ᠡᠨᠡ ᠵᠢᠯ᠎ᠠᠴᠠ ᠨᠠᠭ᠋ᠠᠰᠢ᠂ ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠬᠣᠪᠣᠷ ᠰᠢᠷᠣᠶ ᠵᠢᠨ ᠠᠵᠤ ᠦᠢᠯᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠠᠵᠤ ᠦᠢ᠍ᠯᠡᠰᠵᠢᠭᠦᠯᠬᠦ ᠵᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠢᠯᠡᠴᠢᠯᠡᠭᠡᠨ᠎ᠤ ᠬᠠᠮ ᠠᠷᠭ᠎ᠠ ᠬᠡᠮᠵᠢᠶ᠎ᠡ ᠵᠢ ᠰᠠᠢ᠌ᠲᠤᠷ ᠬᠡᠷᠡᠭᠵᠢᠭᠦᠯᠵᠦ᠂ ᠠᠵᠤ ᠠᠬᠤᠢ᠌ᠯᠠᠯ ᠵᠶ᠋ᠠᠷ ᠭᠣᠤᠯ ᠴᠣᠭᠴᠠ ᠪᠣᠯᠭ᠋ᠠᠭᠰᠠᠨ᠂ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢ ᠠᠭᠤᠰᠤᠯᠴᠠᠭᠤᠯᠤᠭᠰᠠᠨ ᠬᠣᠪᠣᠷ ᠰᠢᠷᠣᠶ ᠵᠢᠨ ᠠᠵᠤ ᠦᠢᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠰᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠪᠡ᠃ ᠬᠤᠳᠠᠯᠳᠤᠭ᠎ᠠ ᠡᠵᠡᠩᠨᠡᠬᠦ ᠰᠠᠢ᠌ᠨ ᠰᠠᠢ᠌ᠬᠠᠨ ᠣᠷᠴᠢᠨ ᠲᠣᠭᠣᠷᠢᠨ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠳᠠᠯᠳᠠ ᠬᠦᠴᠦᠨ᠎ᠢ ᠲᠦᠷᠭᠡᠳᠬᠡᠨ ᠠᠬᠢᠭᠤᠯᠵᠤ᠂ ᠬᠣᠪᠣᠷ ᠰᠢᠷᠣᠶ ᠵᠢᠨ ᠠᠵᠤ ᠦᠢᠯᠡᠰ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠵᠤ᠂ ᠪᠤᠭᠤᠲᠤ ᠵᠢᠨ ᠲᠡᠷᠢᠭᠦᠨ᠎ᠤ᠎ᠬᠢ ᠪᠣᠯᠬᠤ᠎ᠪᠠᠷ ᠴᠢᠷᠮᠠᠢ᠌ᠬᠤ ᠢᠲᠡᠭᠡᠯ ᠵᠣᠷᠢᠭ᠎ᠢ ᠲᠠᠰᠤᠷᠠᠯᠲᠠ ᠥᠬᠡᠶ ᠴᠢᠩᠭ᠋ᠠᠷᠠᠭᠤᠯᠬᠤ ᠬᠡᠷᠡᠭᠲᠡᠶ᠃
