ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠯᠠᠱ᠌ᠠ ᠠᠢ᠌ᠮᠠᠭ᠄ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠵᠤ ᠴᠢᠨᠠᠷ ᠰᠠᠢ᠌ᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠤᠨ᠎ᠠ
ᠨᠡᠶ᠋ᠢᠲᠡᠯᠡᠭᠰᠡᠨ ᠴᠠᠭ᠄ 2023-01-05


      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠤᠳᠤᠯᠭ᠎ᠠ ᠵᠢ ᠲᠦᠷᠭᠡᠪᠴᠢᠯᠡᠨ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭ᠋ᠠᠪᠠ  ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠣᠭᠤᠯᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠵᠤ ᠠᠬᠤᠢ᠌ᠯᠠᠯ ᠵᠶ᠋ᠠᠷ ᠤᠳᠤᠷᠢᠳᠤᠮᠵᠢ ᠪᠣᠯᠭ᠋ᠠᠭᠰᠠᠨ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠵᠢᠨ ᠭᠦᠨᠵᠡᠭᠡᠢ ᠠᠭᠤᠰᠤᠯᠴᠠᠯ᠎ᠢ ᠴᠢᠩᠭ᠋ᠠᠳᠬᠠᠵᠤ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠴᠢᠩᠭ᠋ᠠᠳᠬᠠᠵᠤ ᠰᠢᠨ᠎ᠡ ᠵᠢ ᠡᠭᠦᠳᠬᠦ ᠬᠡᠯᠬᠢᠢ᠎ᠡ ᠪᠡᠯᠡ ᠮᠥᠩᠭᠥᠨ᠎ᠤ ᠬᠡᠯᠬᠢᠢ᠎ᠡ ᠴᠢᠳᠠᠪᠤᠷᠢᠲᠠᠨ᠎ᠤ ᠬᠡᠯᠬᠢᠢ᠎ᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ  ᠃ ᠡᠨᠡ᠎ᠨᠢ ᠠᠯᠠᠱ᠌ᠠ ᠠᠢ᠌ᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯ᠎ᠳᠤ ᠤᠷᠤᠭᠰᠢᠯᠠᠬᠤ ᠴᠢᠭᠯᠡᠯ᠎ᠢ ᠵᠢᠭ᠋ᠠᠨ ᠥᠭᠴᠦ᠂ ᠦᠨᠳᠦᠰᠦᠨ ᠵᠢᠷᠤᠮᠯᠠᠯ ᠬᠠᠩᠭ᠋ᠠᠪᠠ  ᠃
      ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠣᠷᠣᠨ᠎ᠢ ᠳᠡᠰ ᠳᠡᠪᠰᠢᠭᠦᠯᠦᠨ ᠡᠭᠦᠳᠦᠨ ᠪᠠᠢ᠌ᠭᠤᠯᠬᠤ ᠠᠵᠢᠯ ᠴᠢᠬᠤᠯᠠ ᠶᠡᠬᠡ ᠠᠬᠢᠴᠠ᠎ᠲᠠᠢ ᠪᠣᠯᠪᠠ; ᠠᠯᠠᠱ᠌ᠠ ᠠᠢ᠌ᠮᠠᠭ᠎ᠤᠨ ᠱᠠᠩ ᠷᠦᠩ ᠶᠤᠸᠠᠨ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠳᠤ ᠫᠠᠢ᠌ᠰᠠ ᠡᠯᠭᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠱᠠᠩᠨᠠᠯ ᠨᠥᠬᠥᠪᠥᠷᠢ ᠵᠢᠨ ᠪᠠᠯᠠ ᠮᠥᠩᠭᠥ ᠵᠢᠨ ᠳᠡᠮᠵᠢᠯᠭᠡ ᠵᠢ ᠤᠯᠪᠠ; 《ᠬᠠᠷ᠎ᠠ ᠵᠢᠮᠢᠰ ᠴᠢᠨ᠋ ᠊ᠣ᠎ᠠ ᠵᠢᠨ ᠬᠠᠷᠮᠠᠭ᠎ᠢ ᠪᠣᠢ᠌ᠵᠢᠭᠤᠯᠤᠨ ᠪᠣᠢ᠌ᠵᠢᠭᠤᠯᠬᠤ ᠮᠡᠷᠭᠡᠵᠢᠯ ᠵᠢᠴᠢ ᠪᠦᠲᠦᠭᠡᠭᠳᠡᠬᠦᠨ᠎ᠢ ᠰᠤᠳᠤᠯᠤᠨ ᠨᠡᠭᠡᠭᠡᠬᠦ》 ᠠᠵᠢᠯᠯᠠᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ ᠵᠢᠨ ᠭᠤᠷᠪᠠᠳᠤᠭ᠋ᠠᠷ ᠳᠡᠰ᠎ᠤᠨ ᠱᠠᠩᠨᠠᠯ᠎ᠢ ᠬᠦᠷᠳᠡᠪᠡ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢᠬᠢ ᠡᠨᠡ ᠠᠷᠪᠠᠨ ᠵᠢᠯ ᠪᠣᠯ ᠠᠯᠠᠱ᠌ᠠ ᠠᠢ᠌ᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠰᠢᠯᠳᠠ᠎ᠪᠠᠷ ᠬᠠᠮᠤᠭ᠎ᠤᠨ ᠶᠡᠬᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠳᠠᠲᠤ ᠬᠦᠴᠦᠨ ᠬᠠᠮᠤᠭ᠎ᠤᠨ ᠲᠦᠷᠭᠡᠨ ᠳᠡᠭᠡᠭᠰᠢᠯᠡᠭᠰᠡᠨ ᠠᠷᠪᠠᠨ ᠵᠢᠯ ᠪᠣᠯᠤᠨ᠎ᠠ  ᠃
      ᠠᠷᠪᠠᠨ ᠵᠢᠯ᠎ᠤᠨ ᠲᠤᠷᠰᠢ᠂ ᠠᠯᠠᠱ᠌ᠠ ᠠᠢ᠌ᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠭᠦᠢᠴᠡᠳᠬᠡᠯ ᠲᠣᠭ᠎ᠠ ᠵᠢᠯ ᠳᠠᠷᠠᠭ᠋ᠠᠯᠠᠨ ᠲᠣᠭᠲᠠᠭᠤᠨ ᠵᠶ᠋ᠠᠷ ᠨᠡᠮᠡᠭᠳᠡᠵᠦ᠂ 2021 ᠣᠨ᠎ᠳᠤ ᠪᠥᠬᠥ ᠠᠢ᠌ᠮᠠᠭ᠎ᠤᠨ R D ᠵᠠᠷᠤᠳᠠᠯ᠎ᠤᠨ ᠣᠷᠣᠭᠤᠯᠤᠯᠲᠠ 1 . 05 ᠳ᠋ᠦᠩᠰᠢᠭᠤᠷ ᠲᠥᠭᠥᠷᠢᠭ᠎ᠲᠤ ᠬᠦᠷᠴᠦ᠂ ᠪᠥᠬᠥ ᠠᠢ᠌ᠮᠠᠭ᠎ᠤᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠣᠭᠤᠯᠤᠯᠲᠠ 4143 ᠲᠦᠮᠡᠨ ᠲᠥᠭᠥᠷᠢᠭ᠎ᠲᠤ ᠬᠦᠷᠴᠡᠶ  ᠃
      ᠠᠷᠪᠠᠨ ᠵᠢᠯ᠎ᠤᠨ ᠲᠤᠷᠰᠢ᠂ ᠠᠯᠠᠱ᠌ᠠ ᠠᠢ᠌ᠮᠠᠭ ᠰᠢᠨ᠎ᠡ ᠵᠢ ᠡᠭᠦᠳᠬᠦ ᠲᠠᠪᠴᠠᠩ᠎ᠢ ᠲᠠᠰᠤᠷᠠᠯᠲᠠ ᠥᠬᠡᠶ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠤᠰᠢᠭᠤᠯᠬᠤ ᠴᠢᠳᠠᠪᠤᠷᠢ ᠵᠢ ᠨᠡᠮᠡᠭᠳᠡᠭᠦᠯᠪᠡ  ᠃ ᠤᠷᠢᠳ ᠬᠣᠵᠢᠳ ᠠᠯᠠᠱ᠌ᠠ ᠵᠢᠨ ᠴᠢᠩ ᠬᠤᠸᠠ ᠨᠡᠭᠦᠷᠡᠰᠦ ᠬᠢᠮᠢ ᠵᠢᠨ ᠠᠵᠤ ᠦᠢᠯᠡᠳᠪᠦᠷᠢ ᠵᠢᠨ ᠰᠢᠨ᠎ᠡ ᠮᠠᠲ᠋ᠧᠷᠢᠶᠠᠯ᠎ᠤᠨ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠂ ᠥᠪᠥᠷ ᠮᠣᠩᠭᠣᠯ᠎ᠤᠨ ᠲᠡᠮᠡᠭᠡ ᠰᠤᠳᠤᠯᠬᠤ ᠬᠦᠷᠢᠶᠡᠯᠡᠩ᠂ ᠴᠠᠭ᠋ᠠᠨ ᠨᠣᠯᠣᠣᠷᠳᠣ ᠢᠮᠠᠭ᠋ᠠᠨ᠎ᠤ ᠠᠵᠤ ᠦᠢᠯᠡᠰ᠎ᠤᠨ ᠰᠤᠳᠤᠯᠭ᠋ᠠᠨ᠎ᠤ ᠬᠦᠷᠢᠶᠡᠯᠡᠩ ᠵᠡᠷᠭᠡ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠪᠠᠢ᠌ᠭᠤᠯᠬᠤ ᠵᠢ ᠳᠡᠮᠵᠢᠪᠡ  ᠃ ᠣᠳᠣᠬᠠᠨ᠎ᠳᠤ᠂ ᠪᠥᠬᠥ ᠠᠢ᠌ᠮᠠᠭ᠎ᠤᠨ ᠡᠯ᠎ᠡ ᠱᠠᠲᠤᠨ᠎ᠤ ᠡᠯ᠎ᠡ ᠲᠥᠷᠥᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠨᠢᠭᠡᠨᠲᠡ 260 ᠪᠣᠯᠪᠠ; ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠂ ᠬᠥᠮᠥᠷᠭᠡ᠎ᠳᠤ ᠣᠷᠣᠭᠤᠯᠤᠭᠰᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ ᠨᠡᠢ᠌ᠲᠡ 64 ᠪᠠᠢ᠌ᠨ᠎ᠠ; ᠪᠦᠬᠦ ᠠᠢ᠌ᠮᠠᠭ᠎ᠤᠨ ᠠᠩᠬᠠᠳᠠᠭᠴᠢ ᠮᠡᠷᠭᠡᠵᠢᠯ᠎ᠤᠨ ᠠᠷᠠᠯᠵᠢᠶᠠᠨ᠎ᠤ ᠦᠷ᠎ᠡ ᠪᠦᠲᠦᠭᠡᠯ᠎ᠢ ᠤᠯᠠᠷᠢᠭᠤᠯᠬᠤ ᠲᠥᠪ᠎ᠢ ᠪᠠᠢ᠌ᠭᠤᠯᠵᠤ᠂ ᠮᠡᠷᠭᠡᠵᠢᠯ᠎ᠤᠨ ᠠᠷᠠᠯᠵᠢᠶ᠎ᠠ᠂ ᠦᠷ᠎ᠡ ᠪᠦᠲᠦᠭᠡᠯ᠎ᠢ ᠤᠯᠠᠷᠢᠭᠤᠯᠬᠤ᠎ᠳᠤ ᠲᠥᠷᠥ ᠵᠢᠨ ᠪᠣᠳᠣᠯᠭ᠎ᠠ ᠵᠢᠨ ᠵᠢᠯᠣᠭᠣᠳᠤᠯᠭ᠎ᠠ᠂ ᠲᠤᠰᠬᠠᠢ ᠮᠡᠷᠭᠡᠵᠢᠯᠲᠡᠨ᠎ᠤ ᠯᠠᠪᠯᠠᠭ᠎ᠠ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢ᠍ᠯᠡᠴᠢᠯᠡᠭᠡ ᠵᠢ ᠬᠠᠩᠭ᠋ᠠᠨ᠎ᠠ; ᠨᠡᠢ᠌ᠲᠡ 244 ᠵᠦᠢᠯ᠎ᠤᠨ ᠲᠤᠰᠬᠠᠶ ᠠᠰᠢᠭ᠂ ᠵᠥᠭᠡᠯᠡᠨ ᠲᠣᠨᠣᠭ᠎ᠤᠨ ᠮᠡᠷᠭᠡᠵᠢᠯ᠎ᠢ ᠨᠡᠢ᠌ᠲᠡᠯᠡᠵᠦ᠂ ᠨᠢᠭᠡᠨᠲᠡ 110 ᠵᠦᠢᠯ᠎ᠢ ᠠᠮᠵᠢᠯᠲᠠ᠎ᠲᠠᠢ ᠠᠷᠠᠯᠵᠢᠶᠠᠯᠠᠪᠠ  ᠃
    ᠳᠡᠯᠡᠬᠡᠢ ᠵᠢᠨ ᠬᠠᠮᠤᠭ᠎ᠤᠨ ᠶᠡᠬᠡ ᠦᠢ᠍ᠯᠡᠳᠪᠦᠷᠢᠯᠡᠬᠦ ᠴᠢᠳᠠᠪᠤᠷᠢ᠎ᠲᠠᠢ ᠲᠡᠮᠦᠷᠯᠢᠭ ᠨᠠᠳ᠋ᠷᠢ᠂ ᠢᠨᠳᠢᠭᠤ ᠦᠢ᠍ᠯᠡᠳᠪᠦᠷᠢᠯᠡᠬᠦ ᠰᠠᠭᠤᠷᠢᠨ᠎ᠢ ᠪᠠᠢ᠌ᠭᠤᠯᠪᠠ; ᠳᠠᠪᠤᠰᠤ ᠬᠢᠮᠢ ᠵᠢᠨ ᠠᠵᠤ ᠦᠢᠯᠡᠳᠪᠦᠷᠢ᠂ ᠨᠡᠭᠦᠷᠡᠰᠦ ᠬᠢᠮᠢ ᠵᠢᠨ ᠠᠵᠤ ᠦᠢᠯᠡᠳᠪᠦᠷᠢ᠂ ᠨᠠᠷᠢᠯᠢᠭ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰ᠎ᠤᠨ ᠬᠡᠯᠬᠢᠶ᠎ᠡ ᠵᠢ ᠪᠦᠷᠢᠯᠳᠦᠭᠦᠯᠦᠨ᠎ᠡ; ᠴᠠᠭ᠋ᠠᠨ ᠭᠣᠶᠣᠣ ᠵᠢᠨ ᠣᠯᠠᠨᠴᠢ ᠰᠢᠬᠢᠷ᠂ ᠡᠯᠢᠭᠡ ᠵᠢ ᠰᠢᠮᠡᠵᠢᠭᠦᠯᠬᠦ ᠵᠥᠭᠡᠯᠡᠨ ᠬᠤᠮᠵᠢᠶ᠎ᠠ ᠵᠡᠷᠭᠡ ᠵᠠᠭᠤ ᠭᠠᠷᠤᠢ ᠵᠦᠢ᠍ᠯ᠎ᠤᠨ ᠰᠢᠨ᠎ᠡ ᠪᠦᠲᠦᠭᠡᠭᠳᠡᠬᠦᠨ᠎ᠢ ᠠᠮᠵᠢᠯᠲᠠ᠎ᠲᠠᠢ᠎ᠪᠠᠷ ᠨᠡᠭᠡᠭᠡᠨ ᠠᠰᠢᠭᠯᠠᠵᠤ ᠰᠤᠳᠤᠯᠤᠨ ᠪᠦᠲᠦᠭᠡᠪᠡ; 《ᠰᠡᠨᠳᠡᠷ 5 ᠠᠮᠲᠠᠲᠤ ᠲᠠᠯᠬ᠎ᠠ》 ᠵᠡᠷᠭᠡ ᠤᠯᠠᠮᠵᠢᠯᠠᠯᠲᠤ ᠮᠣᠩᠭᠣᠯ ᠡᠮ ᠡᠮᠨᠡᠯᠭᠡ ᠵᠢᠨ ᠨᠠᠢ᠌ᠷᠠᠯᠲᠠ ᠵᠢᠨ ᠰᠢᠨ᠎ᠡ ᠵᠢ ᠡᠭᠦᠳᠦᠨ ᠬᠡᠷᠡᠭᠯᠡᠪᠡ ᠠᠷᠪᠠᠨ ᠵᠢᠯ᠎ᠤᠨ ᠬᠤᠭᠤᠴᠠᠭ᠋ᠠᠨ᠎ᠳᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠠᠯᠠᠱ᠌ᠠ᠎ᠳᠤ ᠦᠨᠳᠦᠰᠦ ᠬᠠᠳᠬᠤᠵᠤ᠂ ᠴᠡᠴᠡᠭᠯᠡᠨ ᠵᠢᠮᠢᠰᠯᠡᠪᠡ  ᠃ ᠣᠳᠣᠬᠠᠨ᠎ᠳᠤ᠂ ᠪᠥᠬᠥ ᠠᠢ᠌ᠮᠠᠭ᠎ᠲᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ 121 ᠳᠡᠩᠰᠡᠯᠡᠵᠦ᠂ ᠥᠪᠡᠷᠲᠡᠭᠡᠨ ᠵᠠᠰᠠᠬᠤ ᠣᠷᠣᠨ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ 184 ᠳᠡᠩᠰᠡᠯᠡᠪᠡ; ᠮᠡᠷᠭᠡᠵᠢᠯ᠎ᠤᠨ ᠭᠡᠷ᠎ᠡ ᠵᠢ 421 ᠵᠦᠢᠯ ᠮᠠᠭ᠋ᠠᠳᠯᠠᠨ ᠲᠣᠭᠲᠠᠭ᠋ᠠᠵᠤ ᠳᠡᠩᠰᠡᠯᠡᠨ᠂ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠲᠣᠭ᠎ᠠ 30 . 82 ᠳ᠋ᠦᠩᠰᠢᠭᠤᠷ ᠲᠥᠭᠥᠷᠢᠭ᠎ᠲᠤ ᠬᠦᠷᠴᠦ᠂ ᠮᠡᠷᠭᠡᠵᠢᠯ᠎ᠤᠨ ᠠᠷᠠᠯᠵᠢᠶ᠎ᠠ ᠵᠢᠨ ᠲᠣᠭ᠎ᠠ 1 . 840 ᠳ᠋ᠦᠩᠰᠢᠭᠤᠷ ᠲᠥᠭᠥᠷᠢᠭ᠎ᠲᠤ ᠬᠥᠷᠪᠡ  ᠃
      ᠴᠢᠳᠠᠪᠤᠷᠢᠲᠠᠨ ᠪᠣᠯ ᠨᠢᠭᠡᠳᠦᠭᠡᠷ ᠡᠬᠢ ᠪᠠᠶᠠᠯᠢᠭ ᠮᠥᠨ᠂ ᠰᠢᠨ᠎ᠡ ᠵᠢ ᠡᠭᠦᠳᠬᠦ ᠪᠣᠯ ᠨᠢᠭᠡᠳᠦᠭᠡᠷ ᠬᠥᠳᠡᠯᠭᠡᠬᠦ ᠬᠦᠴᠦᠨ ᠮᠥᠨ  ᠃ ᠠᠷᠪᠠᠨ ᠵᠢᠯ᠎ᠤᠨ ᠲᠤᠷᠰᠢ᠂ ᠠᠯᠠᠱ᠌ᠠ ᠠᠢ᠌ᠮᠠᠭ ᠤᠶᠠᠨ ᠴᠢᠨᠠᠷᠲᠠᠶ᠎ᠪᠠᠷ ᠣᠶᠤᠨ ᠤᠬᠠᠭ᠋ᠠᠨ ᠣᠷᠣᠭᠤᠯᠵᠤ ᠠᠪᠴᠢᠷᠠᠬᠤ ᠬᠠᠮᠲᠤᠷᠠᠯᠴᠠᠭ᠋ᠠᠨ᠎ᠤ ᠪᠥᠲᠥᠭᠡᠨ ᠪᠠᠢ᠌ᠭᠤᠯᠤᠯᠲᠠ᠂ ᠠᠵᠤ ᠠᠬᠤᠢ᠌ᠯᠠᠯ᠎ᠤᠨ ᠪᠡᠶ᠎ᠡ᠎ᠪᠠᠨ ᠳᠠᠭ᠋ᠠᠭ᠋ᠠᠵᠤ ᠪᠥᠲᠥᠭᠡᠨ ᠪᠠᠢ᠌ᠭᠤᠯᠬᠤ ᠵᠢ ᠵᠣᠷᠢᠭᠵᠢᠭᠤᠯᠬᠤ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠡᠯ᠎ᠡ ᠲᠥᠷᠥᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢ ᠪᠠᠢ᠌ᠭᠤᠯᠤᠨ ᠪᠠᠢ᠌ᠷᠢᠰᠢᠭᠤᠯᠵᠤ᠂ ᠠᠢ᠌ᠮᠠᠭ᠎ᠤᠨ ᠳᠣᠲᠣᠭ᠋ᠠᠳᠤ ᠵᠢᠨ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠬᠢᠭᠡᠳ ᠠᠢ᠌ᠮᠠᠭ᠎ᠤᠨ ᠳᠣᠲᠣᠨ᠎ᠠ ᠭᠠᠳᠠᠨᠠᠬᠢ ᠨᠠᠷᠠᠲᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠬᠠᠮᠲᠤᠷᠠᠨ ᠠᠺᠠᠳᠧᠮᠢᠴᠢ ᠲᠤᠰᠬᠠᠶ ᠮᠡᠷᠭᠡᠵᠢᠯᠲᠡᠨ᠎ᠤ ᠠᠵᠢᠯ᠎ᠤᠨ ᠥᠷᠲᠡᠭᠡ᠂ ᠣᠯᠠᠨ ᠵᠶ᠋ᠠᠷ ᠵᠶ᠋ᠠᠨ ᠡᠭᠦᠳᠬᠦ ᠣᠷᠣᠨ ᠵᠠᠶ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ ᠵᠡᠷᠭᠡ ᠵᠢ ᠪᠠᠢ᠌ᠭᠤᠯᠬᠤ ᠵᠢ ᠳᠡᠮᠵᠢᠪᠡ  ᠃ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠢᠨᠵᠧᠨᠧᠷᠢᠩ᠎ᠤᠨ ᠬᠦᠷᠢᠶᠡᠯᠡᠩ ᠪᠠ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠡᠷᠭᠡ ᠣᠷᠣᠨ᠎ᠤ ᠳᠣᠲᠣᠨ᠎ᠠ ᠭᠠᠳᠠᠨᠠᠬᠢ 30 ᠭᠠᠷᠤᠶ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭ᠋ᠠᠭᠤᠯᠢ ᠪᠠ ᠠᠵᠤ ᠠᠬᠤᠢ᠌ᠯᠠᠯ᠎ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠲᠤᠷᠠᠯᠴᠠᠭ᠎ᠠ ᠥᠷᠨᠢᠭᠦᠯᠵᠦ᠂ ᠨᠡᠢ᠌ᠲᠡ 32 ᠳᠡᠭᠡᠳᠦ ᠲᠠᠰ᠎ᠤᠨ ᠵᠥᠪᠯᠡᠭᠴᠢ ᠵᠢ ᠤᠷᠢᠨ ᠲᠣᠮᠢᠯᠠᠵᠤ᠂ 286 ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠰᠬᠠᠶ ᠮᠡᠷᠭᠡᠵᠢᠯᠲᠡᠨ᠎ᠢ ᠤᠶᠠᠨ ᠴᠢᠨᠠᠷᠲᠠᠶ᠎ᠪᠠᠷ ᠣᠷᠣᠭᠤᠯᠤᠨ ᠠᠪᠴᠢᠷᠠᠵᠤ᠂ 572 ᠲᠦᠮᠡᠨ ᠲᠥᠭᠥᠷᠢᠭ᠎ᠤᠨ ᠵᠠᠷᠤᠳᠠᠯ ᠵᠶ᠋ᠠᠷ ᠵᠥᠪᠰᠢᠶᠡᠷᠡᠭᠳᠡᠨ ᠲᠣᠮᠢᠯᠠᠭᠳᠠᠵᠤ᠂ ᠲᠣᠰ ᠭᠠᠵᠠᠷ᠎ᠤᠨ ᠴᠢᠳᠠᠪᠤᠷᠢᠲᠠᠨ᠎ᠢ ᠲᠦᠮᠡ ᠰᠢᠬᠠᠮ ᠬᠥᠮᠦᠵᠢᠭᠦᠯᠪᠡ  ᠃ ᠣᠳᠣᠬᠠᠨ ᠪᠣᠯᠲᠠᠯ᠎ᠠ᠂ ᠪᠥᠬᠥ ᠠᠢ᠌ᠮᠠᠭ᠎ᠲᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯ᠎ᠤᠨ ᠥᠷᠲᠡᠭᠡ ᠨᠡᠢ᠌ᠲᠡ 4 ᠪᠠᠢ᠌ᠵᠤ᠂ ᠨᠡᠢ᠌ᠲᠡ 793 ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠢ ᠰᠣᠩᠭᠣᠨ ᠲᠣᠮᠢᠯᠠᠵᠤ ᠥᠷᠭᠡᠨ ᠠᠭᠤᠳᠠᠮ ᠮᠠᠯᠵᠢᠬᠤ ᠲᠠᠷᠢᠶᠠᠯᠠᠬᠤ ᠣᠷᠣᠨ᠎ᠳᠤ ᠭᠦᠨᠵᠡᠭᠡᠢ᠌ᠷᠡᠭᠦᠯᠦᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡ ᠥᠷᠨᠢᠭᠦᠯᠪᠡ  ᠃
      ᠠᠯᠠᠱ᠌ᠠ ᠠᠢ᠌ᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠦᠢ ᠷᠦᠢ᠂ ᠣᠳᠣᠬᠠᠨ ᠪᠠ ᠬᠣᠢ᠌ᠰᠢᠳᠠ ᠵᠢᠨ ᠬᠡᠰᠡᠭ ᠬᠤᠭᠤᠴᠠᠭ᠋ᠠᠨ᠎ᠳᠤ᠂ ᠪᠦᠬᠦ ᠠᠢ᠌ᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢᠨ ᠲᠣᠭᠣᠷᠢᠨ᠎ᠳᠤ᠂ ᠠᠢ᠌ᠮᠠᠭ᠎ᠤᠨ ᠪᠠᠢ᠌ᠳᠠᠯ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯ᠎ᠤᠨ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠢ ᠠᠬᠢᠭᠤᠯᠤᠨ ᠪᠣᠳᠠᠲᠠᠢ᠌ᠵᠢᠭᠤᠯᠵᠤ᠂ ᠲᠦᠷᠦ ᠵᠢᠨ ᠪᠤᠳᠤᠯᠭ᠎ᠠ ᠵᠢᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠡᠳ᠋᠎ᠤᠨ ᠵᠠᠰᠠᠭ᠎ᠤᠨ ᠬᠠᠲᠠᠭᠤ ᠣᠷᠣᠭᠤᠯᠤᠯᠲᠠ ᠵᠢᠨ ᠬᠠᠷᠢᠴᠠᠯ᠎ᠢ ᠠᠯᠬᠤᠮ ᠠᠯᠬᠤᠮ ᠵᠶ᠋ᠠᠷ ᠨᠡᠮᠡᠭᠳᠡᠭᠦᠯᠬᠦ ᠬᠡᠷᠡᠭᠲᠡᠢ ᠭᠡᠵᠦ ᠬᠡᠯᠡᠪᠡ  ᠃ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ》 ᠵᠢ ᠨᠢᠭᠡᠳᠦᠯᠲᠡᠶ ᠲᠥᠯᠥᠪᠯᠡᠨ ᠠᠬᠢᠭᠤᠯᠬᠤ ᠲᠣᠭᠲᠠᠴᠠ᠂ ᠰᠠᠯᠠᠭ᠎ᠠ ᠮᠥᠴᠢᠷ᠎ᠤᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠲᠣᠭᠲᠠᠴᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠬᠠᠮᠲᠤᠷᠠᠯᠴᠠᠨ ᠨᠡᠭᠡᠭᠡᠯᠲᠡ ᠬᠢᠬᠦ ᠪᠠ ᠤᠷᠮᠠᠰᠢᠭᠤᠯᠬᠤ ᠲᠣᠭᠲᠠᠴᠠ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠲᠤᠬᠠᠶ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠳᠣᠭᠢᠷᠠᠭᠤᠯᠤᠨ᠂ ᠠᠯᠠᠱ᠌ᠠ ᠠᠢ᠌ᠮᠠᠭ᠎ᠤᠨ ᠠᠵᠤ ᠦᠢᠯᠡᠰ᠎ᠤᠨ ᠬᠡᠯᠬᠢᠶᠡᠰᠦ ᠵᠢᠨ ᠲᠣᠭᠣᠷᠢᠨ᠎ᠳᠤ ᠰᠢᠨ᠎ᠡ ᠵᠢ ᠡᠭᠦᠳᠬᠦ ᠬᠡᠯᠬᠢᠶᠡᠰᠦ ᠵᠢ ᠵᠦᠶ ᠵᠣᠬᠢᠰᠲᠠᠶ ᠪᠠᠢ᠌ᠷᠢᠰᠢᠭᠤᠯᠵᠤ᠂ ᠣᠳᠣᠬᠢᠴᠢᠯᠠᠭᠰᠠᠨ ᠠᠵᠢᠯᠴᠢᠨ᠎ᠤ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢ᠂ ᠰᠢᠨ᠎ᠡ ᠡᠨᠧᠷᠭᠢ ᠵᠢᠨ ᠨᠥᠭᠡᠴᠡ ᠡᠨᠧᠷᠭᠢ᠂ ᠴᠡᠪᠡᠷ ᠡᠨᠧᠷᠭᠢ ᠵᠢ ᠤᠯᠠᠷᠢᠭᠤᠯᠬᠤ ᠵᠡᠷᠭᠡ ᠲᠠᠯ᠎ᠠ ᠵᠢᠨ ᠮᠡᠷᠭᠡᠵᠢᠯ᠎ᠢ ᠭᠣᠤᠯᠳᠠᠯᠭ᠎ᠠ᠎ᠲᠠᠢ ᠰᠢᠪᠲᠤᠯᠤᠨ᠂ ᠲᠠᠷᠢᠶᠠᠯᠠᠩ ᠮᠠᠯ ᠠᠵᠤ ᠠᠬᠤᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠵᠢ ᠴᠢᠩᠭ᠋ᠠᠳᠬᠠᠵᠤ᠂ ᠠᠯᠠᠱ᠌ᠠ ᠠᠢ᠌ᠮᠠᠭ᠎ᠤᠨ ᠲᠡᠮᠡᠭᠡᠨ ᠰᠦ᠂ ᠲᠡᠮᠡᠭᠡᠨ ᠨᠣᠯᠤᠤᠷ ᠵᠢᠴᠢ ᠲᠡᠮᠡᠭᠡᠨ ᠨᠣᠯᠤᠤᠷ᠎ᠤᠨ ᠦᠢᠯᠡᠳᠬᠦᠨ᠎ᠤ ᠪᠠᠷᠢᠮᠵᠢᠶ᠎ᠠ ᠵᠢᠨ ᠰᠢᠰᠲ᠋ᠧᠮᠵᠢ ᠵᠢᠨ ᠪᠠᠢ᠌ᠭᠤᠯᠤᠯᠲᠠ ᠵᠢ ᠠᠬᠢᠭᠤᠯᠤᠨ᠎ᠠ  ᠃ ᠠᠯᠠᠱ᠌ᠠ ᠵᠢᠨ ᠴᠠᠭ᠋ᠠᠨ ᠨᠣᠯᠤᠤᠷ᠎ᠤᠨ ᠢᠮᠠᠭ᠎ᠠ᠂ ᠬᠣᠣᠰ ᠪᠥᠬᠥᠲᠦ ᠲᠡᠮᠡᠭᠡ᠂ ᠮᠣᠩᠭᠣᠯ ᠦᠬᠡᠷ᠎ᠤᠨ ᠰᠠᠢ᠌ᠨ ᠡᠭᠦᠯᠳᠡᠷ᠎ᠢ ᠦᠷᠡᠵᠢᠭᠦᠯᠦᠨ ᠬᠠᠮᠠᠭ᠋ᠠᠯᠠᠬᠤ ᠠᠵᠢᠯ ᠪᠣᠯᠤᠨ ᠡᠭᠦᠯᠳᠡᠷ᠎ᠤᠨ ᠡᠬᠢ ᠪᠠᠶᠠᠯᠢᠭ᠎ᠤᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠲᠦᠯᠬᠢᠨ ᠠᠬᠢᠭᠤᠯᠤᠨ᠎ᠠ  ᠃ ᠡᠭᠦᠨ᠎ᠤ ᠬᠠᠮᠲᠤ᠂ ᠣᠷᠣᠭᠤᠯᠤᠨ ᠠᠪᠴᠢᠷᠠᠭᠰᠠᠨ ᠠᠯᠠᠰᠢᠨ ᠦᠬᠡᠷ᠎ᠤᠨ ᠰᠢᠨ᠎ᠡ ᠡᠭᠦᠯᠳᠡᠷ᠎ᠤᠨ ᠬᠦᠪᠦᠷᠡᠯ ᠰᠢᠯᠵᠢᠭᠦᠯᠦᠨ ᠤᠷᠭᠤᠭᠤᠯᠬᠤ ᠮᠡᠷᠭᠡᠵᠢᠯ᠎ᠤᠨ ᠲᠤᠷᠰᠢᠯᠲᠠ ᠵᠢᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ ᠵᠢ ᠢᠳᠡᠪᠬᠢᠲᠡᠶ ᠠᠬᠢᠭᠤᠯᠵᠤ᠂ ᠴᠠᠭ᠋ᠠᠨ ᠭᠣᠶᠣᠣ ᠵᠡᠷᠭᠡ ᠡᠯᠡᠰᠦᠨ᠎ᠳᠤ ᠤᠷᠭᠤᠬᠤ ᠤᠷᠭᠤᠮᠠᠯ᠎ᠤᠨ ᠥᠨᠳᠥᠷ ᠨᠡᠮᠡᠯᠲᠡ ᠥᠷᠲᠡᠭᠲᠦ ᠴᠢᠳᠠᠮᠵᠢ ᠵᠢᠨ ᠦᠢᠯᠡᠳᠬᠦᠨ᠎ᠢ ᠨᠡᠭᠡᠭᠡᠨ ᠬᠥᠭᠵᠢᠭᠦᠯᠬᠦ ᠵᠡᠷᠭᠡ ᠵᠠᠩᠭᠢᠯᠠᠭ᠎ᠠ ᠵᠢᠨ ᠮᠡᠷᠭᠡᠵᠢᠯ᠎ᠢ ᠭᠣᠤᠯᠳᠠᠯᠭ᠎ᠠ᠎ᠲᠠᠢ ᠰᠢᠪᠲᠤᠯᠤᠨ᠂ 《0 - 1》 ᠵᠢᠨ ᠠᠩᠬᠠᠨ᠎ᠤ ᠰᠢᠨ᠎ᠡ ᠡᠭᠦᠳᠦᠯᠲᠡ ᠵᠢ ᠪᠡᠶᠡᠯᠡᠭᠦᠯᠦᠨ᠎ᠡ  ᠃ ᠭᠣᠤᠯᠳᠠᠯᠭ᠎ᠠ᠎ᠲᠠᠢ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢᠨ ᠪᠠᠢ᠌ᠭᠤᠯᠤᠯᠲᠠ ᠵᠢ ᠠᠬᠢᠭᠤᠯᠵᠤ᠂ ᠠᠵᠤ ᠠᠬᠤᠢ᠌ᠯᠠᠯ᠎ᠤᠨ 《ᠣᠭᠣᠷᠴᠣᠭ ᠬᠠᠷᠢᠶ᠎ᠠ ᠭᠠᠵᠠᠷ》᠎ᠤᠨ ᠰᠤᠳᠤᠯᠤᠨ ᠨᠡᠭᠡᠭᠡᠬᠦ ᠲᠥᠪ ᠪᠠᠢ᠌ᠭᠤᠯᠬᠤ ᠵᠢ ᠵᠣᠷᠢᠭᠵᠢᠭᠤᠯᠵᠤ᠂ ᠠᠵᠤ ᠠᠬᠤᠢ᠌ᠯᠠᠯᠲᠠᠨ᠎ᠤ ᠰᠢᠨ᠎ᠡ ᠵᠢ ᠡᠭᠦᠳᠬᠦ ᠤᠬᠠᠮᠰᠠᠷ᠎ᠢ ᠶᠡᠬᠡ᠎ᠪᠠᠷ ᠪᠣᠢ᠌ᠵᠢᠭᠤᠯᠵᠤ᠂ ᠠᠯᠠᠱ᠌ᠠ ᠠᠢ᠌ᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠪᠠ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠥ ᠠᠢ᠌ᠮᠠᠭ᠎ᠤᠨ ᠠᠵᠤ ᠠᠬᠤᠶ ᠨᠡᠢ᠌ᠭᠡᠮ᠎ᠤᠨ ᠴᠢᠨᠠᠷ ᠰᠠᠢ᠌ᠲᠠᠶ ᠬᠥᠭᠵᠢᠯᠲᠡ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ  ᠃

ᠢᠷᠡᠯᠲᠡ᠄ ᠠᠯᠠᠱ᠌ᠠ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
 
            