1 ᠰᠠᠷ᠎ᠠ ᠵᠢᠨ 6᠎ᠤ ᠡᠳᠦᠷ᠂ ᠤᠯᠠᠭ᠋ᠠᠨᠴᠠᠪ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶᠠᠨ᠎ᠤ ᠳᠠᠷᠤᠭ᠎ᠠ ᠸᠠᠩ ᠴᠢᠩ ᠪᠦᠯᠬᠦᠮ ᠳᠠᠭ᠋ᠠᠭᠤᠯᠤᠨ ᠴᠠᠬᠠᠷ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠲᠤ ᠬᠦᠷᠴᠦ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠰᠤᠯᠠ ᠲᠠᠯᠪᠢᠭᠳᠠᠵᠤ ᠪᠠᠢ᠌ᠭ᠎ᠠ ᠡᠬᠢ ᠪᠠᠶᠠᠯᠢᠭ᠎ᠤᠨ ᠡᠯᠧᠮᠧᠨ᠋ᠲ᠎ᠢ ᠶᠡᠬᠡ᠎ᠪᠠᠷ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠱᠠᠯᠠᠪᠳᠠᠭᠤᠯᠤᠨ ᠵᠢᠯᠣᠭᠣᠳᠪᠠ᠃
ᠪᠠᠢ᠌ᠴᠠᠭ᠋ᠠᠨ ᠰᠤᠳᠤᠯᠬᠤ ᠳᠤᠭᠤᠢ᠌ᠯᠠᠩ ᠰᠤᠯᠠ ᠲᠠᠯᠪᠢᠭᠳᠠᠵᠤ ᠪᠠᠢ᠌ᠭ᠎ᠠ ᠡᠬᠢ ᠪᠠᠶᠠᠯᠢᠭ᠎ᠤᠨ ᠡᠯᠧᠮᠧᠨ᠋ᠲ᠎ᠢ ᠶᠡᠬᠡ᠎ᠪᠠᠷ ᠡᠬᠢᠯᠡᠭᠦᠯᠬᠦ ᠠᠵᠢᠯ᠎ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠴᠠᠬᠠᠷ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠵᠥᠪᠰᠢᠶᠡᠷᠡᠬᠦ ᠵᠢ ᠬᠦᠯᠢᠶᠡᠵᠦ ᠪᠠᠢ᠌ᠭ᠎ᠠ ᠲᠥᠷᠥᠯ ᠵᠦᠢᠯ᠎ᠤᠨ ᠶᠡᠬᠡ ᠰᠠᠭᠤᠷᠢ ᠵᠢᠨ ᠪᠠᠢ᠌ᠳᠠᠯ᠂ ᠳᠠᠷᠤᠭᠳᠠᠵᠤ ᠪᠠᠢ᠌ᠭ᠎ᠠ ᠪᠠᠯᠠ ᠮᠥᠩᠭᠥ ᠵᠢᠨ ᠶᠡᠬᠡ ᠰᠠᠭᠤᠷᠢ ᠵᠢᠨ ᠪᠠᠢ᠌ᠳᠠᠯ᠂ ᠵᠥᠪᠰᠢᠶᠡᠷᠡᠭᠡᠳ ᠬᠠᠩᠭ᠋ᠠᠭᠰᠠᠨ ᠥᠬᠡᠶ ᠪᠠ ᠰᠤᠯᠠ ᠲᠠᠯᠪᠢᠭᠳᠠᠵᠤ ᠪᠠᠢ᠌ᠭ᠎ᠠ ᠭᠠᠵᠠᠷ ᠰᠢᠷᠣᠶ ᠵᠢᠨ ᠶᠡᠬᠡ ᠰᠠᠭᠤᠷᠢ ᠵᠢᠨ ᠪᠠᠢ᠌ᠳᠠᠯ᠂ ᠰᠠᠭᠤᠷᠢ ᠲᠥᠬᠥᠭᠡᠷᠦᠮᠵᠢ ᠵᠢᠨ ᠬᠠᠳᠠᠭ᠋ᠠᠯᠠᠯᠲᠠ ᠵᠢᠨ ᠡᠳ᠋ ᠬᠥᠷᠥᠩᠭᠡ ᠵᠢᠨ ᠶᠡᠬᠡ ᠰᠠᠭᠤᠷᠢ ᠵᠢᠨ ᠪᠠᠢ᠌ᠳᠠᠯ᠂ ᠦᠢᠯᠡᠳᠪᠦᠷᠢᠯᠡᠯ᠎ᠢ ᠵᠣᠭᠰᠣᠭ᠋ᠠᠭᠰᠠᠨ ᠠᠵᠤ ᠠᠬᠤᠢ᠌ᠯᠠᠯ ᠪᠠ ᠪᠥᠲᠥᠭᠡᠨ ᠪᠠᠢ᠌ᠭᠤᠯᠬᠤ ᠵᠢ ᠵᠣᠭᠰᠣᠭ᠋ᠠᠭᠰᠠᠨ ᠲᠥᠷᠥᠯ ᠵᠦᠢᠯ᠎ᠤᠨ ᠶᠡᠬᠡ ᠰᠠᠭᠤᠷᠢ ᠵᠢᠨ ᠪᠠᠢ᠌ᠳᠠᠯ᠂ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠡᠯ᠎ᠡ ᠵᠦᠢᠯ᠎ᠤᠨ ᠭᠦᠢᠴᠡᠳᠬᠡᠯ ᠲᠣᠭ᠎ᠠ ᠵᠢᠨ ᠶᠡᠬᠡ ᠰᠠᠭᠤᠷᠢ ᠵᠢᠨ ᠪᠠᠢ᠌ᠳᠠᠯ ᠵᠡᠷᠭᠡ ᠵᠢᠷᠭᠤᠭ᠋ᠠᠨ ᠲᠠᠯ᠎ᠠ᠎ᠠᠴᠠ ᠬᠦᠷᠢᠶᠡᠯᠡᠩ ᠲᠣᠭᠣᠷᠢᠭ᠎ᠤᠨ 《ᠲᠠᠪᠤᠨ ᠶᠡᠬᠡ ᠰᠠᠭᠤᠷᠢ》 ᠵᠢ ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠤᠭᠰᠠᠨ ᠪᠠᠢ᠌ᠳᠠᠯ᠎ᠢ ᠬᠠᠷᠢᠭᠤ ᠮᠡᠳᠡᠭᠦᠯᠪᠡ ᠃
ᠸᠠᠩ ᠴᠢᠩ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠰᠤᠯᠠ ᠲᠠᠯᠪᠢᠭᠳᠠᠵᠤ ᠪᠠᠢ᠌ᠭ᠎ᠠ ᠡᠬᠢ ᠪᠠᠶᠠᠯᠢᠭ᠎ᠤᠨ ᠡᠯᠧᠮᠧᠨ᠋ᠲ᠎ᠢ ᠶᠡᠬᠡ᠎ᠪᠠᠷ ᠪᠣᠶ ᠪᠣᠯᠭ᠋ᠠᠬᠤ ᠠᠵᠢᠯ᠎ᠤᠨ ᠲᠠᠯ᠎ᠠ᠎ᠪᠠᠷ ᠣᠯᠤᠭᠰᠠᠨ ᠠᠮᠵᠢᠯᠲᠠ ᠪᠦᠲᠦᠮᠵᠢ ᠵᠢ ᠭᠦᠢᠴᠡᠳ ᠨᠤᠲᠠᠯᠠᠭᠰᠠᠨ ᠪᠥᠭᠡᠳ ᠨᠢᠭᠡ᠎ᠳᠤ ᠬᠦᠷᠢᠶᠡᠯᠡᠩ ᠲᠣᠭᠣᠷᠢᠭ᠎ᠤᠨ᠎ᠬᠢᠨ 《ᠲᠠᠪᠤ ᠵᠢ ᠶᠡᠬᠡ᠎ᠪᠠᠷ ᠪᠣᠶ ᠪᠣᠯᠭ᠋ᠠᠬᠤ》 