ᠬᠣᠪᠣᠷ ᠰᠢᠷᠣᠶ ᠵᠢᠨ ᠠᠵᠤ ᠦᠢᠯᠡᠰ᠎ᠤᠨ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠶᠡᠬᠡ᠎ᠪᠠᠷ ᠠᠬᠢᠭᠤᠯᠬᠤ ᠲᠠᠯ᠎ᠠ᠎ᠪᠠᠷ᠂ ᠲᠣᠰ ᠲᠣᠪᠴᠢᠶ᠎ᠠ᠎ᠠᠴᠠ ᠪᠤᠭᠤᠲᠤ ᠵᠢᠨ ᠪᠣᠯᠣᠳ ᠲᠡᠮᠦᠷ᠎ᠤᠨ ᠪᠦᠯᠦᠭᠯᠡᠯ᠂ ᠪᠤᠭᠤᠲᠤ ᠵᠢᠨ ᠬᠣᠪᠣᠷ ᠰᠢᠷᠣᠶ ᠵᠢᠨ ᠰᠤᠳᠤᠯᠭ᠋ᠠᠨ᠎ᠤ ᠬᠦᠷᠢᠶᠡᠯᠡᠩ᠂ ᠲᠢᠶᠠᠨ ᠾᠧ ᠰᠣᠷᠢᠨᠵᠢᠨ ᠮᠠᠲ᠋ᠧᠷᠢᠶᠠᠯ᠂ ᠵᠢᠨ ᠮᠧᠩ ᠬᠣᠶ ᠰᠣᠷᠢᠨᠵᠢᠨ᠂ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠶᠡᠬᠡ ᠰᠤᠷᠭ᠋ᠠᠭᠤᠯᠢ ᠵᠢ ᠲᠦᠷᠦᠭᠦᠯᠡᠬᠦ ᠨᠢᠭᠡᠴᠡ ᠪᠣᠯᠭ᠋ᠠᠵᠤ᠂ ᠳᠠᠭ᠋ᠠᠭ᠋ᠠᠨ ᠡᠭᠦᠷᠭᠡᠯᠡᠭᠰᠡᠨ ᠪᠠᠶᠠᠠᠠᠤᠪᠤᠭ᠎ᠠ ᠣᠯᠠᠨ ᠲᠡᠮᠦᠷᠯᠢᠭ᠎ᠤᠨ ᠡᠬᠢ ᠪᠠᠶᠠᠯᠢᠭ᠎ᠤᠨ ᠪᠣᠬᠢᠷᠲᠤᠯ ᠥᠬᠡᠶ ᠥᠨᠳᠥᠷ ᠪᠦᠲᠦᠮᠵᠢᠲᠡᠶ ᠨᠡᠭᠡᠭᠡᠨ ᠠᠰᠢᠭᠯᠠᠵᠤ ᠲᠥᠪᠯᠡᠷᠡᠭᠦᠯᠦᠨ ᠵᠢᠱ᠌ᠢᠶ᠎ᠡ ᠦᠵᠡᠭᠦᠯᠬᠦ ᠵᠡᠷᠭᠡ 6 ᠲᠥᠷᠥᠯ ᠵᠦᠢᠯ᠎ᠢ ᠤᠯᠤᠰ᠎ᠤᠨ ᠭᠣᠤᠯᠳᠠᠯᠭ᠎ᠠ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢᠯ ᠵᠶ᠋ᠡᠷ ᠭᠤᠶᠤᠴᠢᠯᠠᠨ ᠮᠡᠳᠡᠭᠦᠯᠵᠦ᠂ ᠴᠠᠩ ᠠᠨ ᠲᠣᠭᠲᠠᠮᠠᠯ ᠰᠣᠷᠢᠨᠵᠢᠨ ᠴᠠᠬᠢᠯᠭ᠋ᠠᠨ ᠮᠠᠰᠢᠨ᠎ᠤ ᠥᠨᠳᠥᠷ ᠲᠦᠯᠬᠢᠬᠦ ᠬᠦᠴᠦᠨ᠎ᠤ ᠨᠢᠭᠲᠠᠴᠠ ᠵᠢᠨ ᠲᠣᠭᠲᠠᠮᠠᠯ ᠰᠣᠷᠢᠨᠵᠢᠨ᠎ᠤ ᠢᠵᠢᠯᠢ ᠠᠯᠬᠤᠮᠲᠤ ᠰᠢᠯᠤᠭᠤᠨ ᠴᠠᠬᠢᠯᠭ᠋ᠠᠨ ᠮᠠᠰᠢᠨ᠎ᠢ ᠰᠤᠳᠤᠯᠤᠨ ᠦᠢᠯᠡᠳᠬᠦ ᠲᠥᠷᠥᠯ ᠵᠦᠢᠯ᠂ ᠬᠣᠩ ᠪᠥᠸᠧ ᠲᠧ ᠬᠣᠪᠣᠷ ᠰᠢᠷᠣᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠤᠳᠤᠭ᠎ᠤᠨ ᠥᠨᠳᠥᠷ ᠳᠤᠯᠠᠭ᠋ᠠᠨ᠎ᠳᠤ ᠳᠠᠭ᠋ᠠᠭ᠋ᠠᠮᠠᠭ᠋ᠠᠶ ᠵᠠᠩᠭᠢᠯᠠᠭ᠎ᠠ ᠵᠢᠨ ᠮᠡᠷᠭᠡᠵᠢᠯ ᠵᠡᠷᠭᠡ 7 ᠲᠥᠷᠥᠯ ᠵᠦᠢᠯ᠎ᠨᠢ ᠥᠪᠡᠷᠲᠡᠭᠡᠨ ᠵᠠᠰᠠᠬᠤ ᠣᠷᠣᠨ᠎ᠤ 《ᠵᠠᠷᠯᠠᠯ ᠨᠡᠢ᠌ᠲᠡᠯᠡᠨ ᠮᠠᠩᠯᠠᠢ᠌ᠯᠠ᠃
ᠬᠣᠪᠣᠷ ᠰᠢᠷᠣᠶ ᠵᠢᠨ ᠬᠦᠷᠢᠶᠡᠨ᠎ᠳᠠᠬᠢ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠪᠠ ᠦᠷ᠎ᠡ ᠪᠦᠲᠦᠭᠡᠯ᠎ᠢ ᠣᠨᠳᠣᠤᠰᠢᠭᠤᠯᠬᠤ ᠲᠠᠯ᠎ᠠ᠎ᠪᠠᠷ᠂ ᠪᠤᠭᠤᠲᠤ ᠬᠣᠲᠠ ᠪᠤᠭᠤᠲᠤ ᠵᠢᠨ ᠬᠣᠪᠣᠷ ᠰᠢᠷᠣᠶ ᠵᠢᠨ ᠰᠤᠳᠤᠯᠭ᠋ᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠪᠤᠭᠤᠲᠤ ᠵᠢᠨ ᠬᠣᠪᠣᠷ ᠰᠢᠷᠣᠶ ᠵᠢᠨ ᠰᠤᠳᠤᠯᠤᠨ ᠨᠡᠭᠡᠭᠡᠬᠦ ᠲᠥᠪ᠂ ᠱᠠᠩᠬᠠᠶ ᠵᠢᠨ ᠵᠠᠮ ᠬᠠᠷᠢᠯᠴᠠᠭ᠋ᠠᠨ᠎ᠤ ᠶᠡᠬᠡ ᠰᠤᠷᠭ᠋ᠠᠭᠤᠯᠢ ᠵᠢᠨ ᠪᠤᠭᠤᠲᠤ ᠵᠢᠨ ᠮᠠᠲ᠋ᠧᠷᠢᠶᠠᠯ᠎ᠤᠨ ᠬᠦᠷᠢᠶᠡᠯᠡᠩ ᠵᠡᠷᠭᠡ ᠰᠤᠳᠤᠯᠤᠨ ᠨᠡᠭᠡᠭᠡᠬᠦ ᠪᠠᠢ᠌ᠭᠤᠯᠤᠮᠵᠢ᠎ᠪᠠᠷ ᠭᠣᠤᠯ ᠴᠣᠭᠴᠠ ᠪᠣᠯᠭ᠋ᠠᠵᠤ᠂ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠪᠠ ᠠᠵᠤ ᠠᠬᠤᠢ᠌ᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢᠯ᠎ᠤᠨ ᠬᠡᠷᠡᠭᠵᠢᠭᠦᠯᠦᠯᠲᠡ᠎ᠪᠠᠷ ᠳᠠᠮᠵᠢᠭᠤᠯᠤᠨ᠂ ᠳᠡᠭᠡᠳᠦ ᠲᠠᠰ᠎ᠤᠨ ᠴᠢᠳᠠᠪᠤᠷᠢᠲᠠᠨ ᠪᠠ ᠪᠦᠯᠬᠦᠮ ᠨᠡᠢ᠌ᠲᠡ ᠵᠢ ᠲᠡᠳᠡᠨ ᠠᠪᠴᠢᠷᠠᠵᠤ ᠳᠠᠭ᠋ᠠᠭ᠋ᠠᠴᠢᠯᠠᠨ ᠬᠠᠮᠵᠢᠯᠴᠠᠭᠤᠯᠪᠠ᠃ ᠪᠤᠭᠤᠲᠤ ᠬᠣᠲᠠ ᠤᠷᠢᠳ ᠬᠣᠵᠢᠳ ᠶᠠᠨ ᠴᠦᠨ ᠬᠤᠸᠠ᠂ ᠱᠸᠨ ᠪᠦ᠋ᠦ ᠭ᠋ᠸᠨ᠂ ᠯᠢ ᠢ᠂ ᠵᠠᠩ ᠬᠣᠩ ᠵᠢᠶᠧ᠂ ᠬᠥ᠋ ᠭᠦᠸᠧ ᠪᠢᠶᠤᠤ᠂ ᠯᠢ ᠸᠧᠶ᠂ ᠬᠤᠸᠠᠩ ᠰᠢᠶᠤᠤ ᠸᠧᠶ᠂ ᠰᠢᠤᠢ ᠬᠣᠶ ᠪᠢᠨ᠂ ᠳ᠋ᠢᠩ ᠸᠸᠨ ᠵᠢᠶᠠᠩ᠂ ᠾᠧ ᠵᠢᠶ ᠱᠠᠨ᠂ ᠸᠠᠩ ᠢᠳ᠋ᠸ ᠵᠡᠷᠭᠡ ᠠᠺᠠᠳᠧᠮᠢᠴᠢ ᠵᠢᠴᠢ ᠪᠦᠯᠬᠦᠮ᠎ᠢ 30 ᠭᠠᠷᠤᠶ ᠣᠷᠣᠭᠤᠯᠵᠤ ᠠᠪᠴᠢᠷᠠᠵᠠᠶ᠃ ᠡᠭᠦᠨ᠎ᠤ ᠬᠠᠮᠲᠤ᠂ ᠵᠠᠩ ᡁᠢ ᠬᠣᠩ᠂ ᠶᠠᠩ ᠵᠠᠨ ᠹᠸᠩ᠂ ᠯᠢᠦ ᠭᠦᠸᠧ ᠵᠧᠩ᠂ ᠶᠠᠨ ᠬᠣᠶ ᠵᠥᠩ ᠵᠶ᠋ᠡᠷ ᠲᠥᠯᠥᠭᠡᠯᠡᠭᠦᠯᠦᠭᠰᠡᠨ ᠨᠤᠲᠤᠭ᠎ᠤᠨ ᠬᠣᠪᠣᠷ ᠰᠢᠷᠣᠶ ᠵᠢᠨ ᠬᠦᠷᠢᠶᠡᠨ᠎ᠤ ᠲᠤᠰᠬᠠᠶ ᠮᠡᠷᠭᠡᠵᠢᠯᠲᠡᠨ᠎ᠢ ᠪᠣᠢ᠌ᠵᠢᠭᠤᠯᠵᠤ᠂ ᠴᠤᠯᠤ ᠴᠡᠪᠡᠷ ᠬᠣᠪᠣᠷ ᠰᠢᠷᠣᠶ ᠵᠢᠨ ᠲᠡᠮᠦᠷᠯᠢᠭ ᠦᠢᠯᠡᠳᠬᠦ᠂ ᠬᠣᠪᠣᠷ ᠰᠢᠷᠣᠶ ᠵᠢᠨ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ᠂ ᠥᠨᠳᠥᠷ ᠴᠢᠳᠠᠪᠬᠢᠲᠤ ᠨᠧᠦᠳᠢᠮ ᠲᠡᠮᠦᠷ ᠪᠣᠷ ᠮᠠᠲ᠋ᠧᠷᠢᠶᠠᠯ ᠪᠠ ᠬᠣᠪᠣᠷ ᠰᠢᠷᠣᠶ ᠵᠢᠨ ᠤᠰᠤᠲᠥ᠋ᠷᠥᠭᠴᠢ ᠬᠠᠳᠠᠭ᠋ᠠᠯᠠᠬᠤ ᠮᠠᠲ᠋ᠧᠷᠢᠶᠠᠯ᠎ᠢ ᠰᠤᠳᠤᠯᠤᠨ ᠦᠢᠯᠡᠳᠬᠦ ᠵᠡᠷᠭᠡ ᠬᠦᠷᠢᠶᠡᠨ᠎ᠳᠤ ᠮᠠᠰᠢ ᠣᠯᠠᠨ ᠦᠷ᠎ᠡ ᠪᠦᠲᠦᠭᠡᠯ ᠣᠯᠵᠤ᠂ ᠬᠣᠪᠣᠷ ᠰᠢᠷᠣᠶ ᠵᠢᠨ ᠠᠵᠢᠯ ᠲᠥᠷᠥᠯ᠎ᠳᠤ ᠨᠡᠯᠢᠶᠡᠳ ᠥᠨᠳᠥᠷ ᠠᠯᠳᠠᠷᠰᠢᠯ᠎ᠲᠠᠢ ᠪᠣᠯᠪᠠ᠃
