ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ
ᠰᠢᠨᠵᠢᠯᠡᠭᠡ ᠮᠡᠷᠭᠡᠵᠢᠯ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠣᠲᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ᠎ᠢ 157 ᠪᠣᠢ᠌ᠵᠢᠭᠤᠯᠵᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ᠎ᠳᠤ ᠣᠷᠣᠪᠠ
ᠨᠡᠶ᠋ᠢᠲᠡᠯᠡᠭᠰᠡᠨ ᠴᠠᠭ᠄ 2023-02-08


      ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ᠎ᠤᠨ ᠳᠠᠩᠰᠠᠯᠠᠭᠤᠯᠬᠤ ᠨᠡᠷᠡᠰ᠎ᠢ ᠨᠡᠢ᠌ᠲᠡᠯᠡᠵᠦ᠂ ᠪᠤᠭᠤᠲᠤ ᠵᠢᠨ ᠬᠣᠶ ᠽᠸ ᠬᠥᠩᠭᠡᠨ ᠴᠠᠭ᠋ᠠᠨ᠎ᠤ ᠦᠢᠯᠡᠰ᠎ᠤᠨ ᠬᠢᠵᠠᠭ᠋ᠠᠷᠲᠤ ᠺᠣᠮᠫᠠᠨᠢ ᠵᠡᠷᠭᠡ 34 ᠠᠵᠤ ᠠᠬᠤᠢ᠌ᠯᠠᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠯᠲᠠ ᠵᠢ ᠥᠩᠭᠡᠷᠡᠭᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ ᠪᠣᠯᠵᠠᠶ᠂ ᠣᠲᠣ ᠪᠣᠯᠲᠠᠯ᠎ᠠ᠂ ᠪᠤᠭᠤᠲᠤ ᠬᠣᠲᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ᠎ᠢ 157 ᠪᠠᠢ᠌ᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ᠎ᠤᠨ ᠶᠡᠷᠦᠩᠬᠡᠶ ᠬᠡᠮᠵᠢᠶᠡᠨ᠎ᠤ 20 % ᠵᠢ ᠡᠵᠡᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠳᠤ ᠣᠷᠣᠪᠠ  ᠃
      ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠬᠣᠲᠠ ᠵᠢᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠭᠦᠨᠵᠡᠭᠡᠶ ᠲᠤᠤᠱᠯᠠᠭᠤᠯᠵᠤ ᠪᠠᠢ᠌ᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢᠯᠡᠰ᠎ᠢ ᠶᠡᠬᠡᠪᠡᠷ ᠬᠥᠭᠵᠢᠭᠦᠯᠬᠦ ᠡᠯ᠎ᠡ ᠵᠦᠢᠯ᠎ᠤᠨ ᠱᠠᠭ᠋ᠠᠷᠳᠠᠯᠭ᠎ᠠ᠂ ᠠᠵᠤ ᠠᠬᠤᠢ᠌ᠯᠠᠯ᠎ᠤᠨ 《ᠨᠢᠭᠡ ᠲᠤᠰᠬᠠᠶ ᠮᠡᠷᠭᠡᠵᠢᠯᠲᠡᠨ᠎ᠤ ᠪᠦᠯᠬᠦᠮ᠎ᠢ ᠣᠷᠣᠭᠤᠯᠤᠨ ᠠᠪᠴᠢᠷᠠᠬᠤ ᠵᠢ ᠬᠥᠲᠥᠯᠥᠨ ᠵᠢᠯᠣᠭᠣᠳᠬᠤ ᠪᠠ ᠠᠬᠢᠭᠤᠯᠤᠨ᠎ᠠ᠂ ᠨᠢᠭᠡ ᠰᠤᠳᠤᠯᠤᠨ ᠨᠡᠭᠡᠭᠡᠬᠦ ᠪᠠᠢ᠌ᠭᠤᠯᠤᠮᠵᠢ ᠪᠠᠢ᠌ᠭᠤᠯᠤᠨ᠎ᠠ᠂ ᠰᠢᠨ᠎ᠡ ᠠᠵᠤ ᠦᠢᠯᠡᠰ᠎ᠢ ᠰᠣᠩᠭᠣᠨ ᠣᠷᠣᠭᠤᠯᠬᠤ᠂ ᠨᠢᠭᠡ ᠪᠦᠯᠦᠭ ᠰᠢᠨ᠎ᠡ ᠦᠢᠯᠡᠳᠬᠦᠨ᠎ᠢ ᠨᠡᠭᠡᠭᠡᠨ ᠬᠥᠭᠵᠢᠭᠦᠯᠬᠦ ᠠᠵᠢᠯᠯᠠᠭ᠎ᠠ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠂ ᠠᠵᠤ ᠠᠬᠤᠢ᠌ᠯᠠᠯ᠎ᠢ ᠪᠣᠢ᠌ᠵᠢᠭᠤᠯᠤᠨ ᠬᠥᠲᠥᠯᠥᠨ ᠵᠢᠯᠣᠭᠣᠳᠴᠤ ᠪᠠᠢ᠌ᠭ᠋ᠠᠳ ᠬᠣᠲᠠ ᠵᠢᠨ ᠱᠠᠲᠤᠨ᠎ᠤ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠪᠠᠢ᠌ᠭᠤᠯᠤᠮᠵᠢ ᠪᠠᠢ᠌ᠭᠤᠯᠬᠤ᠎ᠪᠠᠷ ᠰᠠᠭᠤᠷᠢ ᠪᠣᠯᠭ᠋ᠠᠨ᠎ᠠ᠂ ᠠᠵᠤ ᠠᠬᠤᠢ᠌ᠯᠠᠯ᠎ᠤᠨ ᠬᠦᠴᠦᠨ ᠵᠶ᠋ᠡᠨ ᠲᠥᠪᠯᠡᠷᠡᠭᠦᠯᠦᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠬᠦ ᠵᠢ ᠵᠣᠷᠢᠭᠵᠢᠭᠤᠯᠤᠨ᠎ᠠ᠂ ᠪᠤᠭᠤᠲᠤ ᠬᠣᠲᠠ ᠵᠢᠨ ᠰᠤᠳᠤᠯᠤᠨ ᠨᠡᠭᠡᠭᠡᠬᠦ ᠲᠠᠪᠴᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢᠯᠡᠰ᠎ᠤᠨ ᠵᠣᠬᠢᠴᠠᠯᠳᠤᠬᠤ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠂ ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠲᠥᠪ᠎ᠤᠨ ᠵᠠᠩᠭᠢᠯᠠᠭ᠎ᠠ ᠵᠢᠨ ᠮᠡᠷᠭᠡᠵᠢᠯ᠎ᠢ ᠰᠤᠳᠤᠯᠤᠨ ᠨᠡᠭᠡᠭᠡᠬᠦ ᠵᠢ ᠭᠦᠢ᠍ᠴᠡᠳ ᠪᠠᠳᠠᠷᠠᠭᠤᠯᠤᠨ᠎ᠠ᠂ ᠰᠢᠨ᠎ᠡ ᠵᠢ ᠡᠭᠦᠳᠬᠦ ᠴᠢᠳᠠᠪᠤᠷᠢᠲᠠᠨ᠎ᠢ ᠬᠥᠮᠦᠵᠢᠭᠦᠯᠬᠦ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠠᠮᠲᠤᠷᠠᠯᠴᠠᠬᠤ ᠲᠣᠭᠲᠠᠴᠠ ᠵᠢ ᠪᠠᠢ᠌ᠭᠤᠯᠤᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠬᠤ ᠵᠡᠷᠭᠡ ᠲᠠᠯ᠎ᠠ᠎ᠪᠠᠷ᠎ᠬᠢ ᠴᠢᠬᠤᠯᠠ ᠦᠢ᠍ᠯᠡᠳᠦᠯ᠂ ᠰᠢᠯᠢᠳᠡᠭ᠎ᠢ᠎ᠨᠢ ᠰᠣᠩᠭᠣᠵᠤ ᠤᠯᠤᠰ᠎ᠲᠤ ᠮᠡᠳᠡᠭᠦᠯᠬᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨ᠎ᠡ ᠵᠢ ᠡᠭᠦᠳᠬᠦ ᠲᠠᠪᠴᠠᠩ᠂ ᠰᠢᠨ᠎ᠡ ᠵᠢ ᠡᠭᠦᠳᠬᠦ ᠡᠬᠢ ᠪᠠᠶᠠᠯᠢᠭ᠎ᠤᠨ ᠡᠯᠧᠮᠧᠨ᠋ᠲ᠎ᠢ ᠪᠤᠭᠤᠲᠤ ᠬᠣᠲᠠ᠎ᠳᠤ ᠲᠥᠪᠯᠡᠷᠡᠭᠦᠯᠬᠦ ᠵᠢ ᠲᠦᠷᠭᠡᠳᠬᠡᠨ᠎ᠡ᠂ ᠪᠦᠬᠦ ᠬᠣᠲᠠ ᠵᠢᠨ ᠠᠵᠤ ᠠᠬᠤᠶ ᠵᠢᠨ ᠴᠢᠨᠠᠷ ᠰᠠᠢ᠌ᠲᠠᠶ ᠬᠥᠭᠵᠢᠯᠲᠡ᠎ᠳᠤ ᠬᠦᠴᠦᠨ ᠴᠢᠳᠠᠯ ᠵᠶ᠋ᠠᠨ ᠡᠷᠭᠦᠨ᠎ᠡ  ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            