5 ᠳ᠋ᠤᠭ᠋ᠠᠷ ᠰᠠᠷ᠎ᠠ ᠵᠢᠨ 9᠎ᠤ ᠡᠳᠦᠷ᠂ ᠪᠤᠭᠤᠲᠤ ᠬᠣᠲᠠ ᠵᠢᠨ ᠬᠥᠨᠳᠡᠯᠡᠨ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ ᠬᠢᠭᠡᠳ ᠱᠧᠨᠵᠧᠨ ᠬᠣᠲᠠ ᠵᠢᠨ ᠴᠤᠸᠠᠩ ᠰᠢᠨ ᠸᠧᠶ ᠡᠯᠧᠺᠲᠷᠣᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠤᠶᠤᠨᠲᠤ ᠳᠡᠯᠭᠡᠴᠡ ᠵᠢᠨ ᠲᠥᠷᠥᠯ ᠵᠦᠢᠯ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠬᠢᠷᠠᠯᠴᠠᠪᠠ᠃
ᠲᠥᠷᠥᠯ ᠵᠦᠢᠯ᠎ᠢ ᠪᠤᠭᠤᠲᠤ ᠬᠣᠲᠠ ᠵᠢᠨ ᠪᠡᠭᠡᠵᠢᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠰᠠᠭᠤᠷᠢᠨ᠎ᠠᠴᠠ ᠣᠷᠣᠭᠤᠯᠵᠤ᠂ ᠪᠤᠭᠤᠲᠤ ᠬᠣᠲᠠ ᠵᠢᠨ ᠬᠥᠨᠳᠡᠯᠡᠨ ᠲᠣᠭᠣᠷᠢᠭ᠎ᠲᠤ ᠨᠠᠢ᠌ᠳᠠᠪᠤᠷᠢᠵᠢᠭᠤᠯᠤᠨ᠂ ᠶᠡᠷᠦᠩᠬᠡᠶ ᠪᠠᠯᠠ ᠣᠷᠣᠭᠤᠯᠤᠯᠲᠠ᠎ᠨᠢ ᠪᠠᠷᠤᠭ 1.3 ᠳ᠋ᠦᠩᠰᠢᠭᠤᠷ ᠲᠥᠭᠥᠷᠢᠭ᠎ᠲᠤ ᠬᠦᠷᠴᠦ᠂ ᠵᠢᠱ᠌ᠢᠯᠲᠡ᠎ᠪᠠᠷ 6 ᠰᠠᠷ᠎ᠠ᠎ᠳᠤ ᠪᠥᠬᠥ ᠲᠠᠯ᠎ᠠ᠎ᠪᠠᠷ ᠠᠰᠢᠭᠯᠠᠯᠲᠠ᠎ᠳᠤ ᠣᠷᠣᠵᠤ ᠪᠣᠷᠣᠯᠠᠭᠤᠯᠬᠤ ᠪᠣᠯᠤᠨ᠎ᠠ᠃ ᠲᠥᠷᠥᠯ ᠵᠦᠢᠯ᠎ᠤᠨ ᠪᠥᠲᠥᠭᠡᠨ ᠪᠠᠢ᠌ᠭᠤᠯᠤᠯᠲᠠ᠎ᠨᠢ LCM ᠰᠢᠩᠭᠡᠨ ᠲᠠᠯᠠᠰᠲᠤ ᠳᠡᠯᠭᠡᠴᠡ᠂ ᠲᠤᠢ᠌ᠯᠰᠢᠷᠠᠭᠰᠠᠨ ᠬᠡᠷᠡᠯ᠎ᠤᠨ ᠢᠯᠲᠠᠰᠤ ᠵᠢᠴᠢ ᠤᠶᠤᠨᠲᠤ ᠦᠵᠦᠭᠦᠷ᠎ᠤᠨ ᠰᠤᠳᠤᠯᠤᠨ ᠨᠡᠭᠡᠭᠡᠬᠦ ᠲᠥᠪ᠂ ᠪᠦᠲᠦᠭᠡᠭᠳᠡᠬᠦᠨ᠎ᠤ ᠦᠢᠯᠡᠳᠪᠦᠷᠢᠯᠡᠯ᠎ᠤᠨ ᠲᠥᠪ᠎ᠢ ᠬᠠᠮᠤᠷᠴᠤ᠂ ᠪᠠᠢ᠌ᠭᠤᠯᠤᠭᠳᠠᠭᠰᠠᠨ᠎ᠤ ᠳᠠᠷᠠᠭ᠋ᠠᠬᠢ 5 ᠵᠢᠯ᠎ᠤᠨ ᠪᠣᠷᠣᠯᠠᠭᠤᠯᠭ᠎ᠠ ᠵᠢᠨ ᠲᠣᠭ᠎ᠠ ᠨᠡᠢ᠌ᠲᠡ 15 ᠳ᠋ᠦᠩᠰᠢᠭᠤᠷ ᠲᠥᠭᠥᠷᠢᠭ᠎ᠲᠤ ᠬᠦᠷᠴᠦ᠂ 2500 ᠲᠦᠮᠡᠨ ᠲᠥᠭᠥᠷᠢᠭ᠎ᠤᠨ ᠭᠠᠢ᠌ᠯᠢ ᠲᠤᠰᠢᠶᠠᠨ᠎ᠠ᠃