ᠰᠢᠨᠵᠢᠯᠡᠬᠦ ᠤᠬᠠᠭ᠋ᠠᠨ ᠮᠡᠷᠭᠡᠵᠢᠯ ᠮᠥᠩᠭᠥᠨ ᠭᠦᠢᠯᠭᠡᠭᠡᠨ᠎ᠤ ᠬᠣᠪᠣᠷ ᠰᠢᠷᠣᠶ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠳᠡᠮᠵᠢᠬᠦ ᠵᠢ ᠭᠦᠨᠵᠡᠭᠡᠶ ᠠᠬᠢᠭᠤᠯᠬᠤ ᠲᠠᠯ᠎ᠠ᠎ᠪᠠᠷ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠥᠩᠭᠥᠨ ᠭᠦᠢᠯᠭᠡᠭᠡᠨ᠎ᠤ ᠰᠢᠨ᠎ᠡ ᠵᠢ ᠡᠭᠦᠳᠬᠦ ᠦᠢᠯᠡᠴᠢᠯᠡᠭᠡᠨ᠎ᠤ 《ᠠᠷᠪᠠᠨ ᠵᠠᠭᠤ ᠮᠢᠩᠭ᠎ᠠ ᠲᠦᠮᠡ》 ᠵᠢᠨ ᠲᠤᠰᠬᠠᠶ ᠠᠵᠢᠯᠯᠠᠭ᠎ᠠ ᠪᠤᠭᠤᠲᠤ ᠬᠣᠲᠠ᠎ᠳᠤ ᠡᠬᠢᠯᠡᠪᠡ; ᠪᠥᠬᠥ ᠤᠯᠤᠰ᠎ᠤᠨ ᠠᠩᠬᠠᠳᠠᠭᠴᠢ 《ᠳᠤᠮᠳᠠᠳᠤ ᠤᠯᠤᠰ᠎ᠤᠨ ᠪᠠᠩᠬᠢ ᠵᠢᠨ ᠬᠣᠪᠣᠷ ᠰᠢᠷᠣᠶ ᠬᠢᠭᠡᠳ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠥᠩᠭᠥᠨ ᠭᠦᠢᠯᠭᠡᠭᠡᠨ᠎ᠤ ᠣᠨᠴᠠᠯᠢᠭᠲᠤ ᠰᠠᠯᠪᠤᠷᠢ ᠪᠠᠩᠬᠢ》 ᠪᠤᠭᠤᠲᠤ ᠬᠣᠲᠠ᠎ᠳᠤ ᠫᠠᠢ᠌ᠰᠠ ᠡᠯᠭᠦᠨ ᠠᠵᠢᠯᠯᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠮᠥᠩᠭᠥᠨ ᠭᠦᠢᠯᠭᠡᠭᠡᠨ᠎ᠤ ᠲᠤᠯᠭ᠋ᠠᠭᠤᠷᠢᠯᠠᠯ ᠬᠠᠩᠭ᠋ᠠᠵᠤ᠂ ᠬᠣᠪᠣᠷ ᠰᠢᠷᠣᠶ ᠵᠢᠨ ᠬᠦᠷᠢᠶᠡᠨ᠎ᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠠᠵᠤ ᠠᠬᠤᠢ᠌ᠯᠠᠯ᠎ᠤᠨ ᠪᠠᠯᠠ ᠮᠥᠩᠭᠥ ᠵᠢᠨ ᠡᠷᠭᠢᠯᠲᠡ᠂ ᠮᠡᠷᠭᠡᠵᠢᠯ᠎ᠤᠨ ᠲᠠᠰ ᠳᠠᠪᠰᠢᠯᠲᠠ ᠵᠡᠷᠭᠡ ᠲᠠᠯ᠎ᠠ᠎ᠪᠠᠷ᠎ᠬᠢ ᠴᠢᠨᠠᠷ ᠰᠠᠢ᠌ᠲᠠᠶ ᠮᠥᠩᠭᠥᠨ ᠭᠦᠢᠯᠭᠡᠭᠡᠨ᠎ᠤ ᠦᠢᠯᠡᠴᠢᠯᠡᠭᠡ ᠬᠠᠩᠭ᠋ᠠᠪᠠ᠃
