ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠬᠥᠬᠡᠬᠣᠲᠠ ᠵᠢᠨ ᠲᠣᠭ᠎ᠠ ᠪᠦᠷᠢᠳᠬᠡᠯ᠎ᠤᠨ ᠲᠣᠪᠴᠢᠶ᠎ᠠ᠎ᠲᠠᠢ ᠬᠠᠮᠲᠤᠷᠠᠨ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠠᠵᠤ ᠠᠬᠤᠢ᠌ᠯᠠᠯ᠎ᠳᠤ ᠬᠦᠷᠴᠦ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠠᠢ᠌ᠴᠠᠭ᠋ᠠᠨ ᠰᠤᠳᠤᠯᠤᠯᠲᠠ ᠵᠢᠴᠢ ᠬᠠᠪᠰᠤᠷᠤᠨ ᠵᠢᠯᠣᠭᠣᠳᠣᠯᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2023-02-14


      2 ᠳ᠋ᠤᠭ᠋ᠠᠷ ᠰᠠᠷ᠎ᠠ ᠵᠢᠨ 8᠎ᠤ ᠡᠳᠦᠷ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠬᠣᠲᠠ ᠵᠢᠨ ᠲᠣᠭ᠎ᠠ ᠪᠦᠷᠢᠳᠬᠡᠯ᠎ᠤᠨ ᠲᠣᠪᠴᠢᠶ᠎ᠠ᠎ᠲᠠᠢ ᠬᠠᠮᠲᠤᠷᠠᠨ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠠᠵᠤ ᠠᠬᠤᠢ᠌ᠯᠠᠯ᠎ᠳᠤ ᠣᠴᠢᠭᠤᠯᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠠᠢ᠌ᠴᠠᠭ᠋ᠠᠨ ᠰᠤᠳᠤᠯᠤᠯᠲᠠ ᠵᠢᠴᠢ ᠬᠠᠪᠰᠤᠷᠤᠨ ᠵᠢᠯᠣᠭᠣᠳᠬᠤ ᠠᠵᠢᠯᠯᠠᠭ᠎ᠠ ᠥᠷᠨᠢᠭᠦᠯᠪᠡ  ᠃ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠲᠤᠬᠠᠢ᠌ᠯᠠᠭᠰᠠᠨ ᠠᠵᠢᠯ᠎ᠤᠨ ᠰᠠᠯᠠᠭ᠎ᠠ ᠲᠠᠰᠤᠭ᠎ᠢ ᠭᠤᠷᠪᠠᠨ ᠳᠤᠭᠤᠢ᠌ᠯᠠᠩ ᠬᠤᠪᠢᠶᠠᠵᠤ᠂ ᠬᠣᠲᠠ ᠵᠢᠨ ᠲᠣᠭ᠎ᠠ ᠪᠦᠷᠢᠳᠬᠡᠯ᠎ᠤᠨ ᠲᠣᠪᠴᠢᠶ᠎ᠠ᠎ᠲᠠᠢ ᠬᠠᠮᠲᠤᠷᠠᠨ᠂ ᠪᠡᠭᠡᠵᠢᠩ᠎ᠤᠨ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠠᠢ᠌ᠯᠢ ᠲᠠᠲᠠᠪᠤᠷᠢ ᠵᠢ ᠨᠡᠪᠲᠡᠷᠡᠭᠦᠯᠬᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠬᠢᠵᠠᠭ᠋ᠠᠷᠲᠤ ᠺᠣᠮᠫᠠᠨᠢ ᠵᠢᠨ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ᠂ ᠲᠦᠮᠡᠳ ᠵᠡᠭᠦᠨ ᠬᠣᠰᠢᠭᠤ᠂ ᠨᠡᠭᠡᠭᠡᠯᠲᠡ ᠵᠢᠨ ᠲᠣᠭᠣᠷᠢᠭ᠂ ᠬᠣᠷᠢᠨᠭᠡᠷ ᠰᠢᠶᠠᠨ᠂ ᠴᠢᠩ ᠱᠦᠶ ᠾᠧ ᠰᠢᠶᠠᠨ ᠵᠡᠷᠭᠡ 6 ᠠᠵᠤ ᠠᠬᠤᠢ᠌ᠯᠠᠯ᠎ᠳᠤ ᠭᠦᠨᠵᠡᠭᠡᠢ᠌ᠷᠡᠨ᠂ ᠠᠵᠤ ᠠᠬᠤᠢ᠌ᠯᠠᠯ᠎ᠤᠨ ᠡᠳ᠋᠎ᠤᠨ ᠶᠠᠪᠤᠳᠠᠯ᠂ ᠮᠡᠷᠭᠡᠵᠢᠯ᠂ ᠰᠤᠳᠤᠯᠤᠨ ᠨᠡᠭᠡᠭᠡᠬᠦ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠠᠵᠢᠯᠲᠠᠳ᠎ᠲᠠᠢ ᠨᠢᠭᠤᠷᠳᠠᠨ ᠰᠣᠯᠢᠯᠴᠠᠵᠤ᠂ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠵᠢᠨ ᠪᠠᠢ᠌ᠴᠠᠭ᠋ᠠᠨ ᠰᠤᠳᠤᠯᠤᠯᠲᠠ ᠵᠢᠴᠢ ᠲᠤᠬᠠᠶ ᠵᠢᠨ ᠲᠠᠯᠠᠪᠠᠶ ᠵᠢᠨ ᠬᠠᠪᠰᠤᠷᠤᠨ ᠵᠢᠯᠣᠭᠣᠳᠣᠯᠭ᠎ᠠ ᠥᠷᠨᠢᠭᠦᠯᠵᠦ᠂ ᠬᠠᠮᠢᠶ᠎ᠠ ᠪᠥᠬᠥᠶ ᠡᠳ᠋᠎ᠤᠨ ᠶᠠᠪᠤᠳᠠᠯ᠂ ᠲᠥᠷᠥᠯ ᠵᠦᠢᠯ᠎ᠤᠨ ᠮᠠᠲ᠋ᠧᠷᠢᠶᠠᠯ᠎ᠢ ᠪᠠᠢ᠌ᠴᠠᠭ᠋ᠠᠨ ᠦᠵᠡᠵᠦ᠂ ᠠᠵᠤ ᠠᠬᠤᠢ᠌ᠯᠠᠯ᠎ᠤᠨ ᠳᠤᠷᠠᠳᠤᠭᠰᠠᠨ ᠠᠰᠠᠭᠤᠯᠲᠠ ᠵᠢ ᠬᠦᠯᠢᠴᠡᠩᠭᠦᠶ᠎ᠪᠠᠷ ᠬᠠᠷᠢᠭᠤᠯᠵᠤ᠂ ᠬᠠᠢ᠌ᠷ᠎ᠠ ᠬᠠᠯᠠᠮᠵᠢ ᠪᠠ ᠲᠤᠰᠬᠠᠶ ᠦᠢᠯᠡᠴᠢᠯᠡᠭᠡ ᠵᠢ ᠠᠵᠤ ᠠᠬᠤᠢ᠌ᠯᠠᠯ᠎ᠤᠨ ᠳᠡᠷᠭᠡᠳᠡ ᠬᠦᠷᠭᠡᠪᠡ  ᠃
      ᠲᠣᠰ ᠤᠳᠠᠭ᠎ᠠ ᠠᠵᠤ ᠠᠬᠤᠢ᠌ᠯᠠᠯ᠎ᠳᠤ ᠣᠷᠣᠵᠤ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ ᠵᠢᠨ ᠪᠠᠢ᠌ᠴᠠᠭ᠋ᠠᠨ ᠰᠤᠳᠤᠯᠤᠯᠲᠠ ᠵᠢᠴᠢ ᠬᠠᠪᠰᠤᠷᠤᠨ ᠵᠢᠯᠣᠭᠣᠳᠬᠤ ᠠᠵᠢᠯᠯᠠᠭ᠎ᠠ᠎ᠨᠢ 2 ᠰᠠᠷ᠎ᠠ ᠵᠢᠨ 10᠎ᠤ ᠡᠳᠦᠷ ᠪᠣᠯᠲᠠᠯ᠎ᠠ ᠶᠠᠪᠤᠭᠳᠠᠵᠤ᠂ ᠵᠢᠨ ᠢᠦ᠋ᠶ ᠪᠦ᠋ᠦ ᠯᠢᠩ ᠠᠮᠢᠳᠤ ᠪᠣᠳᠠᠰ᠎ᠤᠨ ᠡᠮ᠎ᠤᠨ ᠵᠦᠢᠯ᠎ᠤᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠮᠸᠩ ᠨᠢᠤ ᠰᠦ ᠵᠢᠨ ᠦᠢᠯᠡᠰ (ᠪᠦᠯᠦᠭᠯᠡᠯ)᠎ᠤᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ᠂ ᠥᠪᠥᠷ ᠮᠣᠩᠭᠣᠯ᠎ᠤᠨ ᠰᠸᠨᠤ᠋ ᠰᠢᠨ᠎ᠡ ᠮᠠᠲ᠋ᠧᠷᠢᠶᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠡᠷᠭᠡ 14 ᠠᠵᠤ ᠠᠬᠤᠢ᠌ᠯᠠᠯ᠎ᠢ ᠪᠠᠢ᠌ᠴᠠᠭ᠋ᠠᠨ ᠰᠤᠳᠤᠯᠵᠤ ᠰᠤᠷᠪᠤᠯᠵᠢᠯᠠᠬᠤ᠎ᠪᠠᠷ ᠲᠥᠯᠥᠪᠯᠡᠵᠦ᠂ ᠠᠮᠢᠳᠤ ᠪᠣᠳᠠᠰ᠎ᠤᠨ ᠡᠮ ᠡᠮᠨᠡᠯᠭᠡ᠂ ᠰᠦ ᠵᠢᠨ ᠦᠢᠯᠡᠰ᠂ ᠰᠢᠨ᠎ᠡ ᠮᠠᠲ᠋ᠧᠷᠢᠶᠠᠯ ᠵᠡᠷᠭᠡ ᠡᠯ᠎ᠡ ᠬᠦᠷᠢᠶ᠎ᠡ ᠵᠢ ᠬᠠᠮᠤᠷᠴᠠᠶ  ᠃ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠵᠠᠷᠤᠳᠠᠯ᠎ᠢ ᠴᠤᠭᠯᠠᠭᠤᠯᠤᠭᠰᠠᠨ᠎ᠨᠢ ᠨᠠᠷᠢᠯᠢᠭ ᠣᠨᠣᠪᠴᠢᠲᠠᠶ ᠪᠢᠰᠢ᠂ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ ᠵᠢ ᠣᠢ᠌ᠯᠠᠭ᠋ᠠᠭᠰᠠᠨ᠎ᠨᠢ ᠪᠣᠳᠠᠲᠠᠶ ᠪᠢᠰᠢ᠂ ᠲᠣᠭ᠎ᠠ ᠪᠠᠷᠢᠮᠲᠠ ᠵᠢ ᠲᠠᠭᠯᠠᠨ ᠮᠡᠳᠡᠭᠦᠯᠦᠭᠰᠡᠨ᠎ᠨᠢ ᠣᠨᠣᠪᠴᠢᠲᠠᠶ ᠪᠢᠰᠢ ᠵᠡᠷᠭᠡ ᠠᠰᠠᠭᠤᠳᠠᠯ᠎ᠳᠤ ᠴᠢᠭᠯᠡᠭᠦᠯᠦᠨ᠂ ᠠᠵᠤ ᠠᠬᠤᠢ᠌ᠯᠠᠯ᠎ᠳᠤ ᠨᠠᠷᠢᠯᠢᠭ ᠣᠨᠣᠴᠠᠲᠠᠶ᠂ ᠲᠤᠰᠬᠠᠢ᠌ᠵᠢᠭᠰᠠᠨ ᠲᠤᠬᠠᠶ ᠵᠢᠨ ᠲᠠᠯᠠᠪᠠᠶ ᠵᠢᠨ ᠲᠠᠢ᠌ᠯᠤᠮᠵᠢ ᠪᠠ ᠬᠠᠪᠰᠤᠷᠤᠨ ᠵᠢᠯᠣᠭᠣᠳᠣᠯᠭ᠎ᠠ ᠬᠠᠩᠭ᠋ᠠᠨ᠎ᠠ  ᠃ ᠪᠠᠢ᠌ᠴᠠᠭ᠋ᠠᠨ ᠰᠤᠳᠤᠯᠤᠯᠲᠠ ᠵᠢᠴᠢ ᠬᠠᠪᠰᠤᠷᠤᠨ ᠵᠢᠯᠣᠭᠣᠳᠬᠤ ᠠᠵᠢᠯᠯᠠᠭ᠎ᠠ ᠳᠠᠭᠤᠰᠤᠭᠰᠠᠨ᠎ᠤ ᠳᠠᠷᠠᠭ᠎ᠠ᠂ ᠬᠥᠬᠡᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠢ ᠴᠤᠭᠯᠠᠭᠤᠯᠬᠤ ᠠᠰᠠᠭᠤᠳᠠᠯ᠎ᠳᠤ ᠴᠢᠭᠯᠡᠭᠦᠯᠦᠨ᠂ ᠦᠷᠭᠦᠯᠵᠢᠯᠡᠨ ᠮᠥᠷᠳᠡᠨ ᠬᠠᠪᠰᠤᠷᠤᠨ ᠵᠢᠯᠣᠭᠣᠳᠴᠤ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠵᠠᠷᠤᠳᠠᠯ᠎ᠢ ᠲᠣᠭᠲᠠᠭ᠋ᠠᠯ᠎ᠳᠤ ᠨᠡᠢ᠌ᠴᠡᠭᠦᠯᠦᠨ ᠳᠡᠭᠡᠭᠰᠢᠯᠡᠭᠦᠯᠬᠦ᠎ᠳᠤ ᠬᠦᠴᠦᠨ ᠨᠡᠮᠡᠷᠢᠯᠡᠵᠦ᠂ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠡᠯ᠎ᠡ ᠵᠦᠢᠯ᠎ᠤᠨ ᠱᠠᠩᠨᠠᠯ ᠨᠥᠬᠥᠪᠥᠷᠢ ᠵᠢᠨ ᠲᠥᠷᠥ ᠵᠢᠨ ᠪᠣᠳᠣᠯᠭ᠎ᠠ ᠵᠢ ᠨᠠᠷᠢᠯᠢᠭ ᠨᠠᠢ᠌ᠳᠠᠪᠤᠷᠢᠵᠢᠭᠤᠯᠤᠨ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ᠎ᠪᠠᠨ ᠨᠡᠮᠡᠭᠳᠡᠭᠦᠯᠬᠦ ᠵᠢ ᠬᠥᠲᠥᠯᠥᠨ ᠵᠢᠯᠣᠭᠣᠳᠴᠤ ᠳᠠᠢ᠌ᠴᠢᠯᠠᠨ᠂ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ  ᠃


ᠢᠷᠡᠯᠲᠡ᠄ ᠬᠥᠬᠡᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            