ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠶ᠋ᠢᠮᠠᠭ 2023 ᠣᠨ᠎ᠤ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠵᠢᠨ ᠴᠠᠭ᠎ᠢ ᠲᠡᠮᠳᠡᠭᠯᠡᠬᠦ ᠪᠣᠭᠤᠮᠲᠠ ᠰᠢᠪᠲᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-11-16

   
   2 ᠰᠠᠷ᠎ᠠ ᠵᠢᠨ ᠴᠣᠩᠬᠤᠪᠴᠢ ᠵᠢᠨ ᠬᠤᠭᠤᠴᠠᠭ᠎ᠠ ᠵᠢ ᠭᠦᠢ᠍ᠴᠡᠳ ᠠᠰᠢᠭᠯᠠᠨ᠂ 2023 ᠣᠨ᠎ᠤ ᠰᠤᠳᠤᠯᠤᠨ ᠨᠡᠭᠡᠭᠡᠬᠦ ᠵᠠᠷᠤᠳᠠᠯ᠎ᠤᠨ ᠣᠷᠣᠭᠤᠯᠤᠯᠲᠠ ᠵᠢᠨ ᠪᠣᠭᠤᠮᠲᠠ ᠰᠢᠪᠲᠤᠯᠬᠤ ᠬᠠᠷᠠᠯᠲᠠ ᠵᠢ ᠪᠡᠶᠡᠯᠡᠭᠦᠯᠬᠦ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠬᠤ ᠵᠢᠨ ᠲᠥᠯᠥᠭᠡ᠂ 11 ᠰᠠᠷ᠎ᠠ ᠵᠢᠨ 15᠎ᠤ ᠡᠳᠦᠷ᠂ ᠬᠢᠩᠭ᠋ᠠᠨ ᠠᠶ᠋ᠢᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ 《2023 ᠣᠨ᠎ᠤ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠴᠠᠭ᠎ᠢ ᠪᠤᠳᠤᠬᠤ ᠪᠣᠭᠤᠮᠲᠠ ᠰᠢᠪᠲᠤᠯᠬᠤ ᠬᠤᠷᠠᠯ》᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃ ᠠᠶ᠋ᠢᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠦᠩ ᠵᠢᠩ ᠶᠠᠩ᠂ ᠡᠯ᠎ᠡ ᠬᠤᠰᠢᠭᠤ ᠰᠢᠶᠠᠨ ᠬᠤᠳᠠ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠬᠤᠯᠪᠣᠭᠳᠠᠯ ᠪᠦᠬᠦᠢ ᠠᠵᠢᠯᠳᠠᠨ᠂ ᠬᠤᠯᠪᠣᠭᠳᠠᠯ ᠪᠦᠬᠦᠢ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ᠂ ᠡᠳ᠋᠎ᠤᠨ ᠶᠠᠪᠤᠳᠠᠯ᠎ᠤᠨ ᠠᠵᠢᠯᠲᠠᠨ ᠵᠡᠷᠭᠡ 40 ᠭᠠᠷᠤᠢ ᠬᠥᠮᠦᠨ ᠬᠤᠷᠠᠯ᠎ᠳᠤ ᠣᠷᠣᠯᠴᠠᠪᠠ᠃




    ᠬᠤᠷᠠᠯ᠎ᠠᠴᠠ᠂ 《ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ ᠵᠢᠨ ᠵᠠᠷᠤᠳᠠᠯ᠎ᠤᠨ ᠵᠠᠷᠤᠯᠭ᠎ᠠ ᠬᠢᠭᠡᠳ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠬᠠᠷᠢᠴᠠᠯ》 ᠪᠣᠯ ᠥᠪᠡᠷᠲᠡᠭᠡᠨ ᠵᠠᠰᠠᠬᠤ ᠣᠷᠣᠨ᠎ᠤ ᠬᠢᠨᠠᠨ ᠰᠢᠯᠭ᠋ᠠᠬᠤ ᠠᠶ᠋ᠢᠮᠠᠭ ᠬᠤᠲᠠ ᠵᠢᠨ ᠴᠢᠬᠤᠯᠠ ᠭᠦᠢ᠍ᠴᠡᠳᠬᠡᠯ ᠲᠤᠭ᠎ᠠ ᠮᠥᠨ᠂ ᠰᠤᠳᠤᠯᠤᠨ ᠨᠡᠭᠡᠭᠡᠬᠦ ᠣᠷᠣᠭᠤᠯᠤᠯᠲᠠ ᠪᠣᠯ ᠨᠢᠭᠡ ᠭᠠᠵᠠᠷ ᠣᠷᠣᠨ᠂ ᠨᠢᠭᠡ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠬᠡᠮᠵᠢᠬᠦ ᠭᠤᠣᠯ ᠭᠦᠢ᠍ᠴᠡᠳᠬᠡᠯ ᠲᠤᠭ᠎ᠠ ᠮᠥᠨ᠃ ᠡᠯ᠎ᠡ ᠬᠤᠰᠢᠭᠤ ᠰᠢᠶᠠᠨ ᠬᠤᠲᠠ ᠵᠢᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠪᠣᠭᠤᠮᠲᠠ ᠰᠢᠪᠲᠤᠯᠬᠤ ᠠᠵᠢᠯᠯᠠᠭ᠎ᠠ ᠵᠢᠨ ᠡᠭᠦᠷᠭᠡ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠵᠢᠯ᠎ᠢ ᠲᠦᠷᠭᠡᠨ ᠠᠬᠢᠭᠤᠯᠬᠤ ᠵᠢ ᠪᠠᠲᠤᠯᠠᠬᠤ ᠬᠡᠷᠡᠭᠲᠡᠶ᠃ ᠡᠯ᠎ᠡ ᠠᠵᠤ ᠠᠬᠤᠶ᠋ᠢᠯᠠᠯ 《ᠲᠤᠰᠬᠠᠶ ᠮᠡᠷᠭᠡᠵᠢᠯᠲᠡᠨ᠎ᠤ ᠲᠠᠪᠴᠠᠩ》᠎ᠤᠨ ᠵᠠᠭᠪᠤᠷ᠎ᠢ ᠭᠦᠶᠴᠡᠳ ᠠᠰᠢᠭᠯᠠᠵᠤ᠂ ᠰᠤᠳᠤᠯᠤᠨ ᠨᠡᠭᠡᠭᠡᠬᠦ ᠲᠤᠭ᠎ᠠ ᠪᠠᠷᠢᠮᠲᠠ ᠵᠢᠨ ᠬᠠᠮᠢᠶᠠᠷᠤᠯᠲᠠ ᠵᠢᠨ ᠳᠠᠭ᠋ᠠᠤ᠂ ᠰᠤᠳᠤᠯᠤᠨ ᠨᠡᠭᠡᠭᠡᠬᠦ ᠲᠥᠷᠥᠯ ᠵᠦᠶᠯ ᠪᠠᠶ᠋ᠢᠭᠤᠯᠵᠤ ᠴᠢᠳᠠᠬᠤ ᠥᠬᠡᠶ᠂ ᠰᠤᠳᠤᠯᠤᠨ ᠨᠡᠭᠡᠭᠡᠬᠦ ᠶᠠᠪᠤᠴᠠ ᠵᠢ ᠬᠠᠮᠢᠶᠠᠷᠴᠤ ᠴᠢᠳᠠᠬᠤ ᠥᠬᠡᠶ᠂ ᠰᠤᠳᠤᠯᠤᠨ ᠨᠡᠭᠡᠭᠡᠬᠦ ᠵᠠᠷᠤᠳᠠᠯ᠎ᠢ ᠪᠤᠴᠠᠭ᠋ᠠᠵᠤ ᠴᠢᠳᠠᠬᠤ ᠥᠬᠡᠶ ᠵᠡᠷᠭᠡ ᠡᠪᠡᠷᠰᠢᠶᠡᠯ ᠪᠠ ᠲᠦᠭᠵᠢᠷᠡᠯ᠎ᠤᠨ ᠠᠰᠠᠭᠤᠳᠠᠯ᠎ᠢ ᠦᠨᠡᠨ ᠬᠦ᠌ ᠰᠢᠶᠳᠪᠦᠷᠢᠯᠡᠵᠦ᠂ ᠰᠤᠳᠤᠯᠤᠨ ᠨᠡᠭᠡᠭᠡᠬᠦ ᠵᠠᠷᠤᠳᠠᠯ᠎ᠤᠨ ᠬᠠᠳᠠᠭ᠋ᠠᠯᠠᠯᠲᠠ ᠵᠢ ᠰᠢᠯᠢᠳᠡᠭᠵᠢᠭᠦᠯᠦᠨ᠂ ᠰᠤᠳᠤᠯᠤᠨ ᠨᠡᠭᠡᠭᠡᠬᠦ ᠵᠠᠷᠤᠳᠠᠯ᠎ᠤᠨ ᠨᠡᠮᠡᠭᠳᠡᠯ᠎ᠤᠨ ᠬᠡᠮᠵᠢᠶ᠎ᠡ ᠵᠢ ᠶᠡᠬᠡᠰᠬᠡᠵᠦ᠂ ᠬᠢᠩᠭ᠋ᠠᠨ ᠠᠶ᠋ᠢᠮᠠᠭ᠎ᠤᠨ R᠎ᠳᠤ ᠬᠦᠴᠦᠨ ᠨᠡᠮᠡᠷᠢᠯᠡᠬᠦ ᠬᠡᠷᠡᠭᠲᠡᠶ᠃





    ᠲᠣᠰ ᠤᠳᠠᠭ᠋ᠠᠨ᠎ᠤ ᠬᠤᠷᠠᠯ᠎ᠠᠴᠠ 《ᠶᠦᠨ ᠺᠧ ᠭᠠᠶ᠋ᠢᠯᠢ ᠵᠢᠨ ᠨᠡᠪᠲᠡᠷᠡᠯᠴᠡᠭᠡ》 ᠵᠢᠨ ᠲᠤᠰᠬᠠᠶ ᠮᠡᠷᠭᠡᠵᠢᠯᠲᠡᠨ᠎ᠤ ᠪᠦᠯᠬᠦᠮ᠎ᠤᠨ ᠬᠤᠸᠠᠩ ᠸᠧᠨ ᠵᠢᠨ ᠪᠠᠭᠰᠢ᠂ ᠬᠤᠸᠠᠩ ᠵᠢᠶᠦ᠋ᠨ ᠪᠠᠭᠰᠢ ᠵᠢ ᠤᠷᠢᠵᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠶ᠋ᠢᠯᠢ ᠰᠢᠯᠢᠳᠡᠭᠵᠢᠬᠦᠯᠬᠦ ᠲᠥᠷᠥ ᠵᠢᠨ ᠪᠣᠳᠣᠯᠭ᠎ᠠ᠎ᠳᠤ ᠴᠢᠭᠯᠡᠭᠦᠯᠦᠨ᠂ ᠰᠤᠳᠤᠯᠤᠨ ᠨᠡᠭᠡᠭᠡᠬᠦ ᠵᠠᠷᠤᠳᠠᠯ᠎ᠢ ᠴᠤᠭᠯᠠᠭᠤᠯᠤᠨ ᠡᠮᠬᠢᠳᠬᠡᠬᠦ᠂ 《ᠶᠦᠨ ᠺᠧ ᠭᠠᠶ᠋ᠢᠯᠢ ᠵᠢᠨ ᠨᠡᠪᠲᠡᠷᠬᠡᠶ ᠲᠠᠪᠴᠠᠩ》᠎ᠤᠨ ᠬᠡᠷᠡᠭᠯᠡᠯᠲᠡ ᠵᠢᠨ ᠦᠨ᠎ᠡ ᠥᠷᠲᠡᠭ᠎ᠢ ᠨᠠᠷᠢᠨ ᠲᠠᠶ᠋ᠢᠯᠪᠤᠷᠢᠯᠠᠵᠤ᠂ ᠬᠤᠰᠢᠭᠤ ᠰᠢᠶᠠᠨ ᠬᠤᠲᠠ ᠵᠢᠨ ᠠᠵᠤ ᠠᠬᠤᠶ᠋ᠢᠯᠠᠯ᠎ᠳᠤ ᠦᠢ᠍ᠯᠡᠴᠢᠯᠡᠬᠦ ᠵᠢ ᠵᠢᠯᠣᠭᠤᠳᠤᠨ ᠰᠤᠳᠤᠯᠤᠨ ᠨᠡᠭᠡᠭᠡᠬᠦ ᠵᠠᠷᠤᠳᠠᠯ᠎ᠢ ᠴᠤᠭᠯᠠᠭᠤᠯᠤᠨ ᠰᠤᠳᠤᠯᠬᠤ ᠠᠵᠢᠯ᠎ᠢ ᠰᠠᠶ᠋ᠢᠲᠤᠷ ᠬᠢᠵᠦ᠂ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ ᠠᠵᠢᠯᠯᠠᠭ᠋ᠠᠨ᠎ᠤ ᠬᠠᠮᠢᠶᠠᠷᠤᠯᠲᠠ ᠵᠢᠨ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠤᠮᠲᠠ ᠰᠢᠪᠲᠤᠯᠬᠤ ᠠᠵᠢᠯᠯᠠᠭ᠎ᠠ ᠵᠢ ᠴᠢᠨᠠᠷ ᠰᠠᠶ᠋ᠢᠲᠠᠶ ᠥᠨᠳᠥᠷ ᠪᠦᠲᠦᠮᠵᠢᠲᠡᠶ᠎ᠪᠠᠷ ᠠᠬᠢᠭᠤᠯᠬᠤ᠎ᠳᠤ ᠮᠠᠰᠢ ᠴᠢᠩᠭ᠎ᠠ ᠬᠠᠨᠳᠤᠯᠭ᠋ᠠᠲᠤ ᠴᠢᠨᠠᠷ ᠪᠠ ᠦᠢ᠍ᠯᠡᠳᠦᠯᠭᠡ ᠵᠢᠨ ᠴᠢᠨᠠᠷ᠎ᠲᠠᠢ ᠶᠤᠮ᠃
    ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠲᠣᠪᠴᠢᠶ᠎ᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠡᠯ᠎ᠡ ᠬᠤᠰᠢᠭᠤ ᠰᠢᠶᠠᠨ ᠬᠤᠲᠠ ᠵᠢᠨ ᠠᠵᠤ ᠠᠬᠤᠶ᠋ᠢᠯᠠᠯ᠎ᠳᠤ ᠣᠴᠢᠭᠤᠯᠤᠨ ᠲᠤᠬᠠᠶ ᠵᠢᠨ ᠭᠠᠵᠠᠷ᠎ᠲᠤᠨᠢ ᠵᠢᠯᠣᠭᠤᠳᠣᠯᠭ᠎ᠠ ᠬᠢᠵᠦ᠂ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠰᠠᠭᠤᠷᠢ ᠲᠤᠭ᠎ᠠ ᠵᠢ ᠲᠣᠳᠣᠷᠬᠠᠶ ᠣᠶ᠋ᠢᠯᠠᠭ᠋ᠠᠬᠤ ᠵᠢᠨ ᠬᠠᠮᠲᠤ᠂ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠢ ᠴᠤᠭᠯᠠᠭᠤᠯᠤᠨ ᠣᠷᠣᠰᠢᠵᠤ ᠪᠠᠶ᠋ᠢᠭ᠎ᠠ ᠠᠰᠠᠭᠤᠳᠠᠯ᠎ᠳᠤ ᠴᠢᠭᠯᠡᠭᠦᠯᠦᠨ ᠲᠤᠬᠠᠶ ᠵᠢᠨ ᠭᠠᠵᠠᠷ᠎ᠲᠤᠨᠢ ᠵᠢᠯᠣᠭᠤᠳᠣᠯᠭ᠎ᠠ ᠬᠢᠵᠦ᠂ ᠠᠵᠤ ᠠᠬᠤᠶ᠋ᠢᠯᠠᠯ᠎ᠢ ᠬᠠᠪᠰᠤᠷᠤᠨ ᠰᠤᠳᠤᠯᠤᠨ ᠨᠡᠭᠡᠭᠡᠬᠦ ᠵᠠᠷᠤᠳᠠᠯ᠎ᠢ ᠵᠣᠬᠢᠰᠲᠠᠶ ᠴᠤᠭᠯᠠᠭᠤᠯᠵᠤ᠂ ᠲᠠᠷᠠᠭ᠋ᠠᠴᠢ ᠵᠢᠨ ᠠᠯᠬᠤᠮ᠎ᠤᠨ ᠰᠤᠳᠤᠯᠤᠨ ᠨᠡᠭᠡᠭᠡᠬᠦ ᠵᠠᠷᠤᠳᠠᠯ᠎ᠢ ᠪᠦᠷᠢᠳᠬᠡᠨ ᠲᠠᠭᠯᠠᠬᠤ᠎ᠳᠤ ᠰᠠᠶ᠋ᠢᠨ ᠰᠠᠭᠤᠷᠢ ᠲᠠᠯᠪᠢᠵᠤ᠂ ᠲᠤᠰᠢᠶᠠᠪᠠᠰᠤ ᠵᠣᠬᠢᠬᠤ ᠵᠢ᠎ᠨᠢ ᠪᠦᠬᠦᠨ᠎ᠢ ᠲᠤᠰᠢᠶᠠᠵᠤ᠂ ᠨᠢᠭᠡᠳᠬᠡᠪᠡᠰᠦ ᠵᠣᠬᠢᠬᠤ ᠵᠢ᠎ᠨᠢ ᠪᠦᠬᠦᠨ᠎ᠢ ᠨᠢᠭᠡᠳᠬᠡᠬᠦ ᠵᠢ ᠪᠡᠶᠡᠯᠡᠭᠦᠯᠦᠨ᠎ᠡ᠃
   

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            