ᠠᠵᠢᠯ᠎ᠤᠨ ᠴᠢᠬᠤᠯᠠ ᠴᠢᠨᠠᠷ᠎ᠢ ᠭᠦᠢᠴᠡᠳ ᠲᠠᠨᠢᠵᠤ᠂ ᠪᠡᠶᠡᠴᠢ ᠴᠢᠳᠠᠮᠠᠭ᠋ᠠᠶ ᠴᠢᠨᠠᠷ ᠵᠶ᠋ᠠᠨ ᠭᠦᠢᠴᠡᠳ ᠪᠠᠳᠠᠷᠠᠭᠤᠯᠵᠤ᠂ ᠶᠡᠬᠡ᠎ᠪᠠᠷ ᠪᠣᠶ ᠪᠣᠯᠭ᠋ᠠᠬᠤ ᠠᠵᠢᠯ᠎ᠤᠨ ᠡᠯ᠎ᠡ ᠵᠦᠢᠯ᠎ᠤᠨ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢ ᠪᠦᠬᠦᠨ᠎ᠢ ᠨᠠᠢ᠌ᠳᠠᠪᠤᠷᠢᠵᠢᠭᠤᠯᠬᠤ ᠵᠢ ᠢᠳᠡᠪᠬᠢᠲᠡᠶ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ ᠃ ᠬᠣᠶᠠᠷ᠎ᠲᠤ ᠬᠦᠷᠢᠶᠡᠯᠡᠩ ᠲᠣᠭᠣᠷᠢᠭ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠵᠶ᠋ᠠᠷ ᠵᠥᠪᠰᠢᠶᠡᠷᠡᠭᠳᠡᠭᠰᠡᠨ ᠰᠠᠭᠤᠷᠢᠨ ᠳᠡᠭᠡᠷ᠎ᠡ ᠦᠷᠭᠦᠯᠵᠢᠯᠡᠨ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠴᠢᠭᠯᠡᠯ ᠵᠶ᠋ᠡᠷ ᠬᠥᠭᠵᠢᠵᠦ᠂ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ 5 ᠶᠡᠬᠡ ᠲᠥᠷᠥᠯ᠎ᠤᠨ 46 ᠵᠦᠢᠯ᠎ᠤᠨ ᠭᠦᠢᠴᠡᠳᠬᠡᠯ ᠲᠣᠭ᠎ᠠ᠎ᠪᠠᠷ ᠪᠠᠷᠢᠮᠵᠢᠶᠠᠯᠠᠨ ᠵᠥᠷᠢᠶ᠎ᠡ᠎ᠪᠠᠨ ᠡᠷᠢᠵᠦ᠂ ᠳᠤᠲᠠᠭᠤᠳᠠᠯ ᠵᠶ᠋ᠠᠨ ᠨᠥᠬᠥᠪᠥᠷᠢᠯᠡᠨ᠂ ᠴᠢᠩᠭ᠎ᠠ ᠬᠦᠴᠦᠲᠡᠶ ᠠᠵᠢᠯ᠎ᠤᠨ ᠠᠷᠭ᠎ᠠ ᠬᠡᠮᠵᠢᠶ᠎ᠡ᠎ᠪᠠᠷ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠢ ᠡᠭᠦᠳᠦᠨ ᠪᠠᠢ᠌ᠭᠤᠯᠬᠤ ᠠᠵᠢᠯ᠎ᠢ ᠠᠬᠢᠭᠤᠯᠬᠤ ᠬᠡᠷᠡᠭᠲᠡᠶ ᠃