ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠲᠤ ᠵᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠢᠯ ᠵᠶ᠋ᠡᠷ ᠬᠠᠮᠤᠭ᠎ᠤᠨ ᠪᠦᠷᠢᠨ ᠠᠮᠢ ᠠᠬᠤᠶ ᠵᠢᠨ ᠴᠢᠳᠠᠮᠵᠢᠳᠤ ᠣᠷᠣᠨ ᠪᠣᠯᠤᠨ᠎ᠠ ᠃ ᠥᠪᠥᠷ ᠮᠣᠩᠭᠣᠯ᠎ᠤᠨ ᠠᠮᠢ ᠠᠬᠤᠢ ᠵᠢᠨ ᠪᠠᠢ᠌ᠳᠠᠯ ᠶᠠᠮᠠᠷ ᠪᠠᠢ᠌ᠬᠤ᠎ᠨᠢ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠣᠷᠣᠰᠢᠯ ᠲᠣᠭᠲᠠᠨᠢᠯ ᠪᠠ ᠬᠥᠭᠵᠢᠯᠲᠡ᠎ᠲᠠᠢ ᠬᠣᠯᠪᠣᠭᠳᠠᠬᠤ᠎ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠣᠢ᠌ᠲᠤ ᠣᠷᠣᠨ᠂ ᠪᠠᠷᠠᠭᠤᠨ ᠬᠣᠢ᠌ᠲᠤ ᠣᠷᠣᠨ᠂ ᠴᠢᠨᠠᠭᠰᠢᠯᠠᠪᠠᠯ ᠪᠦᠬᠦ ᠤᠯᠤᠰ᠎ᠤᠨ ᠠᠮᠢ ᠠᠬᠤᠢ ᠵᠢᠨ ᠠᠮᠤᠷ ᠲᠦᠪᠰᠢᠨ᠎ᠲᠠᠢ ᠬᠣᠯᠪᠣᠭᠳᠠᠨ᠎ᠠ ᠃ ᠠᠮᠢ ᠠᠬᠤᠢ ᠵᠢᠨ ᠠᠮᠤᠷ ᠲᠦᠪᠰᠢᠨ ᠪᠣᠯ ᠣᠷᠣᠰᠢᠨ ᠲᠣᠭᠲᠠᠨᠢᠬᠤ ᠵᠢᠨ ᠦᠨᠳᠦᠰᠦ ᠮᠥᠨ᠂ 《ᠠᠯᠳᠠᠪᠠᠯ ᠶᠠᠭᠤ ᠴᠤ᠌ ᠦᠭᠡᠢ ᠪᠣᠯᠤᠨ᠎ᠠ》᠂ ᠠᠮᠢ ᠠᠬᠤᠢ ᠵᠢᠨ ᠠᠮᠤᠷ ᠲᠦᠪᠰᠢᠨ ᠪᠠᠢ᠌ᠬᠤ ᠦᠭᠡᠢ ᠪᠣᠯ ᠪᠢᠳᠡ ᠶᠠᠭᠤ ᠴᠤ᠌ ᠬᠥᠭᠵᠢᠵᠦ ᠴᠢᠳᠠᠬᠤ ᠦᠭᠡᠢ ᠶᠤᠮ ᠃ ᠪᠢᠳᠡ 《ᠤᠯᠤᠰ᠎ᠤᠨ ᠶᠡᠬᠡ ᠲᠠᠯ᠎ᠠ》 ᠵᠢᠨ ᠦᠨᠳᠤᠷᠴᠡ᠎ᠠᠴᠠ ᠥᠪᠥᠷ ᠮᠣᠩᠭᠣᠯ᠎ᠤᠨ ᠠᠮᠢ ᠠᠬᠤᠢ ᠣᠷᠴᠢᠨ ᠲᠣᠭᠣᠷᠢᠨ᠎ᠢ ᠰᠠᠢ᠌ᠲᠤᠷ ᠬᠠᠮᠠᠭ᠋ᠠᠯᠠᠬᠤ ᠵᠢᠨ ᠲᠤᠢ᠌ᠯ᠎ᠤᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠢᠳᠡᠪᠬᠢᠲᠡᠢ ᠦᠢ᠍ᠯᠡᠳᠦᠯᠭᠡᠵᠢᠭᠦᠯᠵᠦ᠂ ᠨᠢᠳᠤᠨ ᠴᠡᠴᠡᠭᠡᠢ᠎ᠪᠠᠨ ᠬᠠᠮᠠᠭ᠋ᠠᠯᠠᠬᠤ᠎ᠲᠠᠢ ᠠᠳᠠᠯᠢ᠎ᠪᠠᠷ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠵᠤ᠂ ᠪᠢᠳᠡᠨ᠎ᠤ ᠣᠷᠣᠰᠢᠨ ᠲᠣᠭᠲᠠᠨᠢᠬᠤ ᠪᠠ ᠬᠥᠭᠵᠢᠬᠦ᠂ ᠭᠦᠨ ᠵᠤᠵᠠᠭ᠋ᠠᠨ ᠬᠠᠢ᠌ᠷ᠎ᠠ ᠰᠡᠳᠬᠢᠯᠭᠡ᠎ᠲᠠᠢ ᠪᠥᠭᠡᠳ ᠴᠢᠩ ᠦᠨᠡᠨᠴᠢ ᠬᠠᠢ᠌ᠷ᠎ᠠ ᠰᠡᠳᠬᠢᠯᠭᠡ᠎ᠲᠠᠢ ᠰᠠᠢ᠍ᠢ᠍ᠨ ᠰᠠᠢ᠌ᠬᠠᠨ ᠭᠡᠷ ᠣᠷᠣᠨ ᠵᠶ᠋ᠠᠨ ᠰᠠᠢ᠌ᠲᠤᠷ ᠰᠠᠬᠢᠨ ᠬᠠᠮᠠᠭ᠋ᠠᠯᠠᠬᠤ᠎ᠪᠠᠷ ᠴᠢᠷᠮᠠᠢ᠌ᠬᠤ ᠬᠡᠷᠡᠭᠲᠡᠢ ᠃
ᠠᠮᠢ ᠠᠬᠤᠶ ᠵᠢᠨ ᠪᠣᠯᠪᠠᠰᠤᠨ᠎ᠤ ᠪᠠᠢ᠌ᠭᠤᠯᠤᠯᠲᠠ ᠪᠣᠯ ᠤᠳᠠᠭ᠋ᠠᠨ ᠳᠠᠭ᠋ᠠᠭ᠋ᠠᠮᠠᠭ᠋ᠠᠶ ᠵᠢᠳᠬᠦᠨ ᠴᠢᠷᠮᠠᠢ᠌ᠬᠤ ᠶᠠᠪᠤᠳᠠᠯ ᠮᠥᠨ ᠃ ᠤᠳᠠᠭ᠋ᠠᠨ ᠳᠠᠭ᠋ᠠᠭ᠋ᠠᠮᠠᠭ᠋ᠠᠢ ᠴᠢᠷᠮᠠᠢ᠌ᠪᠠᠯ ᠳᠠᠷᠤᠢ ᠤᠳᠠᠭ᠋ᠠᠨ ᠳᠠᠭ᠋ᠠᠭ᠋ᠠᠮᠠᠭ᠋ᠠᠢ ᠪᠠᠢ᠌ᠵᠤ᠂ ᠡᠳᠦᠷ ᠡᠳᠦᠷ ᠴᠢᠷᠮᠠᠢ᠌ᠨ ᠠᠵᠢᠯᠯᠠᠬᠤ ᠬᠡᠷᠡᠭᠲᠡᠢ᠂ ᠭᠤᠷᠪᠠᠨ ᠡᠳᠦᠷ ᠵᠢᠭ᠋ᠠᠰᠤ ᠠᠩᠨᠠᠵᠤ ᠬᠣᠶᠠᠷ ᠡᠳᠦᠷ ᠲᠣᠣᠷ ᠵᠶ᠋ᠠᠨ ᠡᠭᠡᠭᠡᠵᠦ ᠪᠣᠯᠬᠤ ᠦᠭᠡᠢ᠂ ᠬᠦᠴᠢᠷ ᠪᠡᠷᠬᠡᠰᠢᠶᠡᠯ ᠪᠠ ᠳᠠᠷᠤᠯᠲᠠ᠎ᠳᠤ ᠤᠴᠠᠷᠠᠮᠠᠭᠴᠠ ᠬᠠᠭᠤᠴᠢᠨ ᠵᠠᠮ ᠵᠶ᠋ᠠᠷ ᠵᠶ᠋ᠠᠨ ᠵᠠᠮᠨᠠᠬᠤ ᠭᠡᠵᠦ ᠪᠤᠳᠤᠵᠤ ᠪᠣᠯᠬᠤ ᠦᠭᠡᠢ ᠃ ᠪᠢᠳᠡ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠤᠳᠤᠯᠭ᠎ᠠ ᠵᠢᠨ ᠲᠣᠭᠲᠠᠯ ᠬᠦᠴᠦᠨ ᠵᠶ᠋ᠡᠨ ᠪᠠᠲᠤᠯᠠᠬᠤ ᠬᠡᠷᠡᠭᠲᠡᠢ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠨ᠎ᠠ᠂ ᠨᠤᠲᠤᠭ ᠪᠡᠯᠴᠢᠭᠡᠷ᠎ᠢ ᠬᠠᠮᠠᠭ᠋ᠠᠯᠠᠬᠤ᠂ ᠣᠢ ᠰᠢᠭᠤᠶ ᠵᠢ ᠲᠡᠷᠢᠭᠦᠨ ᠴᠢᠬᠤᠯᠠ ᠡᠭᠦᠷᠭᠡ ᠪᠣᠯᠭ᠋ᠠᠬᠤ᠂ ᠪᠠᠭ᠋ᠠᠲᠤᠷ ᠡᠷ᠎ᠡ ᠪᠠᠭᠤᠤ᠎ᠪᠠᠨ ᠴᠠᠪᠴᠢᠬᠤ ᠰᠥᠰᠥ ᠵᠣᠷᠢᠭ ᠵᠶ᠋ᠠᠷ ᠠᠮᠢ ᠠᠬᠤᠶ ᠣᠷᠴᠢᠨ ᠲᠣᠭᠣᠷᠢᠨ᠎ᠢ ᠬᠣᠬᠢᠷᠠᠭᠤᠯᠬᠤ ᠴᠢᠨᠠᠭᠰᠢᠯᠠᠪᠠᠯ ᠡᠪᠳᠡᠬᠦ ᠬᠥᠭᠵᠢᠯᠲᠡ ᠵᠢᠨ ᠵᠠᠭᠪᠤᠷ᠎ᠢ ᠲᠠᠶᠠᠭᠳᠠᠬᠤ ᠬᠡᠷᠡᠭᠲᠡᠶ᠂ ᠥᠴᠦᠬᠡᠨ ᠴᠦ᠍ ᠥᠯᠥ ᠬᠦᠯᠢᠴᠡᠬᠦ ᠣᠪᠣᠷ ᠵᠶ᠋ᠠᠷ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠠᠬᠢ ᠲᠣᠪᠣᠢ᠌ᠮ᠎ᠠ ᠠᠰᠠᠭᠤᠳᠠᠯ᠎ᠢ ᠰᠢᠢᠳᠪᠦᠷᠢᠯᠡᠪᠡ᠂ ᠪᠣᠬᠢᠷᠲᠤᠯ ᠦᠭᠡᠢ ᠳᠠᠪᠠᠭᠤᠯᠢᠭ ᠵᠶ᠋ᠠᠨ ᠵᠤᠵᠠᠭ᠋ᠠᠳᠬᠠᠬᠤ᠎ᠳᠤ ᠠᠰᠢᠭᠲᠠᠢ ᠶᠠᠪᠤᠳᠠᠯ ᠯᠠ ᠶᠤᠮ ᠪᠣᠯ ᠡᠷᠡᠰ ᠭᠤᠢ᠌ᠪᠢᠰᠢ ᠦᠭᠡᠢ ᠠᠬᠢᠭᠤᠯᠬᠤ ᠬᠡᠷᠡᠭᠲᠡᠢ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ᠎ᠳᠤ ᠠᠰᠢᠭ ᠦᠭᠡᠢ ᠦᠢ᠍ᠯᠡ ᠠᠵᠢᠯᠯᠠᠭ᠎ᠠ ᠪᠣᠯ ᠳᠠᠷᠤᠶ ᠡᠷᠡᠰ ᠬᠦᠴᠦᠲᠡᠶ ᠵᠠᠯᠠᠷᠠᠭᠤᠯᠤᠨ᠎ᠠ᠂ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭ᠋ᠠᠨ᠎ᠢ ᠦᠨᠡᠨ ᠬᠦ᠌ ᠰᠠᠢ᠌ᠲᠤᠷ ᠰᠠᠬᠢᠨ ᠬᠠᠮᠠᠭ᠋ᠠᠯᠠᠨ᠎ᠠ᠂ ᠡᠨᠡ ᠬᠡᠰᠡᠭ ᠴᠡᠩᠬᠡᠷ ᠥᠩᠭᠡ᠎ᠲᠠᠢ᠂ ᠡᠨᠡ ᠬᠤᠪᠢ᠎ᠨᠢ ᠴᠡᠪᠡᠷ ᠃
ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ᠎ᠨᠢ ᠬᠥᠭᠵᠢᠭᠦᠯᠬᠦ ᠦᠭᠡᠢ ᠭᠡᠰᠡᠨ ᠦᠭᠡ ᠪᠢᠰᠢ᠂ ᠠᠵᠤ ᠠᠬᠤᠢ ᠵᠢᠨ ᠬᠥᠭᠵᠢᠯᠲᠡ᠎ᠠᠴᠠ ᠰᠠᠯᠵᠤ ᠠᠮᠢ ᠠᠬᠤᠢ ᠵᠢᠨ ᠬᠠᠮᠠᠭ᠋ᠠᠯᠠᠯᠲᠠ ᠵᠢ ᠠᠳᠬᠤᠬᠤ᠎ᠨᠢ ᠳᠠᠷᠤᠢ 《ᠬᠤᠪᠠᠬᠠᠢ ᠮᠣᠳᠣᠨ᠎ᠠᠴᠠ ᠵᠢᠭ᠋ᠠᠰᠤ ᠡᠷᠢᠬᠦ》 ᠶᠠᠪᠤᠳᠠᠯ ᠪᠠᠢ᠌ᠵᠤ᠂ ᠦᠷᠭᠦᠯᠵᠢᠯᠡᠬᠦᠶ᠎ᠡ ᠪᠡᠷᠬᠡ ᠶᠤᠮ ᠃ ᠬᠡᠯᠡᠯᠭᠡᠨ ᠦᠭᠡᠢ᠂ ᠬᠥᠭᠵᠢᠯᠲᠡ ᠵᠢ ᠠᠳᠬᠤᠬᠤ᠎ᠳᠤ ᠶᠠᠭ᠋ᠠᠬᠢᠭᠰᠠᠨ ᠴᠤ᠌ ᠠᠮᠢ ᠠᠬᠤᠢ ᠵᠢᠨ ᠬᠠᠮᠠᠭ᠋ᠠᠯᠠᠯᠲᠠ ᠵᠢ ᠬᠠᠢ᠌ᠬᠤᠷᠬᠤ ᠦᠭᠡᠢ ᠪᠠᠢ᠌ᠵᠤ ᠪᠣᠯᠬᠤ ᠦᠭᠡᠢ᠂ ᠠᠮᠢ ᠠᠬᠤᠢ ᠵᠢᠨ ᠬᠠᠮᠠᠭ᠋ᠠᠯᠠᠯᠲᠠ᠎ᠠᠴᠠ ᠰᠠᠯᠵᠤ ᠠᠵᠤ ᠠᠬᠤᠢ ᠵᠢ ᠬᠥᠭᠵᠢᠭᠦᠯᠬᠦ ᠪᠣᠯ ᠳᠠᠷᠤᠢ 《ᠬᠣᠭᠣᠰᠣᠷᠠᠲᠠᠯ᠎ᠠ ᠰᠢᠪᠬᠠᠵᠤ ᠬᠤᠪᠠᠬᠠᠢ᠌ᠷᠠᠲᠠᠯᠠ ᠠᠪᠬᠤ》 ᠶᠠᠪᠤᠳᠠᠯ ᠮᠥᠨ᠂ ᠲᠡᠷᠡ᠎ᠨᠢ ᠮᠠᠰᠢ ᠶᠡᠬᠡ ᠬᠣᠣᠷ ᠬᠥᠨᠥᠭᠡᠯ᠎ᠲᠠᠢ ᠶᠤᠮ ᠃ ᠪᠢᠳᠡ 《ᠬᠠᠮᠠᠭ᠋ᠠᠯᠠᠬᠤ》 ᠪᠠ 《ᠬᠥᠭᠵᠢᠭᠦᠯᠬᠦ》 ᠵᠢ ᠣᠷᠭ᠋ᠠᠨᠢᠭ ᠵᠶ᠋ᠠᠷ ᠤᠶᠠᠯᠳᠤᠭᠤᠯᠬᠤ ᠬᠡᠷᠡᠭᠲᠡᠢ᠂ ᠬᠥᠭᠵᠢᠯᠲᠡ ᠵᠢᠨ ᠠᠷᠭ᠎ᠠ ᠮᠠᠶᠢᠭ᠎ᠤᠨ ᠠᠰᠠᠭᠤᠳᠠᠯ᠎ᠢ ᠰᠢᠢᠳᠪᠦᠷᠢᠯᠡᠬᠦ ᠵᠢ ᠠᠮᠢ ᠠᠬᠤᠶ ᠣᠷᠴᠢᠨ ᠲᠣᠭᠣᠷᠢᠨ᠎ᠤ ᠠᠰᠠᠭᠤᠳᠠᠯ᠎ᠢ ᠰᠢᠢᠳᠪᠦᠷᠢᠯᠡᠬᠦ᠎ᠲᠠᠢ ᠨᠢᠭᠡᠳᠬᠡᠨ᠎ᠡ᠂ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠵᠠᠮ᠂ ᠨᠡᠭᠦᠷᠡᠰᠦᠲᠥ᠋ᠷᠥᠭᠴᠢ ᠪᠠᠭᠤᠷᠠᠭᠤᠯᠬᠤ ᠵᠢ ᠬᠠᠮᠵᠢᠯᠴᠠᠨ ᠠᠬᠢᠭᠤᠯᠤᠨ᠎ᠠ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠬᠤ᠂ ᠨᠡᠮᠡᠭᠳᠡᠬᠦ᠂ ᠭᠤᠢ᠌ᠪᠢᠰᠢ ᠦᠭᠡᠢ᠂ 《ᠬᠣᠤᠰ ᠨᠡᠭᠦᠷᠡᠰᠦᠲᠥ᠋ᠷᠥᠭᠴᠢ》 ᠵᠢᠨ ᠠᠵᠢᠯ᠎ᠢ ᠰᠢᠨᠵᠢᠯᠡᠬᠦ ᠤᠬᠠᠭ᠋ᠠᠨᠴᠢ ᠪᠥᠭᠡᠳ ᠡᠮᠬᠢ ᠵᠢᠷᠤᠮ᠎ᠲᠠᠢ ᠰᠠᠢ᠌ᠲᠤᠷ ᠬᠢᠨ᠎ᠠ᠂ ᠠᠵᠤ ᠦᠢ᠍ᠯᠡᠰ᠎ᠤᠨ ᠪᠦᠲᠦᠴᠡ ᠵᠢ ᠶᠡᠬᠡᠪᠡᠷ ᠲᠣᠬᠢᠷᠠᠭᠤᠯᠤᠨ᠎ᠠ᠂ ᠡᠨᠧᠷᠭᠢ ᠵᠢᠨ ᠪᠦᠲᠦᠴᠡ᠂ ᠠᠮᠢ ᠠᠬᠤᠶ ᠵᠢᠨ ᠦᠢ᠍