ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠯᠠᠱ᠌ᠠ ᠠᠢ᠌ᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ 13 ᠮᠥᠩᠭᠥᠨ ᠭᠦᠢᠯᠭᠡᠭᠡᠨ᠎ᠤ ᠪᠠᠢ᠌ᠭᠤᠯᠤᠮᠵᠢ᠎ᠲᠠᠢ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠣᠭᠲᠠᠪᠠ
ᠨᠡᠶ᠋ᠢᠲᠡᠯᠡᠭᠰᠡᠨ ᠴᠠᠭ᠄ 2022-09-19


      ᠬᠤᠷᠠᠯ ᠳᠡᠭᠡᠷ᠎ᠡ᠂ ᠠᠯᠠᠱ᠌ᠠ ᠠᠢ᠌ᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠪᠣᠯᠤᠨ ᠦᠢᠯᠡᠳᠪᠦᠷᠢ ᠬᠤᠳᠠᠯᠳᠤᠭ᠋ᠠᠨ᠎ᠤ ᠪᠠᠩᠬᠢ ᠵᠢᠨ ᠠᠯᠠᠱ᠌ᠠ ᠠᠢ᠌ᠮᠠᠭ᠎ᠤᠨ ᠬᠤᠪᠢᠶᠠᠷᠢ ᠪᠠᠩᠬᠢ᠂ ᠲᠠᠷᠢᠶᠠᠯᠠᠩ᠎ᠤᠨ ᠪᠠᠩᠬᠢ ᠵᠢᠨ ᠠᠯᠠᠱ᠌ᠠ ᠠᠢ᠌ᠮᠠᠭ᠎ᠤᠨ ᠬᠤᠪᠢᠶᠠᠷᠢ ᠪᠠᠩᠬᠢ᠂ ᠠᠯᠠᠱ᠌ᠠ ᠵᠢᠨ ᠲᠠᠷᠢᠶᠠᠯᠠᠩ᠎ᠤᠨ ᠬᠤᠳᠠᠯᠳᠤᠭ᠋ᠠᠨ᠎ᠤ ᠪᠠᠩᠬᠢ᠂ ᠠᠯᠠᠱ᠌ᠠ ᠵᠡᠭᠦᠨ ᠬᠣᠰᠢᠭᠤᠨ᠎ᠤ ᠹᠠᠩ ᠳ᠋ᠠ ᠲᠣᠰᠬᠣᠨ ᠪᠠᠯᠭ᠋ᠠᠰᠤ ᠵᠢᠨ ᠪᠠᠩᠬᠢ ᠵᠡᠷᠭᠡ 13 ᠮᠥᠩᠭᠥᠨ ᠭᠦᠢᠯᠭᠡᠭᠡᠨ᠎ᠤ ᠪᠠᠢ᠌ᠭᠤᠯᠤᠮᠵᠢ ᠲᠣᠰ ᠲᠣᠰ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠵᠠᠰᠠᠭ᠎ᠤᠨ ᠣᠷᠳᠣᠨ ᠬᠥᠲᠥᠯᠥᠨ ᠵᠢᠯᠣᠭᠣᠳᠬᠤ᠂ ᠵᠠᠬ᠎ᠠ ᠳᠡᠯᠭᠡᠭᠦᠷ ᠵᠶ᠋ᠡᠷ ᠠᠵᠢᠯᠯᠠᠭᠤᠯᠬᠤ᠎ᠪᠠᠷ ᠵᠠᠷᠴᠢᠮ ᠪᠣᠯᠭ᠋ᠠᠵᠤ᠂ ᠠᠯᠠᠱ᠌ᠠ ᠠᠢ᠌ᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠪᠠᠯᠠ ᠲᠣᠬᠢᠷᠠᠭᠤᠯᠬᠤ ᠬᠦᠴᠢᠷ ᠠᠰᠠᠭᠤᠳᠠᠯ᠎ᠢ ᠰᠢᠢᠳᠪᠦᠷᠢᠯᠡᠬᠦ ᠵᠢᠨ ᠲᠣᠭᠣᠷᠢᠨ᠎ᠳᠤ᠂ ᠠᠯᠠᠱ᠌ᠠ ᠠᠢ᠌ᠮᠠᠭ᠎ᠤᠨ ᠠᠵᠤ ᠦᠢᠯᠡᠰ᠎ᠤᠨ ᠪᠦᠲᠦᠴᠡ᠎ᠪᠠᠨ ᠰᠢᠯᠢᠳᠡᠭᠵᠢᠭᠦᠯᠬᠦ᠂ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠲᠦᠷᠭᠡᠳᠬᠡᠬᠦ ᠬᠠᠷᠠᠯᠲᠠ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠮᠥᠩᠭᠥᠨ ᠭᠦᠢᠯᠭᠡᠭᠡᠨ᠎ᠤ ᠬᠠᠮᠲᠤᠷᠠᠯᠴᠠᠭ᠎ᠠ ᠥᠷᠨᠢᠭᠦᠯᠪᠡ  ᠃ ᠡᠭᠦᠨ᠎ᠤ ᠬᠠᠮᠲᠤ᠂ ᠠᠯᠠᠱ᠌ᠠ ᠵᠢᠨ ᠬᠥᠳᠡᠭᠡ ᠲᠣᠰᠬᠣᠨ᠎ᠤ ᠬᠤᠳᠠᠯᠳᠤᠭ᠋ᠠᠨ᠎ᠤ ᠪᠠᠩᠬᠢ ᠮᠥᠩᠭᠥᠨ ᠭᠦᠢᠯᠭᠡᠭᠡᠨ᠎ᠤ ᠪᠠᠢ᠌ᠭᠤᠯᠤᠮᠵᠢ ᠵᠢ ᠲᠥᠯᠥᠭᠡᠯᠡᠨ ᠬᠠᠮᠤᠭ᠎ᠤᠨ ᠰᠢᠨ᠎ᠡ ᠮᠥᠩᠭᠥᠨ ᠭᠦᠢᠯᠭᠡᠭᠡᠨ᠎ᠤ ᠲᠥᠷᠥ ᠵᠢᠨ ᠪᠣᠳᠣᠯᠭ᠎ᠠ ᠪᠠ ᠮᠥᠩᠭᠥᠨ ᠭᠦᠢᠯᠭᠡᠭᠡᠨ᠎ᠤ ᠦᠢᠯᠡᠳᠬᠦᠨ᠎ᠢ ᠨᠠᠷᠢᠨ ᠲᠠᠨᠢᠯᠴᠠᠭᠤᠯᠵᠤ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠪᠠᠭ᠎ᠠ ᠠᠵᠤ ᠠᠬᠤᠢ᠌ᠯᠠᠯ ᠥᠪᠥᠷ ᠮᠣᠩᠭᠣᠯ᠎ᠤᠨ ᠴᠧᠨ ᠬᠠᠶ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠲᠥᠯᠥᠭᠡᠯᠡᠨ ᠦᠵᠡᠭᠦᠯᠦᠯᠭᠡ ᠬᠢᠪᠠ  ᠃
      ᠬᠤᠷᠠᠯ᠎ᠠᠴᠠ ᠡᠮᠦᠨ᠎ᠡ᠂ ᠠᠯᠠᠱ᠌ᠠ ᠠᠢ᠌ᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠳᠠᠯ ᠪᠥᠬᠥ ᠠᠢ᠌ᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠠᠴᠠ ᠮᠥᠩᠭᠥᠨ ᠭᠦᠢᠯᠭᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠥᠷᠭᠡᠨ ᠵᠶ᠋ᠡᠷ ᠴᠤᠭᠯᠠᠭᠤᠯᠪᠠ᠂ ᠲᠡᠭᠡᠬᠦ ᠮᠥᠷᠲᠡᠭᠡᠨ ᠮᠥᠩᠭᠥᠨ ᠭᠦᠢᠯᠭᠡᠭᠡᠨ᠎ᠤ ᠪᠠᠢ᠌ᠭᠤᠯᠤᠮᠵᠢ᠎ᠲᠠᠢ ᠬᠡᠷᠡᠭᠴᠡᠭᠡ ᠵᠢᠨ ᠨᠠᠷᠢᠨ ᠳᠠᠩᠰᠠ ᠵᠢ ᠬᠠᠮᠲᠤ᠎ᠪᠠᠷ ᠡᠳ᠋ᠯᠡᠨ᠎ᠡ᠂ ᠬᠤᠷᠠᠯ ᠳᠡᠭᠡᠷ᠎ᠡ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠥᠪᠥᠷ ᠮᠣᠩᠭᠣᠯ᠎ᠤᠨ ᠱᠧᠩ ᠱ᠌ᠢ ᠬᠢᠮᠢ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠯᠠᠶ ᠺᠧ ᠲᠠᠷᠢᠮᠠᠯ ᠬᠠᠮᠠᠭ᠋ᠠᠯᠠᠬᠤ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠬᠠᠶ᠎ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠡᠷᠭᠡ 7 ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ ᠬᠢᠭᠡᠳ ᠳᠤᠮᠳᠠᠳᠤ ᠤᠯᠤᠰ᠎ᠤᠨ ᠪᠠᠩᠬᠢ ᠵᠢᠨ ᠪᠠᠶᠠᠨᠬᠣᠲᠠ ᠬᠤᠪᠢᠶᠠᠷᠢ ᠪᠠᠩᠬᠢ ᠵᠡᠷᠭᠡ ᠮᠥᠩᠭᠥᠨ ᠭᠦᠢᠯᠭᠡᠭᠡᠨ᠎ᠤ ᠪᠠᠢ᠌ᠭᠤᠯᠤᠮᠵᠢ ᠪᠠᠯᠠ ᠲᠣᠬᠢᠷᠠᠭᠤᠯᠭ᠎ᠠ ᠵᠢᠨ ᠵᠢᠭᠡᠯᠡᠯᠭᠡ ᠵᠢᠨ ᠬᠠᠮᠲᠤᠷᠠᠯᠴᠠᠭ᠋ᠠᠨ᠎ᠤ ᠰᠠᠨᠠᠮᠵᠢ ᠲᠣᠭᠲᠠᠪᠠ᠂ ᠲᠡᠭᠡᠬᠦ ᠮᠥᠷᠲᠡᠭᠡᠨ ᠲᠤᠬᠠᠶ ᠵᠢᠨ ᠲᠠᠯᠠᠪᠠᠢ᠎ᠳᠤ ᠪᠡᠯᠡ ᠲᠣᠬᠢᠷᠠᠭᠤᠯᠬᠤ ᠲᠥᠰᠦᠯ᠎ᠤᠨ ᠬᠡᠯᠡᠯᠴᠡᠭᠡᠷ᠎ᠲᠤ ᠭᠠᠷ᠎ᠤᠨ ᠦᠰᠦᠭ ᠵᠢᠷᠤᠪᠠ᠂ ᠬᠡᠯᠡᠯᠴᠡᠭᠡᠷ᠎ᠤᠨ ᠶᠡᠷᠦᠩᠬᠡᠶ ᠵᠣᠭᠣᠰ᠎ᠤᠨ ᠲᠣᠭ᠎ᠠ 6700 ᠲᠦᠮᠡᠨ ᠲᠥᠭᠥᠷᠢᠭ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠪᠠ ᠵᠠᠬ᠎ᠠ ᠳᠡᠯᠭᠡᠭᠦᠷ᠎ᠤᠨ ᠥᠷᠢᠰᠥᠯᠳᠦᠬᠦ ᠬᠦᠴᠦᠨ ᠵᠶ᠋ᠡᠨ ᠳᠡᠭᠡᠭᠰᠢᠯᠡᠭᠦᠯᠬᠦ᠎ᠳᠤ ᠮᠥᠩᠭᠥᠨ ᠭᠦᠢᠯᠭᠡᠭᠡᠨ᠎ᠤ ᠳᠡᠮᠵᠢᠯᠭᠡ ᠬᠠᠩᠭ᠋ᠠᠪᠠ  ᠃
      ᠣᠷᠴᠢᠮ᠎ᠤᠨ ᠵᠢᠯ᠂ ᠠᠯᠠᠱ᠌ᠠ ᠠᠢ᠌ᠮᠠᠭ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠲᠠᠰᠤᠷᠠᠯᠲᠠ ᠥᠬᠡᠶ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠵᠤ ᠪᠣᠶ᠂ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 24 ᠵᠤᠷᠪᠤᠰ ᠵᠡᠷᠭᠡ ᠰᠢᠨ᠎ᠡ ᠵᠢ ᠡᠭᠦᠳᠬᠦ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠪᠡ᠂ ᠲᠣᠰ ᠤᠳᠠᠭ᠋ᠠᠨ᠎ᠤ ᠵᠠᠰᠠᠭ᠎ᠤᠨ ᠣᠷᠳᠣᠨ ᠮᠥᠩᠭᠥᠨ ᠭᠦᠢᠯᠭᠡᠭᠡ ᠠᠵᠤ ᠠᠬᠤᠢ᠌ᠯᠠᠯ᠎ᠢ ᠵᠣᠯᠭ᠋ᠠᠭᠤᠯᠬᠤ ᠬᠤᠷᠠᠯ ᠬᠤᠷᠠᠯᠳᠤᠪᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠥᠩᠭᠥᠨ ᠭᠦᠢᠯᠭᠡᠭᠡᠨ᠎ᠤ ᠠᠭᠤᠰᠤᠯᠴᠠᠨ ᠬᠥᠭᠵᠢᠬᠦ ᠵᠢ ᠬᠠᠢ᠌ᠨ ᠰᠦᠪᠡᠭᠴᠢᠯᠡᠨ᠎ᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠢ ᠬᠠᠪᠰᠤᠷᠴᠤ ᠪᠡᠯᠡ ᠲᠣᠬᠢᠷᠠᠭᠤᠯᠬᠤ ᠠᠷᠭ᠎ᠠ ᠵᠠᠮ᠎ᠢ ᠥᠷᠭᠡᠳᠬᠡᠬᠦ᠎ᠨᠢ ᠴᠢᠬᠤᠯᠠ ᠠᠴᠢ ᠬᠣᠯᠪᠣᠭᠳᠠᠯ᠎ᠲᠠᠢ ᠶᠤᠮ᠂ ᠳᠠᠷᠠᠭ᠎ᠠ ᠠᠯᠬᠤᠮ᠂ ᠠᠯᠠᠱ᠌ᠠ ᠠᠢ᠌ᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠡᠯ᠎ᠡ ᠵᠦᠢᠯ᠎ᠤᠨ ᠠᠷᠭ᠎ᠠ ᠬᠡᠮᠵᠢᠶ᠎ᠡ ᠵᠢ ᠦᠷᠭᠦᠯᠵᠢᠯᠡᠨ ᠨᠠᠢ᠌ᠳᠠᠪᠤᠷᠢᠵᠢᠭᠤᠯᠤᠨ᠎ᠠ᠂ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠯᠤᠭ᠎ᠠ ᠵᠢᠨ ᠨᠡᠪᠲᠡᠷᠡᠯᠴᠡᠭᠡ ᠬᠠᠮᠵᠢᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠶ᠂ ᠰᠢᠨᠵᠢᠯᠡᠬᠦ ᠤᠬᠠᠭ᠋ᠠᠨ ᠮᠡᠷᠭᠡᠵᠢᠯ ᠮᠥᠩᠭᠥᠨ ᠭᠦᠢᠯᠭᠡᠭᠡᠨ᠎ᠤ ᠰᠠᠭ᠋ᠠᠳ ᠥᠬᠡᠶ ᠨᠡᠪᠲᠡᠷᠡᠬᠦ ᠵᠠᠮ᠎ᠢ ᠨᠡᠪᠲᠡᠷᠡᠭᠦᠯᠦᠨ᠎ᠡ᠂ ᠠᠵᠤ ᠠᠬᠤᠢ᠌ᠯᠠᠯ᠎ᠤᠨ ᠬᠦᠴᠢᠷᠳᠡᠯ᠎ᠢ ᠰᠢᠢᠳᠪᠦᠷᠢᠯᠡᠬᠦ᠎ᠳᠤ ᠬᠦᠴᠦᠨ ᠨᠡᠮᠡᠷᠢᠯᠡᠨ᠎ᠡ᠂ ᠠᠯᠠᠱ᠌ᠠ ᠠᠢ᠌ᠮᠠᠭ᠎ᠤᠨ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ  ᠃ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢᠨ ᠲᠥᠯᠥᠭᠡ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠡᠯ᠎ᠡ ᠵᠦᠢᠯ᠎ᠤᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ ᠮᠥᠩᠭᠥᠨ ᠭᠦᠢᠯᠭᠡᠭᠡᠨ᠎ᠤ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠂ 9 ᠰᠠᠷ᠎ᠠ ᠵᠢᠨ 8᠎ᠤ ᠡᠳᠦᠷ᠂ 《ᠠᠯᠠᠱ᠌ᠠ ᠠᠢ᠌ᠮᠠᠭ᠎ᠤᠨ ᠮᠥᠩᠭᠥᠨ ᠭᠦᠢᠯᠭᠡᠭᠡᠨ ᠵᠶ᠋ᠡᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠰᠣᠶᠣᠯ ᠵᠢᠭᠤᠯᠴᠢᠯᠠᠯ᠎ᠤᠨ ᠬᠥᠭᠵᠢᠯᠲᠡ ᠵᠢ ᠳᠡᠮᠵᠢᠬᠦ ᠵᠠᠰᠠᠭ᠎ᠤᠨ ᠣᠷᠳᠣᠨ ᠮᠥᠩᠭᠥᠨ ᠭᠦᠢᠯᠭᠡᠭᠡᠨ ᠠᠵᠤ ᠠᠬᠤᠢ᠌ᠯᠠᠯ᠎ᠤᠨ ᠵᠣᠯᠭ᠋ᠠᠯᠴᠠᠭ᠋ᠠᠨ᠎ᠤ ᠬᠤᠷᠠᠯ》 ᠪᠠᠶᠠᠨᠬᠣᠲᠠ ᠪᠠᠯᠭ᠋ᠠᠰᠤᠨ᠎ᠳᠤ ᠶᠠᠪᠤᠭᠳᠠᠪᠠ᠂ ᠠᠯᠠᠱ᠌ᠠ ᠠᠢ᠌ᠮᠠᠭ᠎ᠤᠨ ᠨᠠᠮ᠎ᠤᠨ ᠬᠣᠷᠢᠶᠠᠨ᠎ᠤ ᠭᠡᠰᠢᠭᠦᠨ᠂ ᠠᠢ᠌ᠮᠠᠭ᠎ᠤᠨ ᠳᠡᠳ᠋ ᠳᠠᠷᠤᠭ᠎ᠠ ᠵᠠᠩ ᠰᠢᠶᠤᠤ ᠹᠸᠩ ᠬᠤᠷᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠵᠡᠶ᠂ ᠠᠢ᠌ᠮᠠᠭ᠎ᠤᠨ ᠵᠠᠬᠢᠷᠭ᠎ᠠ ᠵᠢᠨ ᠬᠣᠶᠠᠳᠤᠭ᠋ᠠᠷ ᠳᠡᠰ᠎ᠤᠨ ᠪᠠᠢ᠌ᠴᠠᠭ᠋ᠠᠨ ᠰᠤᠳᠤᠯᠤᠭᠴᠢ ᠵᠧᠨ ᠰᠢᠤᠸᠠᠢ ᠬᠣᠩ᠂ ᠠᠢ᠌ᠮᠠᠭ᠎ᠤᠨ ᠰᠢᠨᠵᠢᠯᠡᠭᠡ ᠲᠧᠭᠨᠢᠭ᠎ᠤᠨ ᠲᠣᠪᠴᠢᠶ᠎ᠠ᠂ ᠮᠥᠩᠭᠥᠨ ᠭᠦᠢᠯᠭᠡᠭᠡᠨ᠎ᠤ ᠠᠯᠪᠠᠨ ᠬᠡᠷ᠂ ᠸᠸᠨ ᠯᠢᠦᠶ ᠷᠠᠳᠢᠣ᠋ ᠲᠧᠯᠸᠢᠰ᠎ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ ᠣᠨ ᠲᠣᠪᠴᠢᠶ᠎ᠠ ᠵᠡᠷᠭᠡ ᠠᠢ᠌ᠮᠠᠭ᠎ᠤᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠲᠠᠷᠢᠶᠠᠯᠠᠩ᠎ᠤᠨ ᠬᠥᠭᠵᠢᠭᠦᠯᠦᠯᠲᠡ ᠵᠢᠨ ᠬᠣᠷᠢᠶᠠᠨ᠎ᠤ ᠠᠯᠠᠱ᠌ᠠᠨ ᠠᠢ᠌ᠮᠠᠭ᠎ᠤᠨ ᠬᠤᠪᠢᠶᠠᠷᠢ ᠪᠠᠩᠬᠢ ᠵᠡᠷᠭᠡ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ᠂ ᠲᠧᠭᠨᠢᠭ ᠮᠡᠷᠭᠡᠵᠢᠯ᠂ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠲᠥᠯᠥᠭᠡᠯᠡᠭᠴᠢ ᠬᠤᠷᠠᠯ᠎ᠳᠤ ᠣᠷᠣᠯᠴᠠᠪᠠ  ᠃

ᠢᠷᠡᠯᠲᠡ᠄ ᠠᠯᠠᠱ᠌ᠠ ᠠᠢ᠌ᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            