ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠮᠠᠨ᠎ᠤ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠡᠯ᠎ᠡ ᠵᠦᠢᠯ᠎ᠤᠨ ᠲᠣᠭ᠎ᠠ ᠪᠦᠷᠢᠳᠬᠡᠯ᠎ᠤᠨ ᠭᠦᠢᠴᠡᠳᠬᠡᠯ ᠲᠣᠭ᠎ᠠ ᠵᠢᠨ ᠲᠣᠭ᠎ᠠ ᠪᠠᠷᠢᠮᠲᠠ᠎ᠳᠤ ᠰᠢᠨ᠎ᠡ ᠨᠡᠮᠡᠭᠳᠡᠯ᠎ᠢ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2023-12-04


    10 ᠳ᠋ᠤᠭ᠋ᠠᠷ ᠰᠠᠷ᠎ᠠ ᠵᠢᠨ 9᠎ᠤ ᠡᠳᠦᠷ᠂ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠰᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠰᠢᠨ ᠡᠳ᠋᠎ᠤᠨ ᠵᠠᠰᠠᠭ᠎ᠤᠨ ᠲᠢᠩᠬᠢᠮ ᠬᠠᠮᠲᠤᠷᠠᠨ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠲᠣᠭ᠎ᠠ ᠪᠦᠷᠢᠳᠬᠡᠯ᠎ᠤᠨ ᠠᠯᠪᠠᠨ ᠮᠡᠳᠡᠭᠡ ᠵᠢ ᠨᠡᠢ᠌ᠲᠡᠯᠡᠪᠡ  ᠃2022 ᠣᠨ᠎ᠳᠤ᠂ᠮᠠᠨ᠎ᠤ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠡᠯ᠎ᠡ ᠵᠦᠢᠯ᠎ᠤᠨ ᠲᠣᠭ᠎ᠠ ᠪᠦᠷᠢᠳᠬᠡᠯ᠎ᠤᠨ ᠭᠦᠢᠴᠡᠳᠬᠡᠯ ᠲᠣᠭ᠎ᠠ ᠵᠢᠨ ᠲᠣᠭ᠎ᠠ ᠪᠠᠷᠢᠮᠲᠠ᠎ᠳᠤ ᠰᠢᠨ᠎ᠡ ᠨᠡᠮᠡᠭᠳᠡᠯ᠎ᠢ ᠪᠡᠶᠡᠯᠡᠭᠦᠯᠦᠨ᠎ᠡ  ᠃2022 ᠣᠨ᠎ᠳᠤ᠂ᠪᠥᠬᠥ ᠬᠣᠲᠠ ᠵᠢᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ(R& D) ᠵᠢᠨ ᠵᠠᠷᠤᠳᠠᠯ 4.5 ᠳ᠋ᠦᠩᠰᠢᠭᠤᠷ ᠲᠥᠭᠥᠷᠢᠭ᠎ᠲᠤ ᠬᠦᠷᠴᠦ᠂ᠳᠡᠭᠡᠷ᠎ᠡ ᠵᠢᠯ᠎ᠤᠨ᠎ᠬᠢ᠎ᠠᠴᠠ 1.6 ᠳ᠋ᠦᠩᠰᠢᠭᠤᠷ ᠲᠥᠭᠥᠷᠢᠭ ᠨᠡᠮᠡᠭᠳᠡᠵᠦ᠂ᠠᠳᠠᠯᠢ ᠬᠤᠭᠤᠴᠠᠭ᠋ᠠᠨ᠎ᠤ᠎ᠬᠢ᠎ᠠᠴᠠ 55.17%᠎ᠪᠠᠷ ᠨᠡᠮᠡᠭᠳᠡᠪᠡ;R ᠵᠢᠶᠦ᠋ᠨD ᠵᠢᠨ ᠣᠷᠣᠭᠤᠯᠤᠯᠲᠠ ᠵᠢᠨ ᠬᠦᠴᠦᠯᠡᠴᠡ 0.42% ᠪᠠᠢ᠌ᠵᠤ᠂ᠳᠡᠭᠡᠷ᠎ᠡ ᠵᠢᠯ᠎ᠤᠨ᠎ᠬᠢ᠎ᠠᠴᠠ 0.12 ᠵᠠᠭᠤᠨ᠎ᠤ ᠨᠢᠭᠡᠴᠢ ᠳᠡᠭᠡᠭᠰᠢᠯᠡᠪᠡ;ᠪᠦᠬᠦ ᠬᠣᠲᠠ ᠵᠢᠨ ᠡᠳ᠋᠎ᠤᠨ ᠵᠠᠰᠠᠭ ᠣᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ 2.0 ᠳ᠋ᠦᠩᠰᠢᠭᠤᠷ ᠲᠥᠭᠥᠷᠢᠭ᠂ᠳᠡᠭᠡᠷ᠎ᠡ ᠵᠢᠯ᠎ᠤᠨ᠎ᠬᠢ᠎ᠠᠴᠠ 0.47 ᠳ᠋ᠦᠩᠰᠢᠭᠤᠷ ᠲᠥᠭᠥᠷᠢᠭ ᠨᠡᠮᠡᠭᠳᠡᠵᠦ᠂ᠠᠳᠠᠯᠢ ᠬᠤᠭᠤᠴᠠᠭ᠋ᠠᠨ᠎ᠤ᠎ᠬᠢ᠎ᠠᠴᠠ 30.72% ᠨᠡᠮᠡᠭᠳᠡᠪᠡ;ᠡᠩ᠎ᠤᠨ ᠤᠯᠠᠨ ᠨᠡᠢ᠌ᠲᠡ ᠵᠢᠨ ᠲᠥᠰᠦᠪ᠎ᠤᠨ ᠵᠠᠷᠤᠯᠭ᠎ᠠ᠎ᠳᠤ ᠡᠵᠡᠯᠡᠬᠦ ᠬᠤᠪᠢ ᠵᠢᠨ ᠵᠢᠩ᠎ᠨᠢ 0.65% ᠪᠠᠢ᠌ᠵᠤ᠂ᠲᠦᠷᠦᠭᠦᠦ ᠵᠢᠯ᠎ᠤᠨ᠎ᠬᠢ᠎ᠠᠴᠠ 0.08 ᠵᠠᠭᠤᠨ᠎ᠤ ᠨᠢᠭᠡᠴᠢ ᠳᠡᠭᠡᠭᠰᠢᠯᠡᠪᠡ  ᠃
n     ᠤᠢ᠍ᠢ᠍ᠷ᠎ᠠ ᠵᠢᠨ ᠵᠢᠯ᠎ᠠᠴᠠ ᠨᠠᠭ᠋ᠠᠰᠢ᠂ ᠮᠠᠨ᠎ᠤ ᠬᠤᠳᠠ《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》ᠠᠵᠢᠯᠯᠠᠭ᠎ᠠ ᠵᠢ ᠪᠦᠬᠦ ᠲᠠᠯ᠎ᠠ᠎ᠪᠠᠷ ᠠᠬᠢᠭᠤᠯᠬᠤ᠎ᠪᠠᠷ ᠠᠵᠠ ᠲᠣᠬᠢᠶᠠᠯ ᠪᠣᠯᠭ᠋ᠠᠵᠤ᠂ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢ ᠶᠡᠬᠡ᠎ᠪᠠᠷ ᠠᠬᠢᠭᠤᠯᠵᠤ᠂ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢᠨ ᠪᠠᠢ᠌ᠭᠤᠯᠤᠯᠲᠠ ᠵᠢᠨ ᠬᠢᠬᠠᠨ ᠮᠥᠯᠵᠢᠬᠦ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠢ᠌ᠷᠢ ᠰᠠᠭᠤᠷᠢ᠎ᠳᠤ ᠬᠢᠬᠠᠨ ᠮᠥᠯᠵᠢᠬᠦ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠣᠭᠣᠮᠲᠠ ᠰᠢᠪᠲᠤᠯᠵᠤ ᠴᠢᠳᠠᠪᠤᠷᠢᠲᠠᠨ᠎ᠤ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ ᠵᠡᠷᠭᠡ ᠡᠯ᠎ᠡ ᠲᠦᠷᠦᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠡᠯᠧᠮᠧᠨ᠋ᠲ ᠬᠠᠮᠵᠢᠯᠴᠠᠨ ᠥᠨᠳᠥᠷ ᠪᠦᠲᠦᠮᠵᠢᠲᠡᠢ᠎ᠪᠠᠷ ᠪᠦᠬᠦ ᠲᠠᠯ᠎ᠠ᠎ᠪᠠᠷ ᠬᠦᠴᠦᠯᠡᠵᠦ᠂ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠳᠤᠪᠤᠢ᠍ᠢ᠍ᠯᠭ᠋ᠠᠵᠤ᠂ᠴᠢᠨᠠᠷ ᠰᠠᠢ᠌ᠲᠠᠢ ᠬᠥᠭᠵᠢᠯᠲᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠠᠭᠤᠷᠢ ᠵᠢ ᠪᠡᠬᠢᠵᠢᠭᠦᠯᠵᠦ᠂ᠵᠠᠰᠠᠭ᠎ᠤᠨ ᠣᠷᠳᠣᠨ ᠵᠶ᠋ᠠᠷ ᠤᠳᠤᠷᠢᠳᠤᠮᠵᠢ ᠪᠣᠯᠭ᠋ᠠᠨ ᠠᠵᠤ ᠠᠬᠤᠢ᠌ᠯᠠᠯ ᠵᠶ᠋ᠠᠷ ᠭᠣᠣᠯ ᠴᠣᠭᠴᠠ ᠪᠣᠯᠭ᠋ᠠᠵᠤ ᠮᠥᠩᠭᠥᠨ ᠭᠦᠢ᠍ᠯᠭᠡᠭᠡ ᠵᠢᠴᠢ ᠨᠡᠢ᠌ᠭᠡᠮ᠎ᠤᠨ ᠬᠦᠷᠦᠩᠬᠡ᠎ᠳᠤ ᠡᠷᠬᠡᠰᠢᠶᠡᠬᠦ᠎ᠪᠠᠷ ᠨᠥᠬᠥᠪᠥᠷᠢ ᠪᠣᠯᠭ᠋ᠠᠭᠰᠠᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠵᠢᠨ ᠰᠢᠰᠳ᠋ᠸᠮ᠎ᠢ ᠪᠠᠢ᠌ᠭᠤᠯᠵᠤ᠂ᠪᠦᠬᠦ ᠬᠤᠳᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ  ᠃
      ᠲᠠᠷᠠᠭ᠋ᠠᠴᠢ ᠵᠢᠨ ᠠᠯᠬᠤᠮ᠎ᠳᠤ᠂ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠶᠡᠬᠡ᠎ᠪᠠᠷ ᠬᠡᠷᠡᠭᠵᠢᠭᠦᠯᠦᠨ᠂《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》ᠠᠵᠢᠯᠯᠠᠭ᠎ᠠ ᠵᠢ ᠭᠦᠨᠵᠡᠭᠡᠢ᠌ᠷᠡᠭᠦᠯᠵᠦ᠂ᠰᠤᠳᠤᠯᠤᠨ ᠨᠡᠭᠡᠭᠡᠬᠦ᠎ᠳᠤ ᠣᠷᠣᠭᠤᠯᠤᠯᠲᠠ ᠬᠢᠵᠦ ᠪᠣᠭᠣᠮᠲᠠ ᠰᠢᠪᠲᠤᠯᠤᠨ ᠪᠡᠷᠬᠡ ᠵᠢ ᠳᠠᠪᠠᠬᠤ ᠠᠵᠢᠯᠯᠠᠭ᠎ᠠ ᠵᠢ ᠪᠥᠬᠥ ᠲᠠᠯ᠎ᠠ᠎ᠪᠠᠷ ᠥᠷᠨᠢᠭᠦᠯᠵᠦ᠂ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠴᠢᠨᠠᠷ ᠰᠠᠢ᠌ᠲᠠᠶ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠦᠷᠭᠦᠯᠵᠢᠯᠡᠨ ᠴᠢᠩᠭ᠋ᠠᠳᠬᠠᠵᠤ᠂ᠰᠢᠨ᠎ᠡ ᠵᠢ ᠡᠭᠦᠳᠬᠦ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠪᠥᠬᠥ ᠲᠠᠯ᠎ᠠ᠎ᠪᠠᠷ ᠪᠣᠶ ᠪᠣᠯᠭ᠋ᠠᠵᠤ᠂ᠪᠠᠶᠠᠨ᠎ᠤ ᠣᠳᠣᠬᠢᠴᠢᠯᠠᠬᠤ ᠪᠥᠲᠥᠭᠡᠨ ᠪᠠᠢ᠌ᠭᠤᠯᠤᠯᠲᠠ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠵᠢᠭ᠋ᠠᠵᠤ ᠭᠠᠷᠭ᠋ᠠᠪᠠ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            