7 ᠰᠠᠷ᠎ᠠ ᠵᠢᠨ 10᠎ᠤ ᠡᠳᠦᠷ᠂ ᠪᠡᠭᠡᠵᠢᠩ᠎ᠤᠨ ᠬᠢᠩᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠥᠷᠲᠡᠭᠡ ᠪᠡᠭᠡᠵᠢᠩ᠎ᠤᠨ ᠳ᠋ᠠ ᠪᠧᠢ ᠨᠦᠩ ᠹᠸᠩ ᠬᠤᠸᠠᠩ ᠣᠯᠠᠨ ᠤᠯᠤᠰ᠎ᠤᠨ ᠰᠢᠨ᠎ᠡ ᠵᠢ ᠡᠭᠦᠳᠬᠦ ᠬᠦᠷᠢᠶᠡᠯᠡᠩ ᠵᠢᠩᠬᠢᠨᠢ᠎ᠪᠠᠷ ᠫᠠᠢ᠌ᠰᠠ ᠰᠡᠬᠦᠪᠡ᠃ ᠬᠠᠢ᠌ᠳᠢᠶᠠᠨ ᠲᠣᠭᠣᠷᠢᠭ᠎ᠤᠨ ᠵᠦᠩ ᠭᠤᠸᠠᠨ ᠼᠦᠨ᠎ᠤ ᠰᠢᠨᠵᠢᠯᠡᠬᠦ ᠤᠬᠠᠭ᠋ᠠᠨ᠎ᠤ ᠬᠤᠳᠠ ᠵᠢᠨ ᠬᠠᠮᠢᠶᠠᠷᠤᠯᠲᠠ ᠵᠢᠨ ᠵᠥᠪᠯᠡᠯ᠎ᠤᠨ ᠠᠯᠪᠠᠨ ᠭᠡᠷ᠎ᠤᠨ ᠳᠡᠳ᠋ ᠡᠷᠬᠢᠯᠡᠭᠴᠢ ᠹᠸᠩ ᠶᠠᠨ᠂ ᠬᠢᠩᠭ᠋ᠠᠨ ᠠᠢ᠌ᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶᠠᠨ᠎ᠤ ᠳᠠᠷᠤᠭ᠎ᠠ ᠸᠧᠢ ᠵᠢᠦ ᠴᠢᠶᠠᠩ᠂ ᠳᠡᠳ᠋ ᠲᠣᠪᠴᠢᠶᠠᠨ ᠳᠠᠷᠤᠭ᠎ᠠ ᠮᠸᠩ ᠰᠢᠶᠠᠩ ᠬᠤᠢ᠂ ᠬᠣᠰᠢᠭᠤᠨ᠎ᠤ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠯᠢ ᠹᠦ᠋ ᠱᠧᠩ᠂ ᠬᠣᠰᠢᠭᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠰ᠎ᠤᠨ ᠬᠥᠭᠵᠢᠯᠲᠡ ᠵᠢᠨ ᠲᠥᠪ᠎ᠤᠨ ᠡᠷᠬᠢᠯᠡᠭᠴᠢ ᠰᠦᠨ ᠵᠢᠶᠦ᠋ᠨ ᠬᠦᠢ᠂ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠭᠵᠢᠯᠲᠡ ᠵᠢᠨ ᠲᠥᠪ᠎ᠤᠨ ᠡᠷᠬᠢᠯᠡᠭᠴᠢ ᠰᠢᠤᠢ ᠬᠣᠩ ᠷᠦ᠋᠂ ᠪᠡᠭᠡᠵᠢᠩ᠎ᠤᠨ ᠳ᠋ᠡ ᠪᠸᠢ ᠨᠦᠩ ᠠᠮᠢᠳᠤ ᠪᠣᠳᠠᠰ᠎ᠤᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠯᠢᠦ ᠱ᠌ᠢ ᠫᠠᠢ᠌ᠰᠠ ᠰᠡᠬᠦᠬᠦ ᠶᠣᠰᠣᠯᠠᠯ᠎ᠳᠤ ᠣᠷᠣᠯᠴᠠᠪᠠ᠃ ᠬᠠᠢ᠌ᠳᠢᠶᠠᠨ ᠲᠣᠭᠣᠷᠢᠭ᠎ᠤᠨ ᠵᠦᠩ ᠭᠤᠸᠠᠨ ᠼᠦᠨ᠎ᠤ ᠰᠢᠨᠵᠢᠯᠡᠬᠦ ᠤᠬᠠᠭ᠋ᠠᠨ᠎ᠤ ᠬᠤᠳᠠ ᠵᠢᠨ ᠬᠠᠮᠢᠶᠠᠷᠤᠯᠲᠠ ᠵᠢᠨ ᠵᠥᠪᠯᠡᠯ᠂ ᠳ᠋ᠠ ᠪᠸᠢ ᠨᠦᠩ ᠪᠦᠯᠦᠭᠯᠡᠯ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢ᠍ᠯᠡᠰ᠎ᠤᠨ ᠬᠥᠭᠵᠢᠯᠲᠡ ᠵᠢᠨ ᠲᠥᠪ᠂ ᠭᠦ᠋ ᠯᠢᠨ ᠲᠠᠷᠢᠶᠠᠯᠠᠩ᠂ ᠹᠧᠩ ᠺᠧᠨ ᠦᠷ᠎ᠡ ᠵᠢᠨ ᠦᠢ᠍ᠯᠡᠰ᠎ᠤᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠫᠠᠢ᠌ᠰᠠ ᠰᠡᠬᠦᠬᠦ ᠶᠣᠰᠣᠯᠠᠯ᠎ᠳᠤ ᠣᠷᠣᠯᠴᠠᠪᠠ᠃
ᠯᠢ ᠹᠦ᠋ ᠱᠧᠩ ᠫᠠᠢ᠌ᠰᠠ ᠰᠡᠬᠦᠬᠦ ᠶᠣᠰᠣᠯᠠᠯ᠎ᠢ ᠡᠷᠬᠢᠯᠡᠵᠦ᠂ ᠸᠧᠢ ᠵᠢᠦ ᠴᠢᠶᠠᠩ᠂ ᠯᠢᠦ ᠱ᠌ᠢ ᠲᠤᠰ ᠲᠤᠰ ᠠᠢ᠌ᠮᠠᠭ ᠬᠣᠰᠢᠭᠤ ᠬᠣᠶᠠᠷ ᠱᠠᠲᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠹᠷᠣᠨᠲ ᠪᠣᠯᠤᠨ ᠳ᠋ᠠ ᠪᠸᠢ ᠨᠦᠩ ᠪᠦᠯᠦᠭᠯᠡᠯ᠎ᠢ ᠲᠥᠯᠥᠭᠡᠯᠡᠨ ᠪᠠᠶᠠᠷ᠎ᠤᠨ ᠦᠭᠡ ᠬᠡᠯᠡᠵᠡᠢ᠃ ᠹᠧᠩ ᠶᠠᠨ᠂ ᠸᠧᠶ ᠵᠢᠦ ᠴᠢᠶᠠᠩ᠂ ᠯᠢ ᠹᠦ᠋ ᠱᠧᠩ᠂ ᠯᠢᠦ ᠱ᠌ᠢ ᠬᠠᠮᠲᠤ᠎ᠪᠠᠷ ᠪᠡᠭᠡᠵᠢᠩ᠎ᠤᠨ ᠬᠢᠩᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠥᠷᠲᠡᠭᠡ ᠵᠢᠨ ᠫᠠᠢ᠌ᠰᠠ ᠵᠢ ᠰᠡᠬᠦᠪᠡ᠃
ᠪᠡᠭᠡᠵᠢᠩ᠎ᠤᠨ ᠬᠢᠩᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠥᠷᠲᠡᠭᠡ ᠪᠣᠯ ᠬᠢᠩᠭ᠋ᠠᠨ ᠠᠢ᠌ᠮᠠᠭ᠎ᠤᠨ 《ᠬᠢᠩᠭ᠋ᠠᠨ ᠪᠡᠭᠡᠵᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ》᠎ᠤᠨ ᠨᠠᠷᠠᠲᠤ ᠲᠥᠷᠥᠯ ᠲᠡᠮᠳᠡᠭᠲᠦ ᠵᠢᠨ ᠪᠠᠢ᠌ᠭᠤᠯᠤᠯᠲᠠ ᠵᠢᠨ ᠴᠢᠬᠤᠯᠠ ᠠᠭᠤᠯᠭ᠎ᠠ ᠮᠥᠨ᠂ ᠬᠢᠩᠭ᠋ᠠᠨ ᠪᠡᠭᠡᠵᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ᠎ᠤᠨ ᠳᠠᠷᠠᠭ᠋ᠠᠬᠢ 《ᠬᠢᠩᠭ᠋ᠠᠨ ᠪᠡᠭᠡᠵᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ》᠎ᠤᠨ ᠨᠠᠷᠠᠲᠤ ᠲᠥᠷᠥᠯ ᠲᠡᠮᠳᠡᠭᠲᠦ ᠵᠢᠨ ᠪᠠᠰᠠ ᠨᠢᠭᠡᠨ ᠬᠦᠴᠦᠷᠬᠡᠭ ᠶᠡᠬᠡ ᠲᠤᠯᠭ᠋ᠠᠭᠤᠷᠢᠯᠠᠯ ᠮᠥᠨ᠃ ᠪᠡᠭᠡᠵᠢᠩ᠎ᠤᠨ ᠬᠢᠩᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠥᠷᠲᠡᠭᠡ ᠵᠢ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠬᠢᠩᠭ᠋ᠠᠨ ᠠᠢ᠌ᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠪᠡᠭᠡᠵᠢᠩ᠎ᠤᠨ ᠳ᠋ᠡ ᠪᠧᠶ ᠨᠦᠩ ᠪᠦᠯᠦᠭᠯᠡᠯ ᠬᠠᠮᠲᠤ᠎ᠪᠠᠷ ᠴᠣᠭᠴᠠᠯᠠᠵᠤ᠂ ᠬᠠᠢ᠌ᠳᠢᠶᠠᠨ ᠲᠣᠭᠣᠷᠢᠭ᠎ᠤᠨ ᠵᠦᠩ ᠭᠤᠸᠠᠨ ᠼᠦᠨ᠎ᠤ ᠰᠢᠨᠵᠢᠯᠡᠬᠦ ᠤᠬᠠᠭ᠋ᠠᠨ᠎ᠤ ᠬᠣᠲᠠ ᠵᠢᠨ ᠬᠠᠮᠢᠶᠠᠷᠤᠯᠲᠠ ᠵᠢᠨ ᠵᠥᠪᠯᠡᠯ᠎ᠤᠨ ᠬᠦᠴᠦᠲᠡᠶ ᠳᠡᠮᠵᠢᠯᠭᠡ ᠳᠣᠤᠷ᠎ᠠ᠂ ᠣᠢ᠌ᠷ᠎ᠠ ᠵᠢᠨ ᠵᠢᠯ᠎ᠤᠨ ᠲᠤᠷᠰᠢ ᠬᠢᠩᠭ᠋ᠠᠨ ᠠᠢ᠌ᠮᠠᠭ ᠬᠢᠭᠡᠳ ᠳ᠋ᠠ ᠪᠧᠶ ᠨᠦᠩ ᠪᠦᠯᠦᠭᠯᠡᠯ᠎ᠤᠨ ᠪᠠᠲᠤ ᠪᠠᠬᠢ ᠬᠠᠮᠲᠤᠷᠠᠯᠴᠠᠭ᠋ᠠᠨ᠎ᠤ ᠰᠠᠭᠤᠷᠢ ᠪᠣᠯᠤᠨ ᠴᠢᠨᠠᠷ ᠰᠠᠢ᠌ᠲᠠᠶ ᠡᠬᠢ ᠪᠠᠶᠠᠯᠢᠭ᠎ᠲᠤ ᠲᠦᠰᠢᠭᠯᠡᠨ ᠪᠠᠢ᠌ᠭᠤᠯᠤᠭᠰᠠᠨ ᠶᠤᠮ᠂ ᠰᠢᠷ᠎ᠠ ᠪᠤᠷᠴᠠᠭ᠂ ᠡᠷᠳᠡᠨᠢ ᠰᠢᠰᠢ ᠵᠢᠨ ᠠᠮᠢᠳᠤ ᠪᠣᠳᠠᠰ᠎ᠤᠨ ᠦᠷ᠎ᠡ ᠪᠣᠢ᠌ᠵᠢᠭᠤᠯᠬᠤ ᠵᠡᠷᠭᠡ ᠬᠦᠷᠢᠶ᠎ᠡ ᠬᠡᠪᠴᠢᠶ᠎ᠡ ᠵᠢᠨ ᠲᠣᠭᠣᠷᠢᠨ᠎ᠳᠤ᠂ ᠠᠮᠢᠳᠤ ᠪᠣᠳᠠᠰ᠎ᠤᠨ ᠡᠭᠦᠯᠳᠡᠷ ᠪᠣᠢ᠌ᠵᠢᠭᠤᠯᠬᠤ ᠦᠵᠡᠭᠦᠯᠦᠯᠭᠡ᠂ ᠦᠷ᠎ᠡ ᠪᠣᠢ᠌ᠵᠢᠭᠤᠯᠬᠤ ᠠᠵᠤ ᠠᠬᠤᠢ᠌ᠯᠠᠯ᠎ᠢ ᠨᠡᠪᠴᠢᠭᠦᠯᠬᠦ᠂ ᠰᠤᠳᠤᠯᠤᠨ ᠨᠡᠭᠡᠭᠡᠵᠦ ᠤᠯᠠᠷᠢᠭᠤᠯᠬᠤ ᠵᠢ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠭᠠᠵᠠᠷ ᠪᠠᠢ᠌ᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠ ᠬᠠᠢ᠌ᠳᠢᠶᠠᠨ ᠬᠣᠶᠠᠷ ᠭᠠᠵᠠᠷ᠎ᠤᠨ ᠠᠮᠢᠳᠤ ᠪᠣᠳᠠᠰ᠎ᠤᠨ ᠡᠭᠦᠯᠳᠡᠷ ᠪᠣᠢ᠌ᠵᠢᠭᠤᠯᠬᠤ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠬᠡᠷᠡᠭᠯᠡᠯᠲᠡ ᠵᠢ ᠬᠦᠴᠦᠲᠡᠶ ᠠᠬᠢᠭᠤᠯᠤᠨ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠦᠢᠯᠡᠰ᠎ᠤᠨ ᠬᠥᠭᠵᠢᠯᠲᠡ ᠵᠢ ᠬᠣᠯᠪᠣᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠬᠠᠮᠵᠢᠯᠴᠠᠨ ᠠᠬᠢᠭᠤᠯᠬᠤ ᠴᠢᠬᠤᠯᠠ ᠬᠦᠴᠦᠨ ᠪᠣᠯᠬᠤ ᠪᠣᠯᠣᠨ᠎ᠠ᠃
ᠪᠡᠭᠡᠵᠢᠩ᠎ᠤᠨ ᠬᠢᠩᠭ᠋ᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠥᠷᠲᠡᠭᠡ ᠵᠢᠩᠬᠢᠨᠢ᠎ᠪᠠᠷ ᠪᠠᠢ᠌ᠭᠤᠯᠤᠭᠳᠠᠬᠤ ᠵᠢ ᠳᠠᠭ᠋ᠠᠯᠳᠤᠨ᠂ 《ᠬᠢᠩᠭ᠋ᠠᠨ ᠪᠡᠭᠡᠵᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ》᠎ᠤᠨ ᠨᠠᠷᠠᠲᠤ ᠲᠡᠮᠳᠡᠭ 《ᠨᠢᠭᠡ ᠬᠦᠷᠢᠶᠡᠯᠡᠩ ᠨᠢᠭᠡ ᠥᠷᠲᠡᠭᠡ》 ᠵᠢᠨ ᠭᠣᠤᠯ ᠵᠢᠭᠰᠠᠭ᠋ᠠᠯ᠎ᠤᠨ ᠭᠠᠵᠠᠷ᠎ᠤᠨ ᠪᠠᠢ᠌ᠷᠢᠰᠢᠭᠤᠯᠤᠯᠲᠠ ᠵᠢ ᠪᠡᠶᠡᠯᠡᠭᠦᠯᠪᠡ᠃ ᠲᠠᠷᠠᠭ᠋ᠠᠴᠢ ᠵᠢᠨ ᠠᠯᠬᠤᠮ᠎ᠳᠤ᠂ ᠬᠢᠩᠭ᠋ᠠᠨ ᠠᠢ᠌ᠮᠠᠭ ᠦᠷᠭᠦᠯᠵᠢᠯᠡᠨ ᠪᠡᠭᠡᠵᠢᠩ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠵᠢᠯᠴᠠᠭ᠎ᠠ᠎ᠪᠠᠷ ᠲᠦᠰᠢᠭ ᠪᠣᠯᠭ᠋ᠠᠵᠤ᠂ 《ᠬᠢᠩᠭ᠋ᠠᠨ ᠪᠡᠭᠡᠵᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ》᠎ᠤᠨ ᠲᠥᠷᠥᠯ ᠲᠡᠮᠳᠡᠭ᠎ᠢ ᠡᠭᠦᠳᠬᠦ᠎ᠪᠠᠷ ᠭᠣᠤᠯ ᠱᠤᠭᠤᠮ ᠪᠣᠯᠭ᠋ᠠᠵᠤ᠂ ᠬᠢᠩᠭ᠋ᠠᠨ᠎ᠤ ᠪᠡᠭᠡᠵᠢᠩ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠯᠡᠩ ᠪᠣᠯᠤᠨ ᠪᠡᠭᠡᠵᠢᠩ᠎ᠤᠨ ᠬᠢᠩᠭ᠋ᠠᠨ᠎ᠤ ᠠᠢ᠌ᠮᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠥᠷᠲᠡᠭᠡ᠎ᠪᠠᠷ ᠠᠴᠢᠶᠠᠯᠠᠪᠤᠷᠢ ᠪᠣᠯᠭ᠋ᠠᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠭᠦᠨᠵᠡᠭᠡᠶ ᠲᠤᠭᠤᠰᠢᠯᠠᠭᠤᠯᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠ ᠬᠠᠢ᠌ᠳᠢᠶᠠᠨᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠢ᠌ᠯᠳᠤᠬᠤ ᠪᠣᠳᠣᠯᠭ᠎ᠠ ᠵᠢᠨ ᠬᠠᠮᠵᠢᠯᠴᠠᠭ᠎ᠠ ᠵᠢ ᠭᠦᠨᠵᠡᠭᠡᠢ᠌ᠷᠡᠭᠦᠯᠦᠨ ᠥᠷᠭᠡᠳᠬᠡᠵᠦ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠪᠣᠯᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠵᠦ᠂ ᠬᠠᠢ᠌ᠳᠢᠶᠠᠨ ᠲᠣᠭᠣᠷᠢᠭ᠎ᠤᠨ ᠳᠠᠪᠠᠭᠤᠯᠢᠭ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠢ ᠭᠦᠢᠴᠡᠳ ᠠᠰᠢᠭᠯᠠᠵᠤ᠂ ᠰᠢᠨ᠎ᠡ ᠵᠢ ᠡᠭᠦᠳᠬᠦ ᠴᠢᠬᠤᠯᠠ ᠡᠯᠧᠮᠧᠨ᠋ᠲ᠎ᠢ ᠪᠦᠲᠦᠮᠵᠢᠲᠡᠶ ᠲᠥᠪᠯᠡᠷᠡᠭᠦᠯᠬᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠡᠬᠢ ᠪᠠᠶᠠᠯᠢᠭ᠎ᠤᠨ ᠨᠡᠢ᠌ᠯᠡᠯᠲᠡ ᠵᠢ ᠲᠠᠰᠤᠷᠠᠯᠲᠠ ᠦᠭᠡᠢ ᠠᠬᠢᠭᠤᠯᠵᠤ᠂ ᠮᠠᠨ᠎ᠤ ᠠᠢ᠌ᠮᠠᠭ᠎ᠤᠨ ᠠᠵᠤ ᠠᠬᠤᠢ ᠴᠢᠨᠠᠷ ᠰᠠᠢ᠌ᠲᠠᠢ ᠬᠦᠭᠵᠢᠬᠦ ᠵᠢ ᠲᠤᠰᠠᠯᠠᠨ᠎ᠠ᠃