ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠰᠢᠯᠢ ᠵᠢᠨ ᠭᠣᠤᠯ ᠠᠢ᠌ᠮᠠᠭ᠎ᠲᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ ᠰᠢᠨ᠎ᠡ᠎ᠪᠠᠷ ᠨᠡᠮᠡᠭᠳᠡᠪᠡ
ᠨᠡᠶ᠋ᠢᠲᠡᠯᠡᠭᠰᠡᠨ ᠴᠠᠭ᠄ 2023-02-14


    ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ 2022 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠨᠡᠷᠡᠰ᠎ᠢ ᠨᠡᠢ᠌ᠲᠡᠯᠡᠵᠦ᠂ ᠵᠢᠩ ᠨᠧᠩ (ᠰᠢᠯᠢ ᠵᠢᠨ ᠭᠣᠤᠯ) ᠴᠠᠬᠢᠯᠭ᠋ᠠᠨ ᠭᠠᠷᠭ᠋ᠠᠬᠤ ᠬᠢᠵᠠᠭ᠋ᠠᠷᠲᠤ ᠺᠣᠮᠫᠠᠨᠢ ᠵᠢᠨ ᠭᠤᠶᠤᠴᠢᠯᠠᠨ ᠮᠡᠳᠡᠭᠦᠯᠦᠭᠰᠡᠨ 《ᠵᠢᠩ ᠨᠧᠩ ᠦ ᠵᠢᠶᠠᠨ ᠹᠠᠩ ᠡᠨᠧᠷᠭᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ》᠎ᠳᠤ ᠲᠣᠳᠣᠷᠠᠪᠠ᠂ ᠣᠲᠣ ᠪᠣᠯᠲᠠᠯ᠎ᠠ ᠮᠠᠨ᠎ᠤ ᠠᠢ᠌ᠮᠠᠭ᠎ᠲᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ 9 ᠪᠠᠢ᠌ᠨ᠎ᠠ  ᠃
      ᠵᠢᠩ ᠨᠧᠩ ᠦ ᠵᠢᠶᠠᠨ ᠹᠠᠩ ᠡᠨᠧᠷᠭᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ 《ᠬᠣᠤᠰ ᠨᠡᠭᠦᠷᠡᠰᠦᠲᠥ᠋ᠷᠥᠭᠴᠢ᠎ᠳᠤ ᠠᠩᠬᠠᠷᠤᠯ ᠵᠶ᠋ᠠᠨ ᠲᠥᠪᠯᠡᠷᠡᠭᠦᠯᠬᠦ ᠬᠠᠷᠠᠯᠲᠠᠲᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠨᠢ ᠤᠯᠠᠮᠵᠢᠯᠠᠯᠲᠤ ᠡᠨᠧᠷᠭᠢ ᠵᠢᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ᠎ᠳᠤ ᠬᠦᠴᠦᠨ ᠨᠡᠮᠡᠷᠢᠯᠡᠬᠦ》᠎ᠪᠠᠷ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠭᠣᠤᠯ ᠰᠡᠳᠦᠪ ᠪᠣᠯᠭ᠋ᠠᠪᠠ᠂ ᠨᠡᠭᠡᠭᠡᠯᠲᠡ ᠬᠢᠭᠰᠡᠨ ᠶᠡᠷᠦᠩᠬᠡᠶ ᠲᠠᠯᠠᠪᠠᠶ᠎ᠨᠢ 40 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠡᠶ᠂ ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠡᠨᠧᠷᠭᠢ ᠵᠢᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠢ ᠢᠳᠡᠪᠬᠢᠲᠡᠢ ᠪᠠᠢ᠌ᠭᠤᠯᠤᠨ᠎ᠠ᠂ 《ᠤᠰᠤ ᠴᠠᠬᠢᠯᠭ᠋ᠠᠨ ᠬᠣᠯᠪᠣᠭ᠋ᠠᠯᠠᠨ ᠦᠢᠯᠡᠳᠪᠦᠷᠢᠯᠡᠬᠦ》᠎ᠪᠠᠷ ᠲᠥᠯᠥᠭᠡᠯᠡᠭᠦᠯᠦᠭᠰᠡᠨ 《ᠲᠠᠪᠤᠨ ᠪᠥᠬᠥ ᠪᠥᠮᠪᠥᠷᠴᠡᠭ᠎ᠤᠨ ᠠᠩᠬᠠᠳᠠᠭᠴᠢ》 ᠬᠤᠷᠠᠮᠠᠯ ᠰᠢᠨ᠎ᠡ ᠵᠢ ᠡᠭᠦᠳᠬᠦ ᠬᠡᠷᠡᠭᠯᠡᠯᠲᠡ᠂ ᠪᠣᠬᠢᠷᠲᠤᠯ ᠥᠬᠡᠶ ᠣᠷᠭ᠋ᠠᠨᠢᠭ ᠢᠳᠡᠰᠢᠨ ᠨᠣᠭᠣᠭ᠎ᠠ ᠵᠢᠨ ᠠᠮᠢ ᠠᠬᠤᠶ ᠵᠢᠨ ᠲᠠᠷᠢᠮᠠᠯ ᠵᠢᠴᠢ ᠨᠤᠲᠤᠭ ᠪᠡᠯᠴᠢᠭᠡᠷ᠎ᠤᠨ ᠠᠮᠢ ᠠᠬᠤᠶ ᠵᠢ ᠰᠡᠷᠭᠦᠭᠡᠬᠦ ᠲᠥᠷᠥᠯ ᠵᠦᠢᠯ ᠵᠡᠷᠭᠡ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠰᠣᠯᠢᠯᠴᠠᠵᠤ ᠳᠡᠯᠭᠡᠨ ᠦᠵᠡᠭᠦᠯᠦᠨ᠎ᠡ᠂ ᠡᠯ᠎ᠡ ᠰᠤᠷᠭ᠋ᠠᠨ ᠬᠥᠮᠦᠵᠢᠯ᠎ᠤᠨ ᠪᠠᠢ᠌ᠭᠤᠯᠤᠮᠵᠢ ᠵᠢᠨ ᠲᠥᠯᠥᠪᠵᠢᠭᠦᠯᠪᠡ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠲᠠᠢ ᠵᠣᠯᠭ᠋ᠠᠭᠤᠯᠤᠨ᠎ᠠ᠂ ᠡᠭᠦᠨ᠎ᠠᠴᠠ ᠭᠠᠳᠠᠨ᠎ᠠ ᠰᠣᠶᠣᠯ ᠵᠢᠭᠤᠯᠴᠢᠯᠠᠯ᠎ᠤᠨ ᠦᠢᠯᠡᠴᠢᠯᠡᠭᠡᠨ᠎ᠤ ᠲᠠᠪᠴᠠᠩ ᠵᠢᠴᠢ ᠲᠤᠬᠠᠶ ᠵᠢᠨ ᠭᠠᠵᠠᠷ᠎ᠤᠨ ᠵᠢᠭᠤᠯᠴᠢᠯᠠᠯ᠎ᠤᠨ ᠬᠣᠷᠢᠶ᠎ᠠ᠎ᠲᠠᠢ ᠬᠠᠮᠲᠤᠷᠠᠨ᠎ᠠ᠂ ᠵᠢᠩ ᠨᠸᠩ 《ᠲᠠᠪᠤᠨ ᠲᠠᠰᠤᠯᠭ᠎ᠠ ᠭᠡᠷ - ᠤᠯᠠᠭ᠋ᠠᠨ ᠤᠲᠠᠢ - ᠮᠠᠯᠴᠢᠳ᠎ᠤᠨ ᠭᠡᠷ - ᠤᠯᠠᠭ᠋ᠠᠢ》 ᠶᠡᠷᠦᠩᠬᠡᠢ᠌ᠯᠡᠭᠰᠡᠨ ᠴᠢᠨᠠᠷᠲᠠᠢ ᠠᠵᠤ ᠦᠢᠯᠡᠳᠪᠦᠷᠢ ᠵᠢᠨ ᠬᠣᠶᠠᠷ ᠡᠳᠦᠷ᠎ᠤᠨ ᠵᠤᠭ᠋ᠠᠴᠠᠯ ᠵᠡᠷᠭᠡ ᠲᠥᠷᠥᠯ ᠵᠦᠢ᠍ᠯ᠎ᠢ ᠥᠷᠨᠢᠭᠦᠯᠦᠨ᠎ᠡ  ᠃
      ᠣᠢ᠌ᠷ᠎ᠠ ᠵᠢᠨ ᠵᠢᠯ᠎ᠤᠨ ᠲᠤᠷᠰᠢ᠂ ᠰᠢᠯᠢ ᠵᠢᠨ ᠭᠣᠤᠯ ᠠᠢ᠌ᠮᠠᠭ ᠢᠮᠠᠭᠲᠠ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠶᠠᠪᠤᠳᠠᠯ᠎ᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠯᠦᠭᠡ ᠠᠳᠠᠯᠢ ᠴᠢᠬᠤᠯᠠ ᠪᠠᠢ᠌ᠷᠢᠨ᠎ᠳᠤ ᠲᠠᠯᠪᠢᠵᠤ᠂ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠬᠢᠭᠡᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠣᠤᠰ ᠬᠦᠷᠳᠦ᠎ᠪᠠᠷ ᠬᠥᠳᠡᠯᠭᠡᠭᠦᠷ ᠪᠣᠯᠭ᠋ᠠᠬᠤ ᠵᠢ ᠪᠠᠷᠢᠮᠲᠠᠯᠠᠨ᠂ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠵᠦ᠂ ᠰᠢᠨᠵᠢᠯᠡᠬᠦ ᠤᠬᠠᠭ᠋ᠠᠨᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠰᠢᠨᠵᠢᠯᠡᠬᠦ ᠤᠬᠠᠭ᠋ᠠᠨᠴᠢ ᠠᠷᠭ᠎ᠠ ᠵᠢ ᠰᠠᠨᠠᠭ᠋ᠠᠴᠢᠯᠠᠵᠤ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠨᠡᠢ᠌ᠭᠡᠮᠴᠢ ᠴᠢᠨᠠᠷᠲᠠᠶ᠂ ᠣᠯᠠᠨ ᠲᠦᠮᠡᠨᠴᠢ ᠴᠢᠨᠠᠷᠲᠠᠶ᠂ ᠪᠠᠢ᠌ᠩᠭᠤ ᠵᠢᠨ ᠴᠢᠨᠠᠷᠲᠠᠶ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠬᠦ ᠪᠦᠲᠦᠮᠵᠢᠲᠡᠶ ᠲᠠᠪᠴᠠᠩ ᠪᠣᠯᠭ᠋ᠠᠨ ᠪᠠᠢ᠌ᠭᠤᠯᠵᠤ᠂ ᠰᠢᠨᠵᠢᠯᠡᠬᠦ ᠤᠬᠠᠭ᠋ᠠᠨ ᠲᠦᠭᠡᠮᠡᠯᠵᠢᠭᠦᠯᠬᠦ ᠤᠬᠠᠭᠤᠯᠭ᠎ᠠ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠨ᠎ᠳᠤ ᠬᠥᠲᠥᠯᠥᠨ ᠳᠠᠭ᠋ᠠᠭᠤᠯᠬᠤ᠂ ᠳᠠᠢ᠌ᠴᠢᠯᠠᠬᠤ᠂ ᠨᠥᠯᠥᠭᠡᠯᠡᠬᠦ ᠦᠢᠯᠡᠳᠦᠯ ᠦᠵᠡᠭᠦᠯᠪᠡ  ᠃

ᠢᠷᠡᠯᠲᠡ᠄ ᠰᠢᠯᠢ ᠵᠢᠨ ᠭᠣᠤᠯ ᠠᠢ᠌ᠮᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            