ᠬᠠᠲᠤᠨ ᠭᠣᠤᠯ᠎ᠤᠨ ᠴᠢᠬᠤᠯᠠ ᠶᠡᠬᠡ ᠤᠯᠤᠰ᠎ᠤᠨ ᠪᠠᠢ᠌ᠯᠳᠤᠬᠤ ᠪᠣᠳᠣᠯᠭ᠎ᠠ ᠵᠢ ᠪᠣᠳᠠᠲᠠᠶ᠎ᠳᠤ ᠨᠠᠢ᠌ᠳᠠᠪᠤᠷᠢᠵᠢᠭᠤᠯᠬᠤ ᠵᠢ ᠭᠦᠨᠵᠡᠭᠡᠶ ᠠᠬᠢᠭᠤᠯᠬᠤ ᠵᠢᠨ ᠲᠥᠯᠥᠭᠡ᠂ ᠣᠢ᠌ᠷ᠎ᠠ ᠵᠢᠨ ᠵᠢᠯ᠎ᠳᠤ᠂ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠬᠠᠲᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠶ ᠵᠢᠨ ᠬᠠᠮᠠᠭ᠋ᠠᠯᠠᠯᠲᠠ ᠪᠠ ᠴᠢᠨᠠᠷ ᠰᠠᠢ᠌ᠲᠠᠶ ᠬᠥᠭᠵᠢᠯᠲᠡ᠎ᠠᠴᠠ ᠡᠭᠦᠰᠴᠦ᠂ ᠤᠯᠠᠮᠵᠢᠯᠠᠯᠲᠤ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠢᠳᠡᠪᠬᠢᠲᠡᠶ ᠠᠬᠢᠭᠤᠯᠵᠤ᠂ ᠡᠨᠧᠷᠭᠢ ᠵᠢᠨ ᠬᠣᠷᠣᠭᠳᠠᠯ ᠶᠡᠬᠡᠲᠡᠶ ᠲᠥᠷᠥᠯ ᠵᠦᠢᠯ᠎ᠢ ᠰᠣᠬᠣᠷ ᠪᠠᠯᠠᠶ᠎ᠪᠠᠷ ᠬᠥᠭᠵᠢᠭᠦᠯᠬᠦ ᠵᠢ ᠡᠷᠡᠰ ᠬᠣᠷᠢᠭᠯᠠᠵᠤ᠂ ᠡᠨᠧᠷᠭᠢ ᠵᠢᠨ ᠬᠣᠷᠣᠭᠳᠠᠯ᠎ᠤᠨ ᠬᠣᠤᠰ ᠡᠵᠡᠮᠳᠡᠯ᠎ᠤᠨ ᠱᠠᠭ᠋ᠠᠷᠳᠠᠯᠭ᠎ᠠ᠎ᠪᠠᠷ ᠠᠵᠤ ᠦᠢᠯᠡᠰ᠎ᠤᠨ ᠬᠡᠯᠪᠡᠷᠢ᠎ᠪᠠᠨ ᠬᠤᠪᠢᠷᠠᠭᠤᠯᠬᠤ ᠵᠢ ᠭᠡᠳᠡᠷᠭᠦ ᠰᠢᠬᠠᠮᠳᠠᠭᠤᠯᠵᠤ᠂ ᠮᠡᠷᠭᠡᠵᠢᠯ᠎ᠤᠨ ᠥᠭᠡᠷᠡᠴᠢᠯᠡᠯᠲᠡ ᠵᠢ ᠲᠦᠷᠭᠡᠳᠬᠡᠨ ᠬᠡᠷᠡᠭᠵᠢᠭᠦᠯᠵᠦ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠵᠢᠨ ᠠᠵᠤ ᠠᠬᠤᠶ ᠵᠢᠨ ᠰᠢᠰᠲ᠋ᠧᠮ᠎ᠢ ᠪᠠᠢ᠌ᠭᠤᠯᠤᠨ ᠪᠦᠷᠢᠨᠰᠢᠬᠦᠯᠵᠦ᠂ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠪᠥᠬᠥ ᠲᠠᠯ᠎ᠠ᠎ᠪᠠᠷ ᠪᠣᠬᠢᠷᠲᠤᠯ ᠥᠬᠡᠶ ᠬᠡᠯᠪᠡᠷᠢ᠎ᠪᠠᠨ ᠬᠤᠪᠢᠷᠠᠭᠤᠯᠬᠤ ᠵᠢ ᠠᠬᠢᠭᠤᠯᠪᠠ ᠃
ᠣᠢ᠌ᠷ᠎ᠠ᠎ᠳᠤ᠂ ᠥᠪᠥᠷ ᠮᠣᠩᠭᠣᠯ᠎ᠤᠨ᠎ᠲᠠᠢ ᠰᠢᠩ᠎ᠲᠠᠢ ᠹᠸᠩ ᠬᠢᠮᠢ ᠵᠢᠨ ᠠᠵᠤ ᠦᠢᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ ᠤᠰᠤ ᠰᠢᠢᠳᠪᠦᠷᠢᠯᠡᠬᠦ 5 ᠲᠦᠮᠡᠨ ᠲᠣᠨ᠎ᠤ ᠢᠨᠳᠢᠭᠤ ᠬᠥᠬᠡ ᠪᠤᠳᠤᠭ᠎ᠢ ᠤᠶᠤᠨᠴᠢᠯᠠᠨ ᠲᠠᠰ ᠳᠡᠪᠰᠢᠭᠦᠯᠵᠦ ᠥᠭᠡᠷᠡᠴᠢᠯᠡᠬᠦ ᠤᠰᠤ ᠠᠷᠪᠢᠯᠠᠬᠤ ᠲᠥᠷᠥᠯ ᠵᠦᠢᠯ᠎ᠤᠨ ᠲᠤᠬᠠᠶ ᠵᠢᠨ ᠲᠠᠯᠠᠪᠠᠶ᠎ᠳᠤ᠂ ᠠᠵᠢᠯᠲᠠᠳ ᠤᠰᠤ ᠠᠷᠪᠢᠯᠠᠬᠤ ᠲᠥᠬᠥᠭᠡᠷᠦᠮᠵᠢ᠎ᠳᠤ ᠲᠣᠭᠣᠷᠢᠨ ᠪᠠᠢ᠌ᠴᠠᠭ᠋ᠠᠯᠲᠠ ᠬᠢᠵᠦ᠂ ᠲᠥᠪ᠎ᠤᠨ ᠡᠵᠡᠮᠳᠡᠯ᠎ᠤᠨ ᠬᠡᠷ ᠳᠣᠲᠣᠷᠠᠬᠢ ᠠᠵᠢᠯᠲᠠᠳ ᠨᠢᠭᠡ ᠰᠡᠳᠬᠢᠯ ᠨᠢᠭᠡ ᠵᠣᠷᠢᠭ ᠵᠶ᠋ᠠᠷ ᠤᠰᠤᠨ᠎ᠤ ᠭᠦᠢᠴᠡᠳᠬᠡᠯ ᠲᠣᠭ᠎ᠠ ᠵᠢ ᠵᠠᠳᠠᠯᠤᠨ ᠰᠢᠨᠵᠢᠯᠡᠪᠡ ᠃ ᠣᠢ᠌ᠯᠠᠭ᠋ᠠᠭᠰᠠᠨ ᠵᠶ᠋ᠠᠷ᠂ ᠲᠣᠰ ᠲᠥᠷᠥᠯ ᠵᠦᠢᠯ᠎ᠢ 2019 ᠣᠨ᠎ᠠᠴᠠ ᠡᠬᠢᠯᠡᠨ ᠪᠥᠲᠥᠭᠡᠨ ᠪᠠᠢ᠌ᠭᠤᠯᠵᠤ᠂ ᠶᠡᠷᠦᠩᠬᠡᠶ ᠪᠠᠯᠠ ᠣᠷᠣᠭᠤᠯᠤᠯᠲᠠ᠎ᠨᠢ 2 . 2 ᠳ᠋ᠦᠩᠰᠢᠭᠤᠷ ᠲᠥᠭᠥᠷᠢᠭ᠎ᠲᠤ ᠬᠦᠷᠴᠦ᠂ 2022 ᠣᠨ᠎ᠤ 6 ᠰᠠᠷ᠎ᠠ᠎ᠳᠤ ᠪᠠᠢ᠌ᠭᠤᠯᠤᠨ ᠳᠠᠭᠤᠰᠬᠠᠵᠤ ᠠᠰᠢᠭᠯᠠᠯᠲᠠ᠎ᠳᠤ ᠣᠷᠣᠭᠤᠯᠪᠠ ᠃ ᠣᠳᠣᠬᠠᠨ ᠪᠣᠯᠲᠠᠯ᠎ᠠ᠂ ᠲᠣᠰ ᠲᠥᠷᠥᠯ ᠵᠦᠢᠯ᠎ᠤᠨ ᠪᠣᠬᠢᠷ ᠤᠰᠤ ᠭᠠᠳᠠᠭᠰᠢᠯᠠᠭᠤᠯᠬᠤ ᠥᠬᠡᠶ ᠪᠠᠢ᠌ᠬᠤ ᠵᠢ ᠪᠦᠬᠦᠨ᠎ᠢ ᠪᠡᠶᠡᠯᠡᠭᠦᠯᠵᠦ᠂ ᠵᠢᠯ ᠪᠦᠷᠢ 150 ᠲᠦᠮᠡᠨ ᠪᠣᠰᠣᠭ᠎ᠠ ᠳᠥᠷᠪᠡᠯᠵᠢᠨ ᠮᠧᠲᠷ ᠤᠰᠤ ᠠᠷᠪᠢᠯᠠᠵᠤ᠂ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ᠎ᠪᠠᠷ ᠳᠠᠮᠵᠢᠭᠤᠯᠤᠨ ᠠᠵᠤ ᠠᠬᠤᠢ᠌ᠯᠠᠯ᠎ᠤᠨ ᠠᠯᠤᠰ ᠬᠡᠲᠦ ᠵᠢᠨ ᠬᠥᠭᠵᠢᠯᠲᠡ ᠵᠢ ᠠᠬᠢᠭᠤᠯᠵᠤ ᠪᠠᠢ᠌ᠨ᠎ᠠ ᠃
《ᠲᠣᠰ ᠲᠥᠷᠥᠯ ᠵᠦᠢᠯ᠎ᠤᠨ ᠠᠰᠢᠭᠯᠠᠯᠲᠠ᠎ᠳᠤ ᠪᠣᠬᠢᠷ ᠤᠰᠤ ᠭᠠᠳᠠᠭᠰᠢᠯᠠᠭᠤᠯᠬᠤ ᠥᠬᠡᠶ ᠪᠠᠢ᠌ᠬᠤ ᠵᠢ ᠪᠡᠶᠡᠯᠡᠭᠦᠯᠵᠦ᠂ ᠢᠨᠳᠢᠭᠤ ᠬᠥᠬᠡ ᠪᠤᠳᠤᠭ᠎ᠤᠨ ᠠᠵᠢᠯ ᠲᠥᠷᠥᠯ ᠵᠢᠴᠢ ᠬᠢᠮᠢ ᠵᠢᠨ ᠠᠵᠤ ᠦᠢᠯᠡᠳᠪᠦᠷᠢ ᠵᠢᠨ ᠠᠵᠢᠯ ᠲᠥᠷᠥᠯ᠎ᠳᠤ ᠴᠥᠮ ᠬᠡᠪ ᠳᠠᠭᠤᠷᠢᠶᠠᠯ ᠦᠵᠡᠭᠦᠯᠬᠦ ᠦᠢᠯᠡᠳᠦᠯ ᠦᠵᠡᠭᠦᠯᠪᠡ ᠃ ᠥᠪᠥᠷ ᠮᠣᠩᠭᠣᠯ᠎ᠤᠨ᠎ᠲᠠᠢ ᠰᠢᠩ᠎ᠲᠠᠢ ᠹᠸᠩ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ ᠳᠡᠳ᠋ ᠶᠡᠷᠦᠩᠬᠡᠢ ᠳᠠᠭ᠋ᠠᠭ᠋ᠠᠮᠠᠯ ᠯᠢᠦ ᠶᠤᠸᠠᠨ ᠶᠤᠸᠠᠨ᠂ ᠠᠵᠤ ᠠᠬᠤᠢ᠌ᠯᠠᠯ ᠲᠤᠰ ᠲᠦᠷᠦᠯ ᠵᠦᠢ᠍ᠯ᠎ᠢ ᠬᠡᠷᠡᠭᠵᠢᠭᠦᠯᠬᠦ᠎ᠠᠴᠠ ᠡᠮᠦᠨ᠎ᠡ᠂ ᠡᠳᠦᠷ ᠪᠦᠷᠢ 4500 ᠪᠣᠰᠣᠭ᠎ᠠ ᠳᠥᠷᠪᠡᠯᠵᠢᠨ ᠮᠸᠳ᠋ᠷ ᠪᠣᠬᠢᠷ ᠤᠰᠤ ᠭᠠᠳᠠᠭᠰᠢᠯᠠᠭᠤᠯᠵᠤ᠂ ᠲᠦᠷᠦᠯ ᠵᠦᠢ᠍ᠯ᠎ᠢ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠬᠦᠷᠢᠶᠡᠯᠡᠩ ᠲᠣᠭᠣᠷᠢᠭ᠎ᠤᠨ ᠪᠣᠬᠢᠷ ᠤᠰᠤ ᠰᠢᠢ᠍ᠳᠪᠦᠷᠢᠯᠡᠬᠦ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠤᠰᠤᠨ᠎ᠤ ᠡᠬᠢ ᠪᠠᠶᠠᠯᠢᠭ᠎ᠢ ᠠᠷᠪᠢᠯᠠᠨ ᠠᠰᠢᠭᠯᠠᠬᠤ ᠲᠦᠪᠰᠢᠨ᠎ᠢ ᠤᠯᠠᠮ ᠴᠢᠨᠠᠭᠰᠢᠳᠠ ᠳᠡᠭᠡᠭᠰᠢᠯᠡᠭᠦᠯᠪᠡ ᠭᠡᠵᠦ ᠬᠡᠯᠡᠪᠡ ᠃
ᠬᠠᠲᠤᠨ ᠭᠣᠤᠯ᠎ᠢ ᠬᠠᠮᠠᠭ᠋ᠠᠯᠠᠬᠤ ᠪᠣᠯ ᠴᠢᠨᠠᠷ ᠰᠠᠢ᠌ᠲᠠᠶ ᠬᠥᠭᠵᠢᠯᠲᠡ ᠵᠢᠨ ᠵᠠᠮ ᠳᠡᠭᠡᠷᠡᠬᠢ 《ᠰᠢᠯᠭ᠋ᠠᠭᠤᠷ》 ᠮᠥᠨ᠂ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ᠎ᠬᠢᠨ ᠪᠣᠬᠢᠷᠲᠤᠯ᠎ᠢ ᠵᠠᠰᠠᠬᠤ ᠵᠢᠴᠢ ᠠᠮᠢ ᠠᠬᠤᠶ ᠵᠢ ᠵᠠᠰᠠᠨ ᠰᠡᠷᠭᠦᠭᠡᠬᠦ ᠵᠢ ᠴᠢᠩᠭ᠋ᠠᠳᠬᠠᠵᠤ᠂ ᠪᠣᠬᠢᠷ ᠤᠰᠤ ᠵᠢ ᠰᠢᠢᠳᠪᠦᠷᠢᠯᠡᠬᠦ ᠵᠢᠴᠢ ᠳᠠᠬᠢᠯᠲᠠ ᠤᠰᠤ ᠵᠢ ᠰᠢᠢᠳᠪᠦᠷᠢᠯᠡᠬᠦ ᠴᠢᠳᠠᠪᠤᠷᠢ ᠵᠢ ᠨᠡᠢ᠌ᠲᠡ 40000 ᠲᠣᠨ / ᠡᠳᠦᠷ᠎ᠲᠤ ᠬᠦᠷᠭᠡᠵᠦ᠂ ᠳᠠᠬᠢᠯᠲᠠ ᠤᠰᠤᠨ᠎ᠤ ᠭᠠᠷᠤᠯᠲᠠ ᠵᠢᠨ ᠤᠰᠤᠨ᠎ᠤ ᠨᠣᠷᠮ᠎ᠠ ᠵᠢ 80 %᠎ᠠᠴᠠ ᠳᠡᠭᠡᠭᠰᠢ᠎ᠳᠤ ᠬᠦᠷᠭᠡᠵᠦ᠂ ᠳᠠᠬᠢᠯᠲᠠ ᠤᠰᠤ ᠵᠢ 100 %᠎ᠪᠠᠷ ᠠᠵᠤ ᠦᠢᠯᠡᠳᠪᠦᠷᠢ ᠵᠢᠨ ᠦᠢᠯᠡᠳᠪᠦᠷᠢᠯᠡᠯ᠎ᠳᠤ ᠪᠤᠴᠠᠭ᠋ᠠᠨ ᠬᠡᠷᠡᠭᠯᠡᠨ᠎ᠡ ᠃ ᠬᠠᠳᠤᠨ ᠭᠣᠣᠯ᠎ᠤᠨ ᠴᠢᠬᠤᠯᠠ ᠶᠡᠬᠡ ᠤᠯᠤᠰ᠎ᠤᠨ ᠪᠠᠢ᠌ᠯᠳᠤᠬᠤ ᠪᠤᠳᠤᠯᠭ᠎ᠠ᠎ᠳᠤ ᠦᠢ᠍ᠯᠡᠴᠢᠯᠡᠬᠦ ᠪᠠ ᠠᠭᠤᠰᠤᠯᠴᠠᠬᠤ᠎ᠪᠠᠷ ᠭᠣᠣᠯᠳᠠᠭᠤᠯᠵᠤ᠂ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ᠎ᠬᠢᠨ ᠪᠣᠬᠢᠷᠲᠤᠯ ᠦᠭᠡᠢ ᠬᠥᠭᠵᠢᠯᠲᠡ᠂ ᠰᠢᠨ᠎ᠡ ᠵᠢ ᠡᠭᠦᠳᠬᠦ ᠬᠥᠭᠵᠢᠯᠲᠡ ᠵᠢ ᠪᠠᠷᠢᠮᠲᠠᠯᠠᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠵᠢᠨ ᠰᠣᠯᠢᠭᠳᠠᠯ᠎ᠤᠨ 《ᠵᠢᠯᠣᠭᠣ》 ᠵᠢ ᠠᠳᠬᠤᠵᠤ᠂ ᠴᠢᠨᠠᠷ ᠰᠠᠢ᠌ᠲᠠᠢ ᠬᠥᠭᠵᠢᠯᠲᠡ ᠵᠢᠨ 《ᠤᠭ ᠬᠥᠳᠡᠯᠭᠡᠬᠦ ᠬᠦᠴᠦᠨ》᠎ᠢ ᠴᠢᠩᠭ᠋ᠠᠳᠬᠠᠪᠠ ᠃
ᠠᠯᠠᠱ᠌ᠠ ᠠᠢ᠌ᠮᠠᠭ᠎ᠤᠨ ᠵᠢᠨ ᠵᠧᠨ ᠲᠡᠮᠦᠷᠯᠢᠭ ᠬᠠᠢ᠌ᠯᠤᠭᠤᠯᠬᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ 4 × 12500 kv A ᠴᠠᠬᠢᠭᠤᠷ ᠲᠡᠮᠦᠷ᠎ᠤᠨ ᠠᠭᠤᠷᠬᠠᠶ ᠵᠢᠨ ᠢᠯᠴᠢ ᠵᠢᠨ ᠵᠤᠤᠬ᠎ᠠ ᠵᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ᠎ᠤᠨ ᠲᠤᠬᠠᠶ ᠵᠢᠨ ᠲᠠᠯᠠᠪᠠᠶ᠎ᠳᠤ᠂ ᠠᠵᠢᠯᠴᠢᠳ ᠶᠠᠭ ᠰᠡᠭᠦᠯ ᠬᠤᠷᠢᠶᠠᠬᠤ ᠠᠵᠢᠯ ᠵᠶ᠋ᠠᠨ ᠡᠬᠢᠯᠡᠭᠦᠯᠵᠦ ᠪᠣᠶ ᠃ ᠲᠥᠪ᠎ᠤᠨ ᠡᠵᠡᠮᠳᠡᠯ᠎ᠤᠨ ᠲᠠᠰᠤᠭ᠎ᠲᠤ᠂ ᠣᠯᠠᠨ ᠵᠶ᠋ᠠᠷ ᠵᠶ᠋ᠠᠨ ᠬᠠᠮᠲᠤ᠎ᠪᠠᠷ ᠲᠣᠨᠣᠭ ᠲᠥᠬᠥᠭᠡᠷᠦᠮᠵᠢ ᠵᠢ ᠬᠡᠷᠡᠭᠯᠡᠬᠦ ᠪᠣᠯᠪᠠᠰᠤᠷᠠᠯ ᠬᠢᠵᠦ᠂ ᠲᠥᠷᠥᠯ ᠵᠦᠢᠯ᠎ᠢ ᠡᠷᠲᠡᠬᠡᠨ ᠠᠰᠢᠭᠯᠠᠯᠲᠠ᠎ᠳᠤ ᠣᠷᠣᠭᠤᠯᠬᠤ᠎ᠳᠤ ᠭᠦᠢᠴᠡᠳ ᠪᠡᠯᠡᠳᠬᠡᠯ ᠬᠢᠪᠠ ᠃ 《2022 ᠣᠨ᠎ᠳᠤ᠂ ᠪᠢᠳᠡ 4 ᠰᠠᠭᠤᠷᠢ 12000 ᠲᠣᠨ᠎ᠤ ᠵᠤᠤᠬ᠎ᠠ ᠵᠢ ᠨᠤᠷᠠᠭ᠋ᠠᠵᠤ᠂ 5 ᠰᠠᠷ᠎ᠠ᠎ᠠᠴᠠ ᠡᠬᠢᠯᠡᠨ ᠰᠢᠨ᠎ᠡ ᠵᠤᠤᠬ᠎ᠠ ᠪᠠᠢ᠌ᠭᠤᠯᠵᠤ᠂ ᠰᠢᠨ᠎ᠡ ᠵᠤᠤᠬ᠎ᠠ ᠵᠢᠨ ᠴᠠᠬᠢᠯᠭ᠋ᠠᠨ᠎ᠤ ᠬᠣᠷᠣᠭᠳᠠᠯ᠎ᠢ 7900 ᠭ᠋ᠷᠠᠳᠦ᠋ᠰ᠎ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠪᠠᠷᠢᠮᠵᠢᠶᠠᠲᠤ ᠨᠡᠭᠦᠷᠡᠰᠦ ᠵᠢ 3 . 8 ᠲᠦᠮᠡᠨ ᠲᠣᠨ ᠠᠷᠪᠢᠯᠠᠵᠤ ᠪᠣᠯᠤᠨ᠎ᠠ ᠃ ᠲᠣᠰ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠬᠤᠤ ᠵᠥᠩ ᠮᠢᠨ ᠬᠡᠯᠡᠬᠦ᠎ᠳᠡᠭᠡᠨ᠂ ᠲᠣᠰ ᠵᠦᠢᠯᠡᠰ᠎ᠢ ᠪᠠᠢ᠌ᠭᠤᠯᠵᠤ ᠳᠠᠭᠤᠰᠬᠠᠭ᠋ᠠᠳ ᠠᠰᠢᠭᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠦᠢᠯᠡᠳᠪᠦᠷᠢᠯᠡᠯ᠎ᠤᠨ ᠶᠠᠪᠤᠴᠠ᠎ᠳᠠᠬᠢ ᠦᠯᠡᠳᠡᠪᠦᠷᠢ ᠢᠯᠴᠢ ᠵᠢ ᠬᠣᠷᠢᠶᠠᠨ ᠠᠪᠴᠤ ᠠᠰᠢᠭᠯᠠᠨ᠂ ᠦᠯᠡᠳᠡᠪᠦᠷᠢ ᠢᠯᠴᠢ ᠵᠢ ᠠᠭᠤᠷ᠎ᠤᠨ ᠲᠣᠭᠣᠭ᠎ᠠ᠎ᠪᠠᠷ ᠳᠠᠮᠵᠢᠭᠤᠯᠤᠨ ᠵᠢᠯ ᠪᠦᠷᠢ ᠬᠦᠷᠢᠶᠡᠯᠡᠩ ᠲᠣᠭᠣᠷᠢᠭ᠎ᠤᠨ ᠠᠬ᠎ᠠ ᠳᠡᠭᠦᠦ ᠠᠵᠤ ᠠᠬᠤᠢ᠌ᠯᠠᠯ᠎ᠳᠤ 16 ᠲᠦᠮᠡᠨ ᠲᠣᠨ ᠠᠭᠤᠷ ᠬᠠᠩᠭ᠋ᠠᠵᠤ᠂ 3000 ᠭᠠᠷᠤᠶ ᠲᠦᠮᠡᠨ ᠲᠥᠭᠥᠷᠢᠭ᠎ᠤᠨ ᠰᠢᠭᠤᠳ ᠠᠵᠤ ᠠᠬᠤᠶ ᠵᠢᠨ ᠦᠷ᠎ᠡ ᠠᠰᠢᠭ᠎ᠢ ᠪᠡᠶᠡᠯᠡᠭᠦᠯᠵᠦ ᠪᠣᠯᠬᠤ ᠪᠥᠭᠡᠳ ᠪᠠᠰᠠ ᠠᠭᠤᠷ᠎ᠤᠨ ᠲᠦᠷᠪᠢᠨ ᠵᠶ᠋ᠡᠷ ᠳᠠᠮᠵᠢᠭᠤᠯᠤᠨ ᠵᠢᠯ ᠪᠦᠷᠢ 2000 ᠭᠠᠷᠤᠶ ᠲᠦᠮᠡᠨ ᠭ᠋ᠷᠠᠳᠦ᠋ᠰ ᠴᠠᠬᠢᠯᠭ᠋ᠠᠨ ᠭᠠᠷᠭ᠋ᠠᠵᠤ᠂ ᠪᠠᠷᠢᠮᠵᠢᠶᠠᠲᠤ ᠨᠡᠭᠦᠷᠡᠰᠦ ᠵᠢ 1 . 6 ᠲᠦᠮᠡᠨ ᠲᠣᠨ ᠠᠷᠪᠢᠯᠠᠵᠤ ᠪᠣᠯᠤᠨ᠎ᠠ ᠭᠡᠵᠡᠶ ᠃
ᠤᠢ᠍ᠢ᠍ᠷ᠎ᠠ ᠵᠢᠨ ᠵᠢᠯ᠎ᠳᠤ᠂ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠬᠣᠴᠣᠷᠤᠩᠭᠤᠢ ᠦᠢ᠍ᠯᠡᠳᠪᠦᠷᠢᠯᠡᠯ᠎ᠤᠨ ᠴᠢᠳᠠᠪᠤᠷᠢ ᠵᠢ ᠰᠢᠭᠰᠢᠭᠳᠡᠭᠦᠯᠬᠦ ᠪᠠ ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠬᠦᠷᠢᠶᠡᠯᠡᠩ ᠲᠣᠭᠣᠷᠢᠭ᠎ᠤᠨ ᠱᠠᠩᠬᠠᠢ ᠥᠪᠥᠷ ᠮᠣᠩᠭᠣᠯ᠎ᠤᠨ ᠬᠡᠦᠷᠰᠢᠭᠦᠯᠬᠦ ᠨᠢᠭᠡᠳᠦᠭᠡᠷ ᠬᠤᠭᠤᠴᠠᠭ᠎ᠠ᠂ ᠴᠢᠩ ᠬᠤᠸᠠ ᠬᠡᠦᠷᠰᠢᠭᠦᠯᠬᠦ ᠵᠤᠤᠬ᠎ᠠ ᠵᠢᠨ ᠥᠭᠡᠷᠡᠴᠢᠯᠡᠯᠲᠡ ᠵᠡᠷᠭᠡ 39 ᠲᠦᠷᠦᠯ ᠵᠦᠢ᠍ᠯ᠎ᠤᠨ ᠡᠨᠧᠷᠭᠢ ᠠᠷᠪᠢᠯᠠᠬᠤ ᠬᠢᠨᠠᠨ ᠪᠠᠢ᠌ᠴᠠᠭ᠋ᠠᠯᠲᠠ ᠵᠢᠨ ᠭᠠᠷ ᠭᠦᠢ᠍ᠴᠡᠳᠬᠡᠯ ᠵᠥᠪᠰᠢᠶᠡᠷᠡᠭᠳᠡᠬᠦ ᠪᠠ ᠴᠢᠩ ᠬᠤᠸᠠ ᠵᠢᠨ 200 ᠲᠦᠮᠡᠨ ᠲᠣᠨ᠎ᠤ 4 . 3 ᠮᠧᠲᠷ᠎ᠤᠨ ᠬᠡᠦᠷᠰᠢᠭᠦᠯᠬᠦ ᠵᠤᠤᠬ᠎ᠠ᠂ ᠳᠤᠮᠳᠠ ᠳᠠᠪᠤᠰᠤᠨ᠎ᠤ 64 ᠲᠦᠮᠡᠨ ᠲᠣᠨ᠎ᠤ ᠴᠠᠬᠢᠯᠠᠭᠤᠷ ᠴᠢᠯᠠᠭᠤ᠂ ᠵᠢᠨᠵᠸᠨᠤ ᠠᠭᠤᠷᠬᠠᠢ ᠵᠢᠨ ᠢᠯᠴᠢ ᠵᠢᠨ ᠵᠤᠤᠬ᠎ᠠ ᠵᠡᠷᠭᠡ ᠲᠦᠷᠦᠯ ᠵᠦᠢ᠍ᠯ᠎ᠤᠨ ᠡᠨᠧᠷᠭᠢ ᠠᠷᠪᠢᠯᠠᠬᠤ ᠮᠡᠷᠭᠡᠵᠢᠯ᠎ᠤᠨ ᠥᠭᠡᠷᠡᠴᠢᠯᠡᠯᠲᠡ ᠵᠢ ᠳᠠᠭ᠋ᠠᠯᠳᠤᠨ᠂ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠪᠠᠢ᠌ᠷᠢᠰᠢᠯ᠎ᠢ ᠨᠢᠭᠡᠨᠲᠡ ᠠᠯᠬᠤᠮ ᠠᠯᠬᠤᠮ ᠵᠶ᠋ᠠᠷ ᠪᠠᠢ᠌ᠭᠤᠯᠵᠤ᠂ ᠤᠳᠤ ᠪᠣᠬᠢᠷᠲᠤᠯ ᠦᠭᠡᠢ ᠦᠢ᠍ᠯᠡᠳᠪᠦᠷᠢ 6 ᠪᠤᠢ᠂ ᠡᠭᠦᠨ᠎ᠳᠤ ᠤᠯᠤᠰ᠎ᠤᠨ ᠲᠡᠰ᠎ᠤᠨ 2᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ 4 ᠦᠢ᠍ᠯᠡᠳᠪᠦᠷᠢ ᠪᠤᠢ ᠃ ᠲᠠᠷᠠᠭ᠋ᠠᠴᠢ ᠵᠢᠨ ᠠᠯᠬᠤᠮ᠎ᠳᠤ᠂ ᠠᠯᠠᠱ᠌ᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ ᠦᠷᠭᠦᠯᠵᠢᠯᠡᠨ ᠨᠡᠭᠦᠷᠡᠰᠦ ᠬᠢᠮᠢ ᠵᠢᠨ ᠠᠵᠤ ᠦᠢᠯᠡᠳᠪᠦᠷᠢ᠂ ᠳᠠᠪᠤᠰᠤᠨ᠎ᠤ ᠬᠢᠮᠢ ᠵᠢᠨ ᠠᠵᠤ ᠦᠢᠯᠡᠳᠪᠦᠷᠢ᠂ ᠨᠠᠷᠢᠯᠢᠭ ᠬᠢᠮᠢ ᠵᠢᠨ ᠠᠵᠤ ᠦᠢᠯᠡᠳᠪᠦᠷᠢ ᠵᠡᠷᠭᠡ ᠳᠠᠪᠠᠭᠤᠯᠢᠭ ᠤᠨᠴᠠᠯᠢᠬᠳᠤ ᠠᠵᠤ ᠦᠢᠯᠡᠰ᠎ᠤᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠵᠢᠨ ᠲᠣᠭᠣᠷᠢᠨ᠎ᠳᠤ᠂ ᠬᠡᠯᠬᠢᠶ᠎ᠡ ᠵᠢ ᠤᠷᠲᠤᠳᠬᠠᠬᠤ᠂ ᠬᠡᠯᠬᠢᠶ᠎ᠡ ᠵᠢ ᠨᠥᠬᠥᠪᠥᠷᠢᠯᠡᠬᠦ᠂ ᠬᠡᠯᠬᠢᠶ᠎ᠡ ᠵᠢ ᠴᠢᠩᠭ᠋ᠠᠷᠠᠭᠤᠯᠬᠤ ᠲᠥᠷᠥᠯ ᠵᠦᠢᠯ᠎ᠢ ᠶᠡᠬᠡᠪᠡᠷ ᠬᠡᠷᠡᠭᠵᠢᠭᠦᠯᠵᠦ᠂ 《ᠬᠥᠨᠳᠡᠯᠡᠨ ᠵᠶ᠋ᠡᠷ ᠬᠣᠯᠪᠣᠯᠳᠤᠭᠤᠯᠬᠤ᠂ ᠭᠤᠯᠳᠤ᠎ᠪᠠᠷ ᠤᠷᠲᠤᠳᠬᠠᠬᠤ᠂ ᠣᠷᠴᠢᠯᠳᠤᠭᠤᠯᠤᠨ ᠵᠠᠯᠭ᠋ᠠᠯᠳᠤᠭᠤᠯᠬᠤ》 ᠵᠠᠷᠴᠢᠮ ᠶᠣᠰᠣᠭ᠋ᠠᠷ᠂ ᠪᠥᠬᠥ ᠠᠵᠤ ᠦᠢᠯᠡᠰ᠎ᠤᠨ ᠬᠡᠯᠬᠢᠶ᠎ᠡ ᠵᠢᠨ ᠳᠣᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠤ ᠬᠥᠭᠵᠢᠯᠲᠡ ᠵᠢ ᠪᠡᠶᠡᠯᠡᠭᠦᠯᠵᠦ᠂ ᠤᠯᠤᠰ᠎ᠤᠨ ᠲᠠᠰ᠎ᠤᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠢ ᠡᠭᠦᠳᠦᠨ ᠪᠠᠢ᠌ᠭᠤᠯᠬᠤ᠎ᠳᠤ ᠰᠠᠢ᠌ᠨ ᠰᠠᠢ᠌ᠬᠠᠨ ᠰᠠᠭᠤᠷᠢ ᠲᠠᠯᠪᠢᠵᠤ ᠥᠭᠬᠦ᠎ᠪᠠᠷ ᠴᠢᠷᠮᠠᠢ᠌ᠨ᠎ᠠ ᠃