ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠪᠦ᠋ᠦ ᠹᠦ᠋ ᠲᠣᠰᠬᠣᠨ᠎ᠳᠤ ᠭᠦᠨᠵᠡᠭᠡᠢ᠌ᠷᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠲᠤᠯᠭ᠋ᠠᠭᠤᠷᠢᠯᠠᠬᠤ ᠪᠠᠢ᠌ᠴᠠᠭ᠋ᠠᠨ ᠰᠤᠳᠤᠯᠤᠯᠲᠠ ᠥᠷᠨᠢᠭᠦᠯᠪᠡ
ᠨᠡᠶ᠋ᠢᠲᠡᠯᠡᠭᠰᠡᠨ ᠴᠠᠭ᠄ 2023-01-10


    1 ᠰᠠᠷ᠎ᠠ ᠵᠢᠨ 6᠎ᠤ ᠡᠳᠦᠷ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠯᠢ ᠺᠦᠩ ᠶᠠᠨ ᠨᠠᠷ ᠦᠴᠤᠸᠠᠨ ᠰᠢᠶᠠᠨ᠎ᠤ ᠱᠠᠩᠲᠤᠬᠠᠢ ᠰᠢᠶᠠᠩ᠎ᠤᠨ ᠡᠦ ᠵᠢᠶᠠ ᠲᠣᠰᠬᠣᠨ᠎ᠳᠤ ᠬᠦᠷᠴᠦ ᠪᠦ᠋ᠦ ᠹᠦ᠋ ᠲᠣᠰᠬᠣᠨ᠎ᠳᠤ ᠭᠦᠨᠵᠡᠭᠡᠢ᠌ᠷᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠲᠤᠯᠭ᠋ᠠᠭᠤᠷᠢᠯᠠᠬᠤ ᠪᠠᠢ᠌ᠴᠠᠭ᠋ᠠᠨ ᠰᠤᠳᠤᠯᠤᠯᠲᠠ ᠥᠷᠨᠢᠭᠦᠯᠦᠭᠰᠡᠨ ᠪᠥᠭᠡᠳ ᠪᠦ᠋ᠦ ᠹᠦ᠋ ᠲᠣᠰᠬᠣᠨ᠎ᠳᠤ 10 ᠲᠦᠮᠡᠨ ᠲᠥᠭᠥᠷᠢᠭ᠎ᠤᠨ ᠥᠷᠲᠡᠭ ᠪᠥᠬᠥᠶ 10 ᠬᠠᠷ᠎ᠠ ᠶᠠᠰᠤᠲᠤ ᠢᠮᠠᠭ᠋ᠠᠨ᠎ᠤ ᠬᠤᠴᠠ ᠬᠦᠷᠭᠡᠪᠡ  ᠃ ᠬᠥᠬᠡᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶᠠᠨ᠎ᠤ ᠳᠥᠷᠪᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ᠂ ᠬᠥᠳᠡᠭᠡ ᠲᠣᠰᠬᠣᠨ᠎ᠤ ᠰᠠᠯᠠᠭ᠎ᠠ ᠵᠢᠨ ᠳᠠᠷᠤᠭ᠎ᠠ ᠯᠢᠦ ᠪᠥᠸᠧ ᠵᠢᠴᠢ ᠬᠣᠯᠪᠣᠭᠳᠠᠯ ᠪᠦᠬᠦᠢ ᠠᠵᠢᠯᠲᠠᠨ ᠪᠠᠷ᠎ᠠ ᠪᠣᠯᠪᠠ  ᠃
    ᠤᠢ᠍ᠢ᠍ᠷ᠎ᠠ ᠵᠢᠨ ᠵᠢᠯ᠎ᠠᠴᠠ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠲᠣᠪᠴᠢᠢ᠎ᠠ ᠢᠮᠠᠭᠲᠠ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠭᠣᠣᠯᠳᠠᠯᠭ᠎ᠠ᠎ᠲᠠᠢ ᠠᠵᠢᠯ ᠪᠣᠯᠭ᠋ᠠᠨ ᠠᠳᠬᠤᠵᠤ᠂ ᠨᠢᠭᠡᠳᠦᠭᠡᠷ ᠱᠦᠵᠢ ᠵᠢ ᠲᠣᠮᠢᠯᠠᠨ ᠰᠠᠭᠤᠯᠭ᠋ᠠᠬᠤ ᠠᠵᠢᠯ᠎ᠤᠨ ᠡᠮᠦᠨ᠎ᠡ ᠬᠠᠷᠠᠭᠤᠯ᠎ᠤᠨ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠵᠤ᠂ ᠳᠠᠭ᠋ᠠᠭ᠋ᠠᠴᠢᠯᠠᠨ ᠲᠡᠳᠬᠦᠬᠦ ᠲᠣᠰᠬᠣᠨ᠎ᠲᠠᠢ ᠬᠠᠮᠲᠤ᠎ᠪᠠᠷ ᠭᠠᠷᠲᠠᠴᠠ᠎ᠪᠠᠨ ᠣᠨᠣᠪᠴᠢᠲᠠᠢ ᠣᠯᠵᠤ᠂ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠡᠬᠢ ᠪᠠᠶᠠᠯᠢᠭ᠎ᠢ ᠬᠤᠷᠠᠮᠳᠤᠭᠤᠯᠵᠤ᠂ ᠦᠢ᠍ᠯᠡᠳᠪᠦᠷᠢᠯᠡᠯ᠎ᠤᠨ ᠬᠡᠷᠡᠭᠴᠡᠭᠡ᠎ᠪᠠᠷ ᠤᠳᠤᠷᠢᠳᠤᠮᠵᠢ ᠪᠣᠯᠭ᠋ᠠᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠵᠦ᠂ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠲᠠᠷᠢᠶᠠᠯᠠᠩ᠎ᠤᠨ ᠦᠷ᠎ᠡ ᠠᠰᠢᠭ᠎ᠢ ᠨᠡᠮᠡᠭᠳᠡᠭᠦᠯᠬᠦ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠴᠢᠳᠠᠯ ᠨᠡᠮᠡᠷᠢᠯᠡᠪᠡ  ᠃ ᠳᠡᠭᠡᠷ᠎ᠡ ᠲᠣᠬᠣᠢ ᠰᠢᠶᠠᠩ᠎ᠤᠨ ᠡᠦ ᠵᠢᠶᠠ ᠲᠣᠰᠬᠣᠨ᠎ᠳᠤ᠂ ᠯᠢ ᠺᠦᠩ ᠶᠠᠨ ᠨᠠᠷ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶᠠᠨ᠎ᠤ ᠲᠣᠰᠬᠣᠨ᠎ᠳᠤ ᠰᠠᠭᠤᠭ᠎ᠠ ᠨᠢᠭᠡᠳᠦᠭᠡᠷ ᠱᠦᠵᠢ ᠶᠠᠩ ᠬᠣᠩ ᠴᠢ ᠵᠢ ᠪᠣᠯᠭᠣᠭ᠋ᠠᠨ ᠦᠵᠡᠪᠡ᠂ ᠲᠤᠬᠠᠶ ᠵᠢᠨ ᠭᠠᠵᠠᠷ᠎ᠲᠤ ᠲᠣᠰᠬᠣᠨ᠎ᠤ ᠳᠦᠷᠢ ᠲᠥᠷᠬᠦ ᠪᠠ ᠠᠵᠢᠯᠯᠠᠬᠤ ᠭᠠᠵᠠᠷ᠎ᠢ ᠪᠠᠢ᠌ᠴᠠᠭ᠋ᠠᠨ ᠦᠵᠡᠪᠡ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠬᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠤᠶᠠᠯᠳᠤᠭᠤᠯᠬᠤ ᠵᠢ ᠪᠠᠢ᠌ᠴᠠᠭ᠋ᠠᠨ ᠰᠤᠳᠤᠯᠵᠤ ᠵᠢᠭ᠋ᠠᠨ ᠵᠢᠯᠣᠭᠣᠳᠪᠠ᠂ ᠲᠡᠷᠡᠴᠢᠯᠡᠨ ᠶᠠᠩ ᠬᠣᠩ ᠴᠢ ᠵᠡᠷᠭᠡ ᠲᠣᠰᠬᠣᠨ᠎ᠤ ᠠᠷᠠᠳ᠎ᠤᠨ ᠵᠥᠪᠯᠡᠯ᠎ᠤᠨ ᠠᠵᠢᠯᠲᠠᠳ᠎ᠲᠠᠢ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠂ ᠨᠢᠭᠡᠳᠦᠭᠡᠷ ᠱᠦᠵᠢ ᠵᠢᠨ ᠡᠳᠦᠷ ᠲᠤᠲᠤᠮ᠎ᠤᠨ ᠠᠵᠢᠯ ᠪᠠ ᠠᠮᠢᠳᠤᠷᠠᠯ᠎ᠤᠨ ᠪᠠᠢ᠌ᠳᠠᠯ᠎ᠢ ᠨᠠᠷᠢᠨ ᠣᠢ᠌ᠯᠠᠭ᠋ᠠᠪᠠ᠂ ᠭᠠᠴᠠᠭ᠋ᠠᠨ᠎ᠤ ᠠᠷᠠᠳ᠎ᠤᠨ ᠦᠢ᠍ᠯᠡᠳᠪᠦᠷᠢᠯᠡᠯ᠂ ᠠᠮᠢᠳᠤᠷᠠᠬᠤ᠂ ᠣᠷᠣᠯᠭ᠎ᠠ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠ ᠲᠣᠰᠬᠣᠨ᠎ᠤ ᠠᠷᠠᠳ᠎ᠤᠨ ᠣᠳᠣᠬᠠᠨ᠎ᠤ ᠡᠷᠡᠭᠦᠯ ᠮᠡᠨᠳᠦ ᠵᠢᠴᠢ ᠣᠷᠣᠰᠢᠵᠤ ᠪᠠᠢ᠌ᠭ᠎ᠠ ᠬᠦᠴᠢᠷᠳᠡᠯ ᠠᠰᠠᠭᠤᠳᠠᠯ ᠵᠡᠷᠭᠡ ᠪᠠᠢ᠌ᠳᠠᠯ᠂ ᠲᠣᠰᠬᠣᠨ᠎ᠤ ᠠᠷᠠᠳ᠎ᠲᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ᠎ᠢ ᠭᠦᠢᠴᠡᠳ ᠪᠠᠳᠠᠷᠠᠭᠤᠯᠬᠤ ᠬᠡᠷᠡᠭᠲᠡᠶ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠦᠢᠯᠡᠳᠦᠯ᠎ᠢ ᠠᠰᠢᠭᠯᠠᠬᠤ᠂ ᠡᠯ᠎ᠡ ᠵᠦᠢ᠍ᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠯᠪᠠᠰᠤᠷᠠᠭᠤᠯᠤᠯ ᠬᠢᠭᠡᠳ ᠦᠢ᠍ᠯᠡᠴᠢᠯᠡᠭᠡᠨ᠎ᠢ ᠰᠠᠢ᠌ᠲᠤᠷ ᠬᠢᠨ᠎ᠡ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠪᠡᠶᠡᠯᠡᠭᠦᠯᠵᠦ ᠲᠠᠷᠢᠮᠠᠯ᠎ᠤᠨ ᠦᠢᠯᠡᠰ᠎ᠢ ᠬᠥᠭᠵᠢᠭᠦᠯᠦᠨ᠎ᠡ᠂ ᠲᠡᠵᠢᠭᠡᠨ ᠦᠷᠡᠵᠢᠭᠦᠯᠬᠦ ᠦᠢᠯᠡᠰ ᠬᠠᠮᠢᠶ᠎ᠠ ᠪᠦᠬᠦᠢ ᠰᠠᠨᠠᠭᠤᠯᠭ᠎ᠠ ᠭᠠᠷᠭ᠋ᠠᠪᠠ  ᠃
    ᠲᠣᠰ ᠤᠳᠠᠭ᠎ᠠ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠎ᠠᠴᠠ ᠪᠦ᠋ᠦ ᠹᠦ᠋ ᠲᠣᠰᠬᠣᠨ᠎ᠳᠤ ᠪᠡᠯᠡᠭᠯᠡᠭᠰᠡᠨ ᠲᠠᠯ᠎ᠠ ᠨᠤᠲᠤᠭ᠎ᠤᠨ ᠬᠠᠷ᠎ᠠ ᠶᠠᠰᠤᠲᠤ ᠬᠣᠨᠢ ᠤᠬᠤᠨ᠎ᠠ᠎ᠨᠢ ᠲᠣᠰᠬᠣᠨ᠎ᠤ ᠲᠠᠷᠢᠶᠠᠴᠢᠨ ᠡᠷᠦᠬᠡ᠎ᠳᠤ ᠪᠠᠭ᠎ᠠ ᠬᠡᠮᠵᠢᠶᠡᠨ᠎ᠤ ᠨᠠᠷᠢᠯᠢᠭ ᠲᠡᠵᠢᠭᠡᠬᠦ᠎ᠳᠤ ᠲᠣᠬᠢᠷᠠᠮᠵᠢᠲᠠᠶ᠂ ᠣᠬᠣᠷ᠂ ᠲᠣᠭᠲᠠᠭᠤᠨ᠂ ᠲᠦᠷᠭᠡᠨ ᠥᠨᠳᠥᠷ ᠣᠷᠣᠯᠭ᠎ᠠ᠎ᠲᠠᠢ ᠪᠠᠶᠠᠵᠢᠯ᠎ᠤᠨ ᠰᠠᠢ᠌ᠨ ᠲᠥᠷᠥᠯ ᠵᠦᠢᠯ ᠪᠣᠯᠤᠨ᠎ᠠ  ᠃ ᠳᠠᠷᠠᠭ᠋ᠠᠴᠢ ᠵᠢᠨ ᠠᠯᠬᠤᠮ᠎ᠳᠤ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠲᠣᠪᠴᠢᠢ᠎ᠠ ᠰᠢᠨᠵᠢᠯᠡᠬᠦ ᠤᠬᠠᠭ᠋ᠠᠨ ᠲᠸᠭᠨᠢᠢ᠍ᠡ ᠮᠡᠷᠭᠡᠵᠢᠯ᠎ᠤᠨ ᠰᠠᠯᠠᠭ᠎ᠠ ᠮᠥᠴᠢᠷ᠎ᠤᠨ ᠡᠭᠦᠷᠭᠡ ᠴᠢᠳᠠᠪᠬᠢ᠎ᠪᠠᠨ ᠭᠦᠢ᠍ᠴᠡᠳ ᠪᠠᠳᠠᠷᠠᠭᠤᠯᠵᠤ᠂ ᠵᠠᠩᠭᠢᠯᠠᠭ᠎ᠠ ᠵᠢᠨ ᠭᠣᠭᠴᠣᠭ᠎ᠠ ᠵᠢ ᠴᠢᠩᠭ᠎ᠠ ᠠᠩᠬᠠᠷᠴᠤ᠂ ᠡᠯ᠎ᠡ ᠵᠦᠢ᠍ᠯ᠎ᠤᠨ ᠡᠭᠦᠷᠭᠡ ᠬᠠᠷᠢᠭᠤᠴᠠᠯᠭ᠎ᠠ᠎ᠪᠠᠨ ᠨᠠᠷᠢᠯᠢᠭ ᠪᠣᠳᠠᠲᠠᠢ ᠨᠠᠢ᠌ᠳᠠᠪᠤᠷᠢᠵᠢᠭᠤᠯᠵᠤ᠂ ᠲᠣᠰᠬᠣᠨ᠎ᠤ ᠵᠥᠪᠯᠡᠯ᠎ᠲᠠᠢ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠡᠯ᠎ᠡ ᠵᠦᠢ᠍ᠯ᠎ᠤᠨ ᠠᠵᠢᠯ ᠵᠶ᠋ᠠᠨ ᠰᠠᠢ᠌ᠲᠤᠷ ᠬᠢᠵᠦ᠂ ᠱᠠᠩᠳᠤᠬᠠᠢ ᠰᠢᠶᠠᠩ᠎ᠤᠨ ᠲᠠᠪᠤᠨ ᠬᠡᠷ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠦᠷᠭᠦᠯᠵᠢᠯᠡᠨ ᠠᠬᠢᠭᠤᠯᠤᠨ᠎ᠠ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            