ᠪᠤᠭᠤᠲᠤ ᠬᠣᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠣᠪᠴᠢᠶ᠎ᠠ ᠪᠠᠰᠠ ᠬᠣᠪᠣᠷ ᠰᠢᠷᠣᠶ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠰᠢᠯᠵᠢᠭᠦᠯᠦᠨ ᠤᠯᠠᠷᠢᠭᠤᠯᠬᠤ ᠵᠢᠱ᠌ᠢᠶ᠎ᠡ ᠦᠵᠡᠭᠦᠯᠬᠦ ᠣᠷᠣᠨ᠎ᠢ ᠡᠭᠦᠳᠦᠨ ᠪᠠᠢ᠌ᠭᠤᠯᠬᠤ᠎ᠪᠠᠷ ᠭᠤᠶᠤᠴᠢᠯᠠᠨ ᠮᠡᠳᠡᠭᠦᠯᠬᠦ ᠵᠢ ᠢᠳᠡᠪᠬᠢᠲᠡᠶ ᠲᠠᠨᠢᠯᠴᠠᠭᠤᠯᠵᠤ᠂ ᠳᠣᠲᠣᠷ ᠡᠮᠨᠡᠯᠭᠡ ᠵᠢᠨ ᠶᠡᠬᠡ ᠰᠤᠷᠭ᠋ᠠᠭᠤᠯᠢ᠂ ᠪᠤᠭᠤᠲᠤ ᠵᠢᠨ ᠬᠣᠪᠣᠷ ᠰᠢᠷᠣᠶ ᠵᠢᠨ ᠰᠤᠳᠤᠯᠭ᠋ᠠᠨ᠎ᠤ ᠬᠦᠷᠢᠶᠡᠯᠡᠩ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠦᠨᠡᠯᠡᠬᠦ ᠲᠤᠷᠰᠢᠯᠲᠠ ᠵᠢᠨ ᠨᠢᠭᠡᠴᠡ ᠪᠣᠯᠬᠤ ᠵᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠡᠯᠪᠡᠷᠢ ᠵᠢᠨ ᠳᠤᠮᠳᠠ ᠪᠠᠭ᠎ᠠ ᠠᠵᠤ ᠠᠬᠤᠢ᠌ᠯᠠᠯ᠎ᠤᠨ ᠬᠣᠤᠰ ᠳᠠᠬᠢᠨ ᠵᠶ᠋ᠠᠷ ᠨᠡᠮᠡᠭᠳᠡᠭᠦᠯᠬᠦ ᠠᠵᠢᠯᠯᠠᠭ᠋ᠠᠨ᠎ᠤ ᠲᠥᠰᠦᠯ᠎ᠢ ᠨᠡᠢ᠌ᠲᠡᠯᠡᠪᠡ᠃ ᠪᠤᠭᠤᠲᠤ ᠬᠣᠲᠠ ᠵᠢᠨ ᠬᠣᠪᠣᠷ ᠰᠢᠷᠣᠶ ᠵᠢᠨ ᠬᠦᠷᠢᠶᠡᠨ᠎ᠳᠠᠬᠢ ᠤᠯᠤᠰ᠎ᠤᠨ ᠳᠡᠭᠡᠳᠦ ᠰᠢᠨ᠎ᠡ ᠮᠡᠷᠭᠡᠵᠢᠯ᠎ᠤᠨ 48 ᠠᠵᠤ ᠠᠬᠤᠢ᠌ᠯᠠᠯ᠎ᠢ ᠪᠣᠢ᠌ᠵᠢᠭᠤᠯᠵᠤ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠶᠡᠷᠦᠩᠬᠡᠶ ᠲᠣᠭ᠋ᠠᠨ᠎ᠤ ᠭᠤᠷᠪᠠᠨ᠎ᠤ ᠨᠢᠭᠡ ᠰᠢᠬᠠᠮ᠎ᠢ ᠡᠵᠡᠯᠡᠪᠡ᠃ 41 ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠪᠠᠢ᠌ᠭᠤᠯᠤᠮᠵᠢ ᠪᠠᠢ᠌ᠭᠤᠯᠬᠤ ᠵᠢ ᠳᠡᠮᠵᠢᠵᠦ᠂ ᠰᠤᠳᠤᠯᠤᠨ ᠨᠡᠭᠡᠭᠡᠬᠦ ᠠᠵᠢᠯᠯᠠᠭ᠎ᠠ᠎ᠲᠠᠢ ᠬᠡᠪᠴᠢᠶᠡᠵᠢᠯ᠎ᠠᠴᠠ ᠳᠡᠭᠡᠭᠰᠢᠬᠢ ᠠᠵᠤ ᠠᠬᠤᠢ᠌ᠯᠠᠯ 37 ᠪᠣᠯᠪᠠ᠃