ᠵᠠᠯᠠᠭᠤᠴᠤᠳ ᠪᠠᠭ᠋ᠠᠴᠤᠳ᠎ᠲᠤ ᠳᠤᠮᠳᠠᠳᠤ ᠵᠢᠨ ᠦᠨᠳᠦᠰᠦᠲᠡᠨ᠎ᠤ ᠰᠢᠯᠢᠳᠡᠭ ᠤᠯᠠᠮᠵᠢᠯᠠᠯᠲᠤ ᠰᠣᠶᠣᠯ᠎ᠤᠨ ᠵᠣᠷᠢᠭ ᠰᠠᠨᠠᠭ᠋ᠠᠨ᠎ᠤ ᠠᠭᠤᠯᠤᠭᠳᠠᠬᠤᠨ᠎ᠢ ᠤᠯᠠᠮ ᠨᠢᠭᠡ ᠠᠯᠬᠤᠮ ᠣᠢ᠌ᠯᠠᠭ᠋ᠠᠭᠤᠯᠵᠤ᠂ ᠵᠠᠯᠠᠭᠤᠴᠤᠳ ᠪᠠᠭ᠋ᠠᠴᠤᠳ᠎ᠢ ᠬᠥᠲᠥᠯᠥᠨ ᠵᠢᠯᠣᠭᠣᠳᠴᠤ ᠪᠠᠢ᠌ᠭ᠋ᠠᠳ ᠰᠣᠶᠣᠯ᠎ᠤᠨ ᠭᠧᠨ᠎ᠢ ᠤᠬᠠᠮᠰᠠᠷ᠎ᠠᠴᠠ᠎ᠪᠠᠨ ᠦᠷᠭᠦᠯᠵᠢᠯᠡᠭᠦᠯᠬᠦ᠂ ᠰᠣᠶᠣᠯ᠎ᠤᠨ ᠢᠲᠡᠭᠡᠯ᠎ᠢ᠎ᠨᠢ ᠨᠡᠮᠡᠭᠳᠡᠭᠦᠯᠬᠦ᠂ ᠤᠯᠠᠮᠵᠢᠯᠠᠯᠲᠤ ᠰᠣᠶᠣᠯ᠎ᠤᠨ ᠮᠡᠳᠡᠯᠭᠡ ᠵᠢ ᠲᠦᠭᠡᠮᠡᠯᠵᠢᠭᠦᠯᠬᠦ ᠵᠢᠨ ᠲᠥᠯᠥᠭᠡ᠂ 9 ᠳ᠋ᠦ᠍ᠭᠡᠷ ᠰᠠᠷ᠎ᠠ ᠵᠢᠨ 24᠎ᠤ ᠡᠳᠦᠷ᠎ᠤᠨ ᠦᠳᠡ ᠵᠢᠨ ᠬᠣᠢ᠌ᠨ᠎ᠠ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠬᠥᠬᠡᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠳᠣᠨ᠂ ᠬᠥᠬᠡᠬᠣᠲᠠ ᠵᠢᠨ ᠵᠠᠯᠠᠭᠤᠴᠤᠳ ᠪᠠᠭ᠋ᠠᠴᠤᠳ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠨᠡᠢ᠌ᠭᠡᠮᠯᠢᠭ᠎ᠲᠠᠢ ᠬᠠᠮᠲᠤᠷᠠᠨ 《ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠬᠣᠷᠢᠳᠤᠭ᠋ᠠᠷ ᠶᠡᠬᠡ ᠬᠤᠷᠠᠯ᠎ᠤᠨ ᠢᠷᠡᠭᠡᠳᠦᠶ ᠵᠢ ᠪᠠᠶᠠᠷᠯᠠᠨ ᠤᠭᠲᠤᠬᠤ》 ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠡᠳᠦᠷ᠎ᠤᠨ ᠮᠣᠷᠢᠨ ᠬᠤᠭᠤᠷ᠎ᠤᠨ ᠭᠣᠤᠯ ᠰᠡᠳᠦᠪᠲᠦ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠯᠠᠭ᠎ᠠ ᠵᠢ ᠥᠷᠨᠢᠭᠦᠯᠵᠦ᠂ 18 ᠪᠠᠭ᠋ᠠᠴᠤᠳ ᠬᠡᠦᠬᠡᠳ ᠥᠪᠥᠷ ᠮᠣᠩᠭᠣᠯ᠎ᠤᠨ ᠮᠣᠷᠢᠨ ᠬᠤᠭᠤᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠠᠭᠤᠷᠢᠨ ᠭᠠᠵᠠᠷ᠎ᠲᠤ ᠬᠦᠷᠴᠦ᠂ ᠥᠪᠥᠷ ᠮᠣᠩᠭᠣᠯ᠎ᠤᠨ ᠤᠯᠠᠮᠵᠢᠯᠠᠯᠲᠤ ᠬᠥᠭᠵᠢᠮ᠎ᠤᠨ ᠮᠣᠷᠢᠨ ᠬᠤᠭᠤᠷ ᠦᠢᠯᠡᠳᠬᠦ ᠤᠷᠠᠯᠠᠯ᠎ᠢ ᠲᠤᠬᠠᠶ ᠵᠢᠨ ᠭᠠᠵᠠᠷ᠎ᠲᠤᠨᠢ ᠲᠣᠭᠣᠷᠢᠨ ᠦᠵᠡᠵᠦ ᠣᠢ᠌ᠯᠠᠭ᠋ᠠᠨ᠂ ᠦᠨᠳᠦᠰᠦᠲᠡᠨ᠎ᠤ ᠤᠷᠠᠯᠢᠭ᠎ᠤᠨ ᠷᠢᠳᠢ ᠰᠢᠳᠢ ᠵᠢ ᠃
ᠮᠣᠷᠢᠨ ᠬᠤᠭᠤᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭᠴᠢ᠂ ᠥᠪᠥᠷ ᠮᠣᠩᠭᠣᠯ᠎ᠤᠨ ᠮᠣᠷᠢᠨ ᠬᠤᠭᠤᠷ᠎ᠤᠨ ᠨᠡᠢ᠌ᠭᠡᠮᠯᠢᠭ᠎ᠤᠨ ᠭᠡᠰᠢᠭᠦᠨ᠂ ᠵᠠᠯᠠᠭᠤ ᠮᠣᠷᠢᠨ ᠬᠤᠭᠤᠷ᠎ᠤᠨ ᠬᠥᠭᠵᠢᠮᠴᠢᠨ ᠲᠤᠯᠭ᠋ᠠᠭᠤᠷᠢ ᠪᠠᠭᠰᠢ ᠵᠠᠯᠠᠭᠤᠴᠤᠳ ᠪᠠᠭ᠋ᠠᠴᠤᠳ ᠵᠢᠴᠢ ᠭᠡᠷ᠎ᠤᠨ ᠠᠬᠠᠮᠠᠳ᠎ᠢ ᠳᠠᠭ᠋ᠠᠭᠤᠯᠤᠨ ᠮᠣᠷᠢᠨ ᠬᠤᠭᠤᠷ ᠦᠢᠯᠡᠳᠬᠦ ᠤᠷ᠎ᠠ ᠮᠡᠷᠭᠡᠵᠢᠯ᠎ᠤᠨ ᠦᠵᠡᠭᠦᠯᠭᠡ ᠵᠢᠨ ᠣᠷᠳᠣᠨ᠎ᠢ ᠲᠣᠭᠣᠷᠢᠨ ᠦᠵᠡᠪᠡ ᠃ ᠲᠤᠯᠭ᠋ᠠᠭᠤᠷᠢ ᠪᠠᠭᠰᠢ᠎ᠨᠢ ᠵᠠᠯᠠᠭᠤᠴᠤᠳ ᠪᠠᠭ᠋ᠠᠴᠤᠳ ᠪᠣᠯᠤᠨ ᠭᠡᠷ᠎ᠤᠨ ᠠᠬᠠᠮᠠᠳ᠎ᠲᠤ ᠮᠣᠷᠢᠨ ᠬᠤᠭᠤᠷ᠎ᠤᠨ ᠶᠡᠬᠡ ᠪᠠᠭᠰᠢ ᠦᠯᠵᠡᠢ ᠵᠢᠨ ᠠᠳᠠᠯᠢ ᠪᠤᠰᠤ ᠬᠤᠭᠤᠴᠠᠭ᠋ᠠᠨ᠎ᠳᠤ ᠵᠣᠬᠢᠶᠠᠭᠰᠠᠨ ᠮᠣᠷᠢᠨ ᠬᠤᠭᠤᠷ᠎ᠢ ᠳᠡᠯᠭᠡᠨ ᠦᠵᠡᠭᠦᠯᠵᠦ᠂ ᠮᠣᠷᠢᠨ ᠬᠤᠭᠤᠷ᠎ᠢ ᠪᠦᠲᠦᠭᠡᠬᠦ ᠪᠣᠯᠤᠨ ᠪᠦᠲᠦᠭᠡᠬᠦ ᠶᠠᠪᠤᠴᠠ ᠵᠢ ᠰᠣᠨᠢᠷᠬᠠᠵᠤ᠂ ᠮᠣᠷᠢᠨ ᠬᠤᠭᠤᠷ᠎ᠤᠨ ᠳᠠᠭᠤᠤ ᠡᠭᠦᠰᠭᠡᠬᠦ ᠦᠨᠳᠦᠰᠦᠯᠡᠯ᠎ᠢ ᠲᠠᠢ᠌ᠯᠪᠤᠷᠢᠯᠠᠵᠤ᠂ ᠮᠣᠷᠢᠨ ᠬᠤᠭᠤᠷ᠎ᠤᠨ ᠰᠣᠩᠭᠣᠳᠠᠭ ᠠᠶ᠎ᠠ 《ᠲᠦᠮᠡᠨ ᠠᠭᠲᠠ ᠵᠢᠨ ᠲᠦᠪᠡᠷᠭᠡᠨ》᠎ᠢ ᠲᠤᠬᠠᠢ ᠵᠢᠨ ᠲᠠᠯᠠᠪᠠᠢ᠎ᠳᠤ ᠲᠣᠭᠯᠠᠪᠠ . ᠃ ᠠᠵᠢᠯᠯᠠᠭ᠎ᠠ᠎ᠨᠢ ᠳᠡᠯᠭᠡᠨ ᠦᠵᠡᠭᠦᠯᠬᠦ᠂ ᠲᠠᠢ᠌ᠯᠪᠤᠷᠢᠯᠠᠬᠤ᠂ ᠥᠯᠢᠭᠡᠷ᠂ ᠲᠣᠭᠯᠠᠯᠲᠠ ᠭᠠᠷᠭ᠋ᠠᠬᠤ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠳᠠᠮᠵᠢᠭᠤᠯᠤᠨ ᠵᠠᠯᠠᠭᠤᠴᠤᠳ ᠪᠠᠭ᠋ᠠᠴᠤᠳ᠎ᠲᠤ ᠮᠠᠨ᠎ᠤ ᠥᠪᠥᠷ ᠮᠣᠩᠭᠣᠯ᠎ᠤᠨ ᠦᠨᠳᠦᠰᠦᠲᠡᠨ᠎ᠤ ᠤᠯᠠᠮᠵᠢᠯᠠᠯᠲᠤ ᠬᠥᠭᠵᠢᠮ᠎ᠤᠨ ᠵᠢᠮᠰᠡᠭ ᠮᠣᠷᠢᠨ ᠬᠤᠭᠤᠷ᠎ᠤᠨ ᠷᠢᠳᠢ ᠰᠢᠳᠢ ᠵᠢ ᠭᠦᠨᠵᠡᠭᠡᠶ ᠣᠢ᠌ᠯᠠᠭ᠋ᠠᠭᠤᠯᠵᠤ᠂ ᠵᠠᠯᠠᠭᠤᠴᠤᠳ ᠪᠠᠭ᠋ᠠᠴᠤᠳ᠎ᠤᠨ ᠰᠤᠷᠤᠯᠴᠠᠨ ᠰᠦᠪᠡᠭᠴᠢᠯᠡᠬᠦ ᠬᠦᠰᠡᠯ ᠡᠷᠡᠮᠡᠯᠵᠡᠯ᠎ᠢ ᠬᠥᠭᠵᠢᠭᠡᠪᠡ ᠃
ᠲᠣᠰ ᠤᠳᠠᠭ᠋ᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠠᠵᠢᠯᠯᠠᠭ᠎ᠠ᠎ᠨᠢ ᠬᠡᠦᠬᠡᠳ ᠪᠣᠯᠤᠨ ᠤᠯᠠᠮᠵᠢᠯᠠᠭᠴᠢ ᠵᠢᠨ ᠬᠣᠭᠣᠷᠣᠨᠳᠣᠬᠢ ᠵᠠᠶ ᠵᠢ ᠪᠠᠭ᠋ᠠᠰᠬᠠᠵᠤ᠂ ᠵᠠᠯᠠᠭᠤᠴᠤᠳ ᠪᠠᠭ᠋ᠠᠴᠤᠳ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠤᠬᠠᠶ ᠣᠢ᠌ᠯᠠᠭ᠋ᠠᠯᠲᠠ ᠵᠢ ᠨᠡᠮᠡᠭᠳᠡᠭᠦᠯᠵᠦ᠂ ᠵᠠᠯᠠᠭᠤᠴᠤᠳ ᠪᠠᠭ᠋ᠠᠴᠤᠳ᠎ᠤᠨ ᠦᠨᠳᠦᠰᠦᠲᠡᠨ᠎ᠤ ᠣᠮᠣᠭᠰᠢᠯᠢ ᠨᠡᠮᠡᠭᠳᠡᠭᠦᠯᠵᠦ᠂ ᠵᠠᠯᠠᠭᠤᠴᠤᠳ ᠪᠠᠭ᠋ᠠᠴᠤᠳ᠎ᠤᠨ ᠰᠣᠶᠣᠯ᠂ ᠡᠬᠡ ᠤᠯᠤᠰ ᠵᠶ᠋ᠠᠨ ᠬᠠᠢ᠌ᠷᠠᠯᠠᠬᠤ ᠰᠡᠳᠬᠢᠯᠭᠡ ᠵᠢ ᠬᠥᠭᠵᠢᠭᠡᠬᠦ ᠵᠢᠨ ᠬᠠᠮᠲᠤ ᠪᠠᠰᠠ ᠪᠠᠭ᠋ᠠᠴᠤᠳ ᠬᠡᠦᠬᠡᠳ᠎ᠤᠨ ᠰᠣᠶᠣᠯ᠎ᠤᠨ ᠥᠪ᠎ᠤᠨ ᠲᠤᠬᠠᠶ ᠲᠠᠨᠢᠨ ᠮᠡᠳᠡᠬᠦᠶ ᠵᠢᠨ ᠲᠦᠪᠰᠢᠨ ᠪᠠ ᠬᠠᠮᠠᠭ᠋ᠠᠯᠠᠬᠤ ᠤᠬᠠᠮᠰᠠᠷ᠎ᠢ ᠳᠡᠭᠡᠭᠰᠢᠯᠡᠭᠦᠯᠪᠡ ᠃