ᠲᠠᠷᠠᠭ᠋ᠠᠴᠢ ᠵᠢᠨ ᠠᠯᠬᠤᠮ᠎ᠳᠤ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠬᠣᠲᠠ ᠵᠢᠨ ᠨᠠᠮ᠎ᠤᠨ ᠬᠣᠷᠢᠶᠠᠨ᠎ᠤ 1 ᠳ᠋ᠦ᠍ᠭᠡᠷ ᠲᠣᠭ᠋ᠠᠲᠤ ᠪᠢᠴᠢᠭ ᠮᠠᠲ᠋ᠧᠷᠢᠶᠠᠯ ᠪᠠ 《ᠬᠣᠶᠠᠷ᠎ᠢ ᠤᠷᠢᠵᠤ ᠬᠣᠶᠠᠷ᠎ᠢ ᠣᠷᠣᠭᠤᠯᠵᠤ ᠨᠢᠭᠡ ᠵᠢ ᠰᠢᠯᠢᠳᠡᠭᠵᠢᠭᠦᠯᠬᠦ》 ᠬᠤᠷᠠᠯ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠶ ᠨᠠᠢ᠌ᠳᠠᠪᠤᠷᠢᠵᠢᠭᠤᠯᠵᠤ᠂ ᠪᠡᠭᠡᠵᠢᠩ᠂ ᠱᠧᠨᠵᠧᠨ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠭᠠᠵᠠᠷ᠎ᠤᠨ ᠬᠤᠳᠠᠯᠳᠤᠭ᠋ᠠᠴᠢᠨ ᠤᠷᠢᠬᠤ ᠴᠣᠩᠬᠣ ᠪᠠ ᠡᠮᠦᠨ᠎ᠡ ᠹᠷᠣᠨᠲ᠎ᠤᠨ ᠵᠢᠭᠰᠠᠭ᠋ᠠᠯ᠎ᠤᠨ ᠭᠠᠵᠠᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠳᠠᠯᠳᠤᠭ᠋ᠠᠴᠢᠨ ᠤᠷᠢᠬᠤ ᠵᠢ ᠶᠡᠬᠡ᠎ᠪᠠᠷ ᠥᠷᠨᠢᠭᠦᠯᠵᠦ᠂ ᠪᠤᠭᠤᠲᠤ᠎ᠳᠤ ᠨᠠᠩ ᠣᠯᠠᠨ ᠬᠥᠭᠵᠢᠭᠰᠡᠨ ᠭᠠᠵᠠᠷ ᠣᠷᠣᠨ᠎ᠤ ᠴᠢᠨᠠᠷ ᠰᠠᠢ᠌ᠲᠠᠶ ᠰᠢᠨ᠎ᠡ ᠵᠢ ᠡᠭᠦᠳᠬᠦ ᠡᠬᠢ ᠪᠠᠶᠠᠯᠢᠭ᠎ᠢ ᠣᠷᠣᠭᠤᠯᠤᠨ ᠠᠪᠴᠢᠷᠠᠵᠤ᠂ ᠨᠠᠩ ᠣᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥᠯ ᠵᠦᠢᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠨᠧᠷᠭᠢ ᠣᠯᠭᠣᠬᠤ ᠠᠵᠤ ᠦᠢᠯᠡᠰ᠎ᠤᠨ ᠬᠥᠭᠵᠢᠯᠲᠡ ᠵᠢ ᠦᠨᠡᠨ ᠬᠦ᠌ ᠴᠢᠩᠭ᠋ᠠᠳᠬᠠᠵᠤ᠂ ᠨᠠᠩ ᠣᠯᠠᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠤᠨ᠎ᠠ᠃