11 ᠰᠠᠷ᠎ᠠ ᠵᠢᠨ 16 - 17᠎ᠤ ᠡᠳᠦᠷ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ ᠵᠢᠨ ᠥᠪᠥᠷ ᠮᠣᠩᠭᠤᠯ᠎ᠤᠨ ᠰᠤᠳᠤᠯᠭ᠋ᠠᠨ᠎ᠤ ᠬᠦᠷᠢᠶᠡᠯᠡᠩ (ᠤᠯᠠᠭ᠋ᠠᠨᠬᠠᠳᠠ)᠎ᠤᠨ ᠣᠷᠣᠨ ᠪᠦᠰᠡ ᠵᠢᠨ ᠬᠠᠮᠵᠢᠯᠴᠠᠨ ᠰᠢᠨ᠎ᠡ ᠵᠢ ᠡᠭᠦᠳᠬᠦ ᠲᠥᠪ᠎ᠠᠴᠠ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ ᠵᠢᠨ ᠰᠢᠨ᠎ᠡ ᠬᠥᠳᠡᠭᠡ ᠲᠣᠰᠬᠤᠨ᠎ᠤ ᠬᠥᠭᠵᠢᠯᠲᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠼᠠᠢ ᠪᠦᠦ ᠰᠥᠩ ᠳᠡᠳ᠋ ᠳᠠᠷᠤᠭ᠎ᠠ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ ᠵᠢᠨ ᠥᠪᠥᠷ ᠮᠣᠩᠭᠤᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠵᠢᠨ ᠲᠤᠰᠠᠯᠠᠭᠴᠢ ᠶᠠᠩ ᠵᠢᠩ ᠵᠧ ᠵᠢ ᠤᠷᠢᠵᠤ ᠪᠠᠭ᠋ᠠᠷᠢᠨ ᠵᠡᠭᠦᠨ ᠬᠤᠰᠢᠭᠤᠨ᠎ᠤ ᠱᠧᠩ ᠶᠧ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ᠎ᠳᠤ ᠬᠦᠷᠴᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠲᠤᠬᠠᠶ ᠠᠵᠤ ᠠᠬᠤᠶ᠋ᠢᠯᠠᠯ᠎ᠳᠤ ᠭᠦᠨᠵᠡᠭᠡᠶ᠋ᠢᠷᠡᠨ ᠵᠣᠯᠭ᠋ᠠᠭᠤᠯᠤᠨ ᠰᠣᠯᠢᠯᠴᠠᠵᠤ᠂ ᠪᠠᠭ᠋ᠠᠷᠢᠨ ᠵᠡᠭᠦᠨ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠵᠠᠩ ᠶᠢᠩ ᠵᠢᠶᠧ ᠪᠠᠷ᠎ᠠ ᠪᠣᠯᠭ᠋ᠠᠪᠠ᠃
ᠵᠢᠯᠣᠭᠤᠳᠬᠤ ᠳᠤᠭᠤᠶ᠋ᠢᠯᠠᠩ ᠱᠧᠩ ᠶᠧ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠵᠢᠨ ᠦᠢ᠍ᠯᠡᠳᠪᠦᠷᠢ ᠵᠢᠨ ᠲᠠᠰᠤᠭ ᠵᠢᠴᠢ ᠳ᠋ᠣᠺᠲ᠋ᠣᠷ᠎ᠤᠨ ᠠᠵᠢᠯ᠎ᠤᠨ ᠥᠷᠲᠡᠭᠡ᠎ᠳᠤ ᠭᠦᠨᠵᠡᠭᠡᠶ᠋ᠢᠷᠡᠵᠦ᠂ ᠠᠵᠤ ᠠᠬᠤᠶ᠋ᠢᠯᠠᠯ᠎ᠤᠨ ᠬᠥᠭᠵᠢᠯᠲᠡ ᠵᠢᠨ ᠪᠠᠶ᠋ᠢᠳᠠᠯ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠤᠨ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠢᠯᠠᠩᠭᠤᠶ᠎ᠠ ᠠᠵᠤ ᠠᠬᠤᠶ᠋ᠢᠯᠠᠯ᠎ᠤᠨ ᠲᠥᠷᠥᠯ ᠵᠦᠢ᠍ᠯ᠎ᠤᠨ ᠰᠤᠳᠤᠯᠤᠨ ᠨᠡᠭᠡᠭᠡᠯᠲᠡ᠂ ᠲᠠᠪᠴᠠᠩ᠎ᠤᠨ ᠪᠠᠶ᠋ᠢᠭᠤᠯᠤᠯᠲᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢᠨ ᠪᠠᠶ᠋ᠢᠳᠠᠯ᠎ᠢ ᠣᠶ᠋ᠢᠯᠠᠭ᠋ᠠᠬᠤ ᠵᠢᠨ ᠬᠠᠮᠲᠤ ᠠᠵᠤ ᠠᠬᠤᠶ᠋ᠢᠯᠠᠯ᠎ᠤᠨ ᠪᠠᠶ᠋ᠢᠳᠠᠯ᠎ᠢ ᠠᠰᠠᠭᠤᠨ ᠯᠠᠪᠯᠠᠪᠠ᠃ ᠼᠠᠢ ᠪᠦᠦ ᠰᠥᠩ ᠵᠢᠭ᠋ᠠᠵᠤ ᠭᠠᠷᠭ᠋ᠠᠭᠰᠠᠨ᠎ᠨᠢ᠂ ᠠᠵᠤ ᠠᠬᠤᠶ᠋ᠢᠯᠠᠯ᠎ᠤᠨ᠎ᠬᠢᠨ ᠲᠥᠷᠥᠯ ᠵᠦᠢ᠍ᠯ᠎ᠢ ᠰᠤᠳᠤᠯᠤᠨ ᠨᠡᠭᠡᠭᠡᠬᠦ ᠵᠢᠴᠢ ᠲᠠᠷᠢᠮᠠᠯ᠎ᠤᠨ ᠪᠠᠷᠢᠮᠵᠢᠶᠠᠵᠢᠯᠲᠠ᠂ ᠦᠢ᠍ᠯᠡᠳᠪᠦᠷᠢᠯᠡᠵᠦ ᠡᠳ᠋ᠰᠢᠭᠦᠯᠬᠦ᠂ ᠪᠠᠷᠠᠭ᠎ᠠ ᠵᠢᠨ ᠴᠤᠪᠤᠷᠠᠯ᠎ᠢ ᠪᠠᠷᠢᠮᠵᠢᠶᠠᠵᠢᠭᠤᠯᠬᠤ ᠵᠢ ᠴᠢᠩᠭ᠋ᠠᠳᠬᠠᠵᠤ᠂ ᠣᠲᠣ ᠵᠢᠨ ᠪᠠᠶ᠋ᠢᠭ᠎ᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠲᠤᠬᠠᠶ ᠵᠢᠨ ᠭᠠᠵᠠᠷ᠎ᠤᠨ ᠠᠭᠤᠷ ᠠᠮᠢᠰᠬᠤᠯ᠎ᠤᠨ ᠨᠥᠬᠦᠴᠡᠯ᠎ᠢ ᠦᠨᠳᠦᠰᠦᠯᠡᠨ ᠰᠢᠨ᠎ᠡ ᠰᠢᠰᠲ᠋ᠧᠮ᠎ᠢ ᠪᠠᠶ᠋ᠢᠭᠤᠯᠵᠤ᠂ ᠨᠠᠷᠠᠲᠤ ᠲᠥᠷᠥᠯ ᠲᠡᠮᠳᠡᠭᠲᠦ ᠵᠢᠨ ᠡᠨᠧᠷᠭᠢ ᠣᠯᠭᠤᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠨᠧᠷᠭᠢ ᠣᠯᠭᠤᠬᠤ᠂ ᠰᠣᠶᠣᠯ᠎ᠤᠨ ᠴᠢᠳᠠᠪᠤᠷᠢ ᠣᠯᠭᠤᠬᠤ ᠵᠢ ᠴᠢᠩᠭ᠋ᠠᠳᠬᠠᠬᠤ ᠵᠢᠨ ᠬᠠᠮᠲᠤ ᠰᠢᠯᠦᠬᠡᠢ ᠡᠷᠳᠡᠨᠢ ᠰᠢᠰᠢ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠰᠤᠳᠤᠯᠭ᠋ᠠᠨ᠎ᠤ ᠲᠥᠪ᠎ᠢ ᠪᠠᠶ᠋ᠢᠭᠤᠯᠬᠤ ᠵᠢ ᠰᠠᠨᠠᠭᠤᠯᠪᠠ᠃
ᠶᠠᠩ ᠵᠢᠩ ᠵᠧ ᠠᠵᠤ ᠠᠬᠤᠶ᠋ᠢᠯᠠᠯ᠎ᠤᠨ ᠣᠳᠣᠬᠠᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠣᠳᠣᠬᠢ ᠪᠠᠶ᠋ᠢᠳᠠᠯ᠎ᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠠᠵᠤ ᠠᠬᠤᠶ᠋ᠢᠯᠠᠯ᠎ᠯᠤᠭ᠎ᠠ ᠵᠢᠨ ᠭᠦᠨᠵᠡᠭᠡᠢ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠵᠢᠨ ᠬᠠᠮᠲᠤ ᠠᠵᠤ ᠠᠬᠤᠶ᠋ᠢᠯᠠᠯ᠎ᠤᠨ ᠲᠠᠯ᠎ᠠ᠎ᠠᠴᠠ ᠵᠥᠷᠢᠶᠡᠴᠢᠯᠡᠭᠰᠡᠨ ᠥᠭᠡᠷᠡᠴᠢᠯᠡᠯᠲᠡ ᠵᠢ ᠰᠢᠪᠲᠤᠯᠵᠤ᠂ ᠠᠵᠤ ᠠᠬᠤᠶ᠋ᠢᠯᠠᠯ᠎ᠤᠨ ᠪᠠᠷᠢᠮᠵᠢᠶ᠎ᠠ ᠵᠢ ᠪᠠᠶ᠋ᠢᠭᠤᠯᠵᠤ᠂ ᠡᠷᠡᠭᠦᠯ ᠮᠡᠨᠳᠦ ᠵᠢᠨ ᠢᠳᠡᠭᠡᠨ᠎ᠢ ᠡᠭᠦᠳᠴᠦ᠂ ᠥᠪᠡᠷ᠎ᠤᠨ ᠲᠦᠷᠦᠯ ᠲᠡᠮᠳᠡᠭ᠎ᠢ ᠡᠭᠦᠳᠴᠦ᠂ ᠠᠵᠤ ᠦᠢ᠍ᠯᠡᠰ᠎ᠤᠨ ᠰᠢᠰᠲ᠋ᠧᠮ᠎ᠢ ᠨᠠᠷᠢᠯᠢᠬ᠍ᠵᠢᠭᠤᠯᠬᠤ ᠲᠠᠯ᠎ᠠ᠎ᠪᠠᠷ ᠭᠤᠣᠯᠳᠠᠯᠭ᠎ᠠ᠎ᠲᠠᠢ ᠰᠢᠪᠲᠤᠯᠤᠯᠲᠠ ᠭᠠᠷᠭ᠋ᠠᠨ᠎ᠠ ᠭᠡᠵᠦ ᠢᠯᠡᠳᠬᠡᠪᠡ᠃
ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠠᠵᠤ ᠠᠬᠤᠶ᠋ᠢᠯᠠᠯ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠨᠠᠷᠢᠨ ᠲᠠᠨᠢᠯᠴᠠᠭᠤᠯᠵᠤ᠂ ᠲᠣᠰ ᠤᠳᠠᠭ᠋ᠠᠨ᠎ᠤ ᠶᠡᠭᠡ ᠳᠡᠭᠡᠳᠦ ᠰᠤᠷᠭ᠋ᠠᠭᠤᠯᠢ ᠵᠢᠨ ᠲᠤᠰᠬᠠᠶ ᠮᠡᠷᠭᠡᠵᠢᠯᠲᠡᠨ᠎ᠤ ᠪᠠᠩᠬᠢ᠎ᠨᠢ ᠠᠵᠤ ᠠᠬᠤᠶ᠋ᠢᠯᠠᠯ᠎ᠳᠤ ᠣᠯᠳᠠᠬᠤᠶ᠎ᠠ ᠪᠡᠷᠬᠡ ᠨᠢᠭᠡ ᠤᠳᠠᠭ᠋ᠠᠨ᠎ᠤ ᠰᠤᠷᠤᠯᠴᠠᠯᠭ᠎ᠠ ᠰᠣᠯᠢᠯᠴᠠᠭ᠋ᠠᠨ᠎ᠤ ᠲᠣᠬᠢᠶᠠᠯ ᠣᠯᠭᠤᠵᠤ᠂ ᠬᠤᠶᠠᠷ ᠲᠤᠰᠬᠠᠶ ᠮᠡᠷᠭᠡᠵᠢᠯᠲᠡᠨ᠎ᠤ ᠳᠤᠷᠠᠳᠤᠭᠰᠠᠨ ᠰᠠᠨᠠᠭᠤᠯᠭ᠎ᠠ᠎ᠨᠢ ᠠᠵᠤ ᠠᠬᠤᠶ᠋ᠢᠯᠠᠯ᠎ᠤᠨ ᠬᠥᠭᠵᠢᠯᠲᠡ᠎ᠳᠤ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ᠎ᠲᠠᠢ ᠶᠤᠮ᠂ ᠠᠵᠤ ᠠᠬᠤᠶ᠋ᠢᠯᠠᠯ᠎ᠤᠨ᠎ᠬᠢᠨ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ᠎ᠲᠠᠢ ᠵᠣᠯᠭ᠋ᠠᠭᠤᠯᠬᠤ ᠠᠵᠠ ᠲᠣᠬᠢᠶᠠᠯ᠎ᠢ ᠢᠳᠡᠪᠬᠢᠲᠡᠶ ᠡᠵᠡᠮᠳᠡᠵᠦ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠭᠡ ᠰᠤᠷᠭ᠋ᠠᠭᠤᠯᠢ ᠵᠢᠨ ᠲᠤᠰᠬᠠᠶ ᠮᠡᠷᠭᠡᠵᠢᠯᠲᠡᠳ᠎ᠲᠤ ᠨᠠᠩ ᠰᠠᠶ᠋ᠢᠨ ᠠᠵᠢᠯ᠎ᠤᠨ ᠲᠠᠪᠴᠠᠩ ᠬᠠᠩᠭ᠋ᠠᠵᠤ᠂ ᠬᠤᠶᠠᠷ ᠲᠠᠯ᠎ᠠ᠎ᠪᠠᠷ ᠵᠶ᠋ᠠᠨ ᠬᠠᠮᠲᠤ᠎ᠪᠠᠷ ᠨᠠᠩ ᠣᠯᠠᠨ ᠨᠠᠩ ᠰᠠᠶ᠋ᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ ᠤᠯᠬᠤ᠎ᠪᠠᠷ ᠴᠢᠷᠮᠠᠶ᠋ᠢᠵᠦ ᠪᠠᠶ᠋ᠢᠨ᠎ᠠ᠃