᠡᠯᠲᠡᠰ᠂ ᠪᠤᠭᠤᠲᠤ ᠵᠢᠨ ᠬᠣᠪᠣᠷ ᠰᠢᠷᠣᠶ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠨᠡᠭᠡᠭᠡᠯᠲᠡ ᠵᠢᠨ ᠲᠣᠭᠣᠷᠢᠭ᠎ᠤᠨ ᠰᠢᠨᠵᠢᠯᠡᠬᠦ ᠤᠬᠠᠭ᠋ᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠎ᠠᠴᠠ ᠭᠣᠤᠯᠯᠠᠨ ᠡᠷᠭᠢᠯᠡᠵᠦ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠰᠦᠷ ᠬᠦᠴᠦᠨ᠎ᠢ ᠨᠡᠮᠡᠭᠳᠡᠭᠦᠯᠬᠦ ᠵᠢᠨ ᠬᠠᠮᠲᠤ ᠵᠠᠰᠠᠭ᠎ᠤᠨ ᠣᠷᠳᠣᠨ ᠵᠶ᠋ᠠᠷ ᠲᠥᠯᠥᠭᠡᠯᠡᠭᠦᠯᠦᠭᠰᠡᠨ ᠰᠢᠨ᠎ᠡ ᠵᠢ ᠡᠭᠦᠳᠬᠦ ᠵᠢᠨ ᠠᠬᠢᠭᠤᠯᠤᠭᠴᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ (ᠶᠡᠬᠡ ᠰᠤᠷᠭ᠋ᠠᠭᠤᠯᠢ) ᠵᠶ᠋ᠠᠷ ᠲᠥᠯᠥᠭᠡᠯᠡᠭᠦᠯᠦᠭᠰᠡᠨ ᠰᠢᠨ᠎ᠡ ᠵᠢ ᠡᠭᠦᠳᠬᠦ ᠦᠢᠯᠡᠳᠦᠯᠭᠡᠵᠢᠭᠦᠯᠦᠭᠴᠢ᠂ ᠠᠵᠤ ᠠᠬᠤᠢ᠌ᠯᠠᠯ ᠵᠶ᠋ᠠᠷ ᠲᠥᠯᠥᠭᠡᠯᠡᠭᠦᠯᠦᠭᠰᠡᠨ ᠰᠢᠨ᠎ᠡ ᠵᠢ ᠡᠭᠦᠳᠬᠦ ᠳᠡᠮᠵᠢᠭᠴᠢ᠎ᠳᠤ ᠥᠷᠭᠡᠨ ᠳᠡᠯᠭᠡᠷ ᠣᠷᠭ᠋ᠠᠨᠢᠭ ᠤᠶᠠᠯᠳᠤᠯ᠎ᠢ ᠪᠡᠶᠡᠯᠡᠭᠦᠯᠬᠦ᠎ᠳᠤ ᠨᠠᠩ ᠰᠠᠢ᠌ᠨ ᠠᠭᠤᠷ ᠠᠮᠢᠰᠬᠤᠯ᠎ᠢ ᠪᠣᠶ ᠪᠣᠯᠭ᠋ᠠᠬᠤ᠎ᠪᠠᠷ ᠴᠢᠷᠮᠠᠢ᠌ᠪᠠ ᠃ ᠤᠷᠤᠯᠳᠤᠭ᠋ᠠᠨ᠎ᠨᠢ 《ᠰᠡᠳᠬᠢᠯ ᠵᠶ᠋ᠡᠨ ᠬᠦᠴᠦᠷᠬᠡᠭᠵᠢᠭᠦᠯᠵᠦ᠂ ᠬᠦᠴᠦᠨ ᠵᠶ᠋ᠡᠨ ᠲᠥᠪᠯᠡᠷᠡᠭᠦᠯᠵᠦ᠂ ᠬᠥᠭᠵᠢᠯᠲᠡ᠎ᠳᠤ ᠬᠦᠴᠦᠨ ᠨᠡᠮᠡᠷᠢᠯᠡᠶ᠎ᠡ》 ᠭᠡᠬᠦ ᠭᠣᠣᠯ ᠰᠡᠳᠦᠪ ᠵᠶ᠋ᠡᠷ ᠶᠠᠪᠤᠭᠳᠠᠵᠤ᠂ ᠪᠤᠭᠤᠲᠤ ᠵᠢᠨ ᠰᠢᠨ᠎ᠡ ᠵᠢ ᠡᠭᠦᠳᠬᠦ ᠬᠥᠭᠵᠢᠯᠲᠡ᠎ᠳᠤ ᠰᠠᠭᠤᠷᠢᠯᠠᠵᠤ᠂ ᠬᠣᠪᠣᠷ ᠰᠢᠷᠣᠢ ᠵᠢᠨ ᠰᠢᠨ᠎ᠡ ᠮᠠᠲᠧᠷᠢᠶᠠᠯ᠎ᠤᠨ ᠠᠵᠤ ᠦᠢ᠍ᠯᠡᠰ᠎ᠤᠨ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠣᠬᠢᠶᠠᠨ ᠪᠠᠢ᠌ᠭᠤᠯᠬᠤ ᠺᠣᠮᠢᠰ᠎ᠠᠴᠠ ᠤᠷᠢᠬᠤ᠂ ᠨᠢᠭᠡᠴᠡ᠎ᠠᠴᠠ ᠲᠠᠨᠢᠯᠴᠠᠭᠤᠯᠬᠤ ᠬᠡᠯᠪᠡᠷᠢ᠎ᠪᠠᠷ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠦᠷᠦᠯ ᠵᠦᠢ᠍ᠯ᠎ᠢ ᠡᠯᠰᠡᠵᠦ ᠤᠷᠤᠯᠳᠤᠭ᠋ᠠᠨ᠎ᠳᠤ ᠣᠷᠣᠯᠴᠠᠪᠠ ᠃ ᠲᠥᠷᠥᠯ ᠵᠦᠢᠯ ᠡᠯᠰᠡᠬᠦ᠂ ᠲᠤᠰᠬᠠᠶ ᠮᠡᠷᠭᠡᠵᠢᠯᠲᠡᠨ ᠠᠩᠬ᠎ᠠ ᠬᠢᠨᠠᠬᠤ ᠵᠡᠷᠭᠡ ᠭᠣᠭᠴᠣᠭ᠎ᠠ᠎ᠪᠠᠷ ᠳᠠᠮᠵᠢᠭᠤᠯᠤᠨ᠂ ᠬᠠᠮᠤᠭ ᠡᠴᠦᠰ᠎ᠲᠤ 6 ᠲᠥᠷᠥᠯ ᠵᠦᠢᠯ᠎ᠢ ᠡᠴᠦᠰ᠎ᠤᠨ ᠰᠢᠢᠳᠪᠦᠷᠢᠲᠦ ᠤᠷᠤᠯᠳᠤᠭ᠋ᠠᠨ᠎ᠳᠤ ᠣᠷᠣᠭᠤᠯᠬᠤ᠎ᠪᠠᠷ ᠲᠣᠭᠲᠠᠪᠠ ᠃ ᠲᠤᠰ ᠤᠳᠠᠭ᠋ᠠᠨ᠎ᠤ ᠤᠷᠤᠯᠳᠤᠭ᠋ᠠᠨ᠎ᠳᠤ ᠨᠢᠭᠡᠳᠦᠭᠡᠷ ᠳᠡᠰ᠎ᠤᠨ ᠱᠠᠩᠨᠠᠯ 1 ᠨᠡᠷ᠎ᠡ᠂ ᠱᠠᠩᠨᠠᠯ᠎ᠤᠨ ᠮᠥᠩᠭᠥ 3 ᠲᠦᠮᠡᠨ ᠲᠥᠭᠥᠷᠢᠭ ᠲᠣᠬᠢᠷᠠᠭᠤᠯᠪᠠ; ᠬᠣᠶᠠᠳᠤᠭ᠋ᠠᠷ ᠳᠡᠰ᠎ᠤᠨ ᠱᠠᠩᠨᠠᠯ 2 ᠨᠡᠷ᠎ᠡ᠂ ᠱᠠᠩᠨᠠᠯ᠎ᠤᠨ ᠮᠥᠩᠭᠥ 1 . 5 ᠲᠦᠮᠡᠨ ᠲᠥᠭᠥᠷᠢᠭ; ᠭᠤᠷᠪᠠᠳᠤᠭ᠋ᠠᠷ ᠳᠡᠰ᠎ᠤᠨ ᠱᠠᠩᠨᠠᠯ 3 ᠨᠡᠷ᠎ᠡ᠂ ᠱᠠᠩᠨᠠᠯ᠎ᠤᠨ ᠮᠥᠩᠭᠥ 5 ᠮᠢᠩᠭ᠋ᠠᠨ ᠲᠥᠭᠥᠷᠢᠭ ᠃ ᠱᠠᠩᠨᠠᠯ ᠭᠥᠷᠳᠡᠭᠰᠡᠨ ᠲᠥᠷᠥᠯ ᠵᠦᠢᠯ ᠵᠢᠴᠢ ᠪᠦᠯᠬᠦᠮ ᠨᠡᠢ᠌ᠲᠡ ᠵᠢ ᠪᠤᠭᠤᠲᠤ ᠵᠢᠨ ᠬᠣᠪᠣᠷ ᠰᠢᠷᠣᠶ ᠵᠢᠨ ᠰᠤᠳᠤᠯᠤᠨ ᠨᠡᠭᠡᠭᠡᠬᠦ ᠲᠥᠪ᠎ᠤᠨ 《ᠳᠥᠷᠪᠡᠨ ᠬᠥᠮᠥᠷᠭᠡ ᠨᠢᠭᠡ ᠲᠠᠪᠴᠠᠩ》 (ᠦᠷ᠎ᠡ ᠪᠦᠲᠦᠭᠡᠯ᠎ᠤᠨ ᠬᠥᠮᠥᠷᠭᠡ᠂ ᠮᠡᠷᠭᠡᠵᠢᠯ᠎ᠤᠨ ᠬᠥᠮᠥᠷᠭᠡ᠂ ᠠᠵᠤ ᠠᠬᠤᠢ᠌ᠯᠠᠯ᠎ᠤᠨ ᠬᠥᠮᠥᠷᠭᠡ᠂ ᠴᠢᠳᠠᠪᠤᠷᠢᠲᠠᠨ᠎ᠤ ᠬᠥᠮᠥᠷᠭᠡ᠎ᠳᠤ ᠣᠷᠣᠭᠤᠯᠤᠨ᠎ᠠ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠠᠪᠴᠠᠩ)᠎ᠤᠨ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ᠎ᠨᠢ 《ᠳᠡᠭᠡᠳᠦ ᠮᠡᠷᠭᠡᠵᠢᠯ᠎ᠤᠨ ᠮᠥᠷᠳᠡᠨ ᠳᠠᠭ᠋ᠠᠬᠤ ᠲᠥᠯᠥᠪᠯᠡᠭᠡ》 (30 ᠲᠦᠮᠡᠨ ᠲᠥᠭᠥᠷᠢᠭ) ᠪᠤᠶᠤ 《ᠴᠤᠷᠪᠠᠭ᠎ᠠ ᠲᠥᠯᠥᠪᠯᠡᠭᠡ》 (20 ᠲᠦᠮᠡᠨ ᠲᠥᠭᠥᠷᠢᠭ ᠣᠷᠴᠢᠮ) ᠵᠢᠨ ᠲᠥᠷᠥᠯ ᠵᠦᠢᠯ᠎ᠤᠨ ᠳᠡᠮᠵᠢᠯᠭᠡ ᠵᠢ ᠤᠯᠬᠤ ᠵᠠᠪᠰᠢᠶᠠᠨ᠎ᠲᠠᠢ ᠶᠤᠮ ᠃
ᠰᠢᠢᠳᠪᠦᠷᠢᠲᠦ ᠤᠷᠤᠯᠳᠤᠭ᠋ᠠᠨ᠎ᠤ ᠲᠥᠷᠥᠯ ᠵᠦᠢᠯ ᠲᠤᠬᠠᠶ ᠵᠢᠨ ᠲᠠᠯᠠᠪᠠᠢ᠎ᠳᠤ ᠰᠢᠷᠦᠭᠦᠨ ᠥᠷᠢᠰᠥᠯᠳᠦᠭᠡᠨ ᠶᠠᠪᠤᠭᠤᠯᠵᠤ᠂ ᠲᠥᠷᠥᠯ ᠵᠦᠢᠯ ᠨᠢᠭᠡᠪᠦᠷᠢ᠎ᠳᠤ 20 ᠮᠢᠨᠦ᠋ᠲ᠎ᠤᠨ ᠵᠠᠮ᠎ᠤᠨ ᠲᠣᠭᠯᠠᠯᠲᠠ ᠵᠢᠨ ᠦᠵᠡᠭᠦᠯᠭᠡ ᠪᠠ 10 ᠮᠢᠨᠦ᠋ᠲ᠎ᠤᠨ ᠰᠢᠯᠭ᠋ᠠᠷᠠᠭᠤᠯᠬᠤ ᠺᠣᠮᠢᠰ᠎ᠤᠨ ᠭᠡᠰᠢᠭᠦᠳ᠎ᠤᠨ ᠠᠰᠠᠭᠤᠯᠲᠠ ᠬᠠᠷᠢᠭᠤᠯᠲᠠ ᠵᠢᠨ ᠭᠣᠭᠴᠣᠭ᠎ᠠ ᠶᠠᠪᠤᠭᠤᠯᠪᠠ ᠃ ᠡᠴᠦᠰ᠎ᠲᠤ᠂ ᠬᠣᠪᠣᠷ ᠰᠢᠷᠣᠶ ᠵᠢᠨ ᠰᠤᠳᠤᠯᠭ᠋ᠠᠨ᠎ᠤ ᠬᠦᠷᠢᠶᠡᠯᠡᠩ᠎ᠤᠨ ᠼᠤᠤ ᠬᠣᠩ ᠵᠠᠩ ᠳᠡᠭᠡᠳᠦ ᠵᠡᠷᠭᠡ ᠵᠢᠨ ᠢᠨᠵᠧᠨᠧᠷ᠎ᠤᠨ ᠪᠦᠯᠬᠦᠮ᠎ᠤᠨ 《ᠠᠮᠢᠳᠤ ᠪᠣᠳᠠᠰ᠎ᠤᠨ ᠰᠠᠭᠤᠷᠢ ᠵᠠᠳᠠᠷᠠᠨ ᠵᠠᠳᠠᠷᠠᠬᠤᠢ᠌ᠴᠠ ᠪᠥᠭᠡᠭᠡᠨᠡᠷᠡᠯ ᠰᠦᠨ ᠬᠦᠴᠢᠯ᠎ᠤᠨ ᠮᠠᠲ᠋ᠧᠷᠢᠶᠠᠯ᠎ᠳᠤ ᠬᠣᠪᠣᠷ ᠰᠢᠷᠣᠶ ᠵᠢᠨ ᠴᠢᠳᠠᠮᠵᠢᠳᠤ ᠲᠤᠰᠠᠯᠠᠬᠤ ᠡᠮ᠎ᠤᠨ ᠵᠠᠩᠭᠢᠯᠠᠭ᠎ᠠ ᠵᠢᠨ ᠮᠡᠷᠭᠡᠵᠢᠯ᠎ᠢ ᠨᠡᠭᠡᠭᠡᠨ ᠬᠥᠭᠵᠢᠭᠦᠯᠬᠦ ᠵᠢᠴᠢ ᠬᠡᠷᠡᠭᠯᠡᠬᠦ》 ᠵᠦᠢᠯᠡᠰ ᠨᠢᠭᠡᠳᠦᠭᠡᠷ ᠳᠡᠰ᠎ᠤᠨ ᠱᠠᠩᠨᠠᠯ ᠭᠥᠷᠳᠡᠪᠡ; ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠹᠦᠵᠢᠶᠠᠨ᠎ᠤ ᠪᠣᠳᠠᠰ᠎ᠤᠨ ᠪᠦᠲᠦᠴᠡ ᠵᠢᠨ ᠰᠤᠳᠤᠯᠭ᠋ᠠᠨ᠎ᠤ ᠭᠠᠵᠠᠷ᠎ᠤᠨ ᠳᠡᠳ᠋ ᠰᠤᠳᠤᠯᠤᠭᠴᠢ ᠰᠥᠩ ᠯᠢᠶᠠᠩ᠎ᠤᠨ ᠪᠦᠯᠬᠦᠮ ᠨᠡᠢ᠌ᠲᠡ ᠵᠢᠨ 《ᠬᠣᠪᠣᠷ ᠰᠢᠷᠣᠶ ᠵᠢᠨ ᠬᠠᠢ᠌ᠭᠤᠯ ᠵᠡᠭᠦᠦ᠎ᠳᠤ ᠰᠠᠭᠤᠷᠢᠯᠠᠭᠰᠠᠨ ᠬᠦᠨᠳᠦ ᠶᠡᠬᠡ ᠡᠪᠡᠳᠴᠢᠨ ᠡᠮᠭᠡᠭ᠎ᠢ ᠣᠨᠣᠰᠢᠯᠠᠬᠤ ᠵᠠᠩᠭᠢᠯᠠᠭ᠎ᠠ ᠵᠢᠨ ᠮᠡᠷᠭᠡᠵᠢᠯ᠎ᠢ ᠰᠤᠳᠤᠯᠤᠨ ᠨᠡᠭᠡᠭᠡᠬᠦ ᠵᠢᠴᠢ ᠠᠵᠤ ᠦᠢ᠌ᠯᠡᠰᠵᠢᠭᠦᠯᠬᠦ》 ᠲᠥᠷᠥᠯ ᠵᠦᠢᠯ ᠪᠠ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠣᠲᠠ ᠵᠢᠨ ᠣᠷᠴᠢᠨ ᠲᠣᠭᠣᠷᠢᠨ᠎ᠤ ᠰᠤᠳᠤᠯᠭ᠋ᠠᠨ᠎ᠤ ᠭᠠᠵᠠᠷ᠎ᠤᠨ ᠳ᠋ᠣᠺᠲ᠋ᠣᠷ ᠸᠠᠩ ᠮᠸᠩ᠎ᠤᠨ ᠪᠦᠯᠬᠦᠮ ᠨᠡᠢ᠌ᠲᠡ ᠵᠢᠨ 《ᠰᠢᠨ᠎ᠡ ᠬᠡᠯᠪᠡᠷᠢ ᠵᠢᠨ ᠥᠨᠳᠥᠷ ᠪᠦᠲᠦᠮᠵᠢᠲᠡᠶ ᠲᠣᠭᠲᠠᠭᠤᠨ Ce ᠪᠦᠯᠦᠭ᠎ᠤᠨ ᠨᠡᠭᠦᠷᠡᠰᠦᠲᠥ᠋ᠷᠥᠭᠴᠢᠲᠦ ᠣᠲᠣᠭ᠋ᠠᠨᠤ ᠮᠥᠬᠥᠯᠢᠭᠲᠦ ᠲᠦᠷᠭᠡᠳᠬᠡᠨ ᠴᠡᠪᠡᠷᠰᠢᠭᠦᠯᠬᠦ ᠮᠠᠲ᠋ᠧᠷᠢᠶᠠᠯ ᠵᠢᠴᠢ ᠤᠷᠪᠠᠯ᠎ᠤᠨ ᠲᠣᠭᠲᠠᠴᠠ ᠵᠢᠨ ᠰᠤᠳᠤᠯᠭ᠋ᠠᠨ》 ᠬᠣᠶᠠᠳᠤᠭ᠋ᠠᠷ ᠳᠡᠰ᠎ᠤᠨ ᠱᠠᠩᠨᠠᠯ ᠭᠥᠷᠳᠡᠪᠡ; ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠠᠷᠤᠭ᠎ᠠ ᠴᠦᠨ ᠬᠡᠷᠡᠭᠯᠡᠭᠡᠨ᠎ᠤ ᠬᠢᠮᠢ ᠵᠢᠨ ᠤᠬᠠᠭ᠋ᠠᠨ᠎ᠤ ᠰᠤᠳᠤᠯᠭ᠋ᠠᠨ᠎ᠤ ᠭᠠᠵᠠᠷ᠎ᠤᠨ ᠱᠸᠨ ᠶᠠ ᠪᠢᠨ ᠳ᠋ᠣᠺᠲ᠋ᠣᠷ᠎ᠤᠨ ᠪᠦᠯᠬᠦᠮ᠎ᠤᠨ 《ᠬᠣᠪᠣᠷ ᠰᠢᠷᠣᠢ ᠵᠢᠨ ᠴᠢᠨᠠᠷ ᠬᠤᠪᠢᠷᠠᠬᠰᠠᠨ ᠰᠢᠨ᠎ᠡ ᠬᠡᠯᠪᠡᠷᠢ ᠵᠢᠨ ᠥᠨᠳᠥᠷ ᠡᠨᠧᠷᠭᠢᠲᠦ ᠳᠣᠣᠷ᠎ᠠ ᠺᠣᠪᠠᠯᠲ᠎ᠤᠨ ᠭᠤᠷᠪᠠᠨ ᠡᠰᠢᠲᠦ ᠮᠠᠲ᠋ᠧᠷᠢᠶᠠᠯ᠎ᠢ ᠰᠤᠳᠤᠯᠤᠨ ᠨᠡᠭᠡᠭᠡᠬᠦ》 ᠲᠦᠷᠦᠯ ᠵᠦᠢ᠍ᠯ᠂ ᠨᠠᠨᠺᠠᠢ ᠶᠡᠬᠡ ᠰᠤᠷᠭ᠋ᠠᠭᠤᠯᠢ ᠵᠢᠨ ᠳ᠋ᠣᠺᠲ᠋ᠣᠷ᠎ᠤᠨ ᠪᠦᠯᠬᠦᠮ᠎ᠤᠨ 《ᠯᠢᠲ᠋ᠢ ᠵᠢᠨ ᠢᠶᠣᠨ᠎ᠤ ᠬᠠᠲᠠᠭᠤ ᠲᠦᠯᠦᠪᠲᠦ ᠳ᠋ᠢᠶᠠᠨ ᡂᠢᠳᠤ ᠬᠡᠷᠡᠭᠯᠡᠬᠦ ᠬᠣᠪᠣᠷ ᠰᠢᠷᠣᠢ ᠵᠢᠨ ᠢᠰᠦᠮᠡᠭ - ᠹᠯᠣᠷᠲᠤ ᠪᠥᠭᠡᠭᠡᠨᠡᠪᠦᠷᠢ ᠠᠭᠤᠯᠤᠭᠰᠠᠨ ᠬᠠᠲᠠᠭᠤ ᠲᠦᠯᠦᠪᠲᠦ ᠴᠠᠬᠢᠯᠭ᠋ᠠᠨ ᠵᠠᠳᠠᠯᠤᠭᠳᠠᠬᠤᠨ》 ᠲᠦᠷᠦᠯ ᠵᠦᠢ᠍ᠯ ᠪᠣᠯᠤᠨ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠲᠡᠮᠦᠷᠯᠢᠭ᠎ᠤᠨ ᠰᠤᠳᠤᠯᠭ᠋ᠠᠨ᠎ᠤ ᠭᠠᠵᠠᠷ᠎ᠤᠨ ᠶᠠᠩ ᠴᠤᠤ ᠶᠦᠨ ᠲᠤᠰᠠᠯᠠᠬᠤ ᠰᠤᠳᠤᠯᠤᠭᠴᠢ ᠵᠢᠨ 《ᠴᠢᠨᠠᠷ ᠰᠠᠢ᠌ᠲᠠᠢ ᠬᠣᠪᠣᠷ ᠰᠢᠷᠣᠢ ᠵᠢᠨ ᠬᠣᠯᠬᠣᠪᠴᠢ ᠵᠢᠨ ᠪᠤᠯᠤᠳ ᠦᠢ᠍ᠯᠡᠳᠬᠦ ᠮᠡᠷᠭᠡᠵᠢᠯ᠎ᠤᠨ ᠨᠡᠭᠡᠭᠡᠨ ᠬᠥᠭᠵᠢᠭᠦᠯᠦᠯᠲᠡ》 ᠭᠤᠷᠪᠠᠳᠤᠭ᠋ᠠᠷ ᠳᠡᠰ᠎ᠤᠨ ᠱᠠᠩᠨᠠᠯ ᠬᠦᠷᠳᠡᠪᠡ ᠃
ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠣᠲᠠ ᠵᠢᠨ ᠣᠷᠴᠢᠨ ᠲᠣᠭᠣᠷᠢᠨ ᠰᠤᠳᠤᠯᠬᠤ ᠭᠠᠵᠠᠷ᠎ᠤᠨ ᠵᠢᠯᠣᠭᠣᠳᠣᠭᠴᠢ ᠪᠠᠭᠰᠢ ᠱᠠᠨ ᠸᠸᠨ ᠫᠦᠦᠸ ᠰᠤᠳᠤᠯᠤᠭᠴᠢ ᠰᠢᠢᠳᠪᠦᠷᠢᠲᠦ ᠤᠷᠤᠯᠳᠤᠭ᠋ᠠᠨ᠎ᠳᠤ ᠣᠷᠣᠯᠴᠠᠵᠤ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠹᠦᠵᠢᠶᠠᠨ᠎ᠤ ᠪᠣᠳᠠᠰ᠎ᠤᠨ ᠪᠦᠲᠦᠴᠡ ᠵᠢᠨ ᠭᠠᠵᠠᠷ᠎ᠤᠨ ᠰᠤᠳᠤᠯᠤᠭᠴᠢ ᠵᠠᠩ ᠶᠦᠨ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠠᠷᠤᠭ᠎ᠠ ᠴᠦᠨ ᠶᠢᠩ ᠬᠤᠸᠠ ᠭᠠᠵᠠᠷ᠎ᠤᠨ ᠰᠤᠳᠤᠯᠤᠭᠴᠢ ᠸᠠᠩ ᠯᠢ ᠮᠢᠨ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠲᠡᠮᠦᠷᠯᠢᠭ᠎ᠤᠨ ᠭᠠᠵᠠᠷ᠎ᠤᠨ ᠰᠤᠳᠤᠯᠤᠭᠴᠢ ᠯᠤᠸᠠᠨ ᠢ ᠺᠦᠨ᠂ ᠨᠠᠨᠺᠠᠢ ᠶᠡᠬᠡ ᠰᠤᠷᠭ᠋ᠠᠭᠤᠯᠢ ᠵᠢᠨᠫᠷᠤᠹᠸᠰᠰᠤᠷ ᠳ᠋ᠦ᠋ ᠶᠠ ᠫᠢᠩ ᠵᠡᠷᠭᠡ 4 ᠵᠦᠢᠯᠡᠰ᠎ᠤᠨ ᠵᠢᠯᠣᠭᠣᠳᠣᠭᠴᠢ ᠪᠠᠭᠰᠢ ᠰᠢᠢᠳᠪᠦᠷᠢᠲᠦ ᠤᠷᠤᠯᠳᠤᠭ᠋ᠠᠨ᠎ᠳᠤ ᠣᠷᠣᠯᠴᠠᠪᠠ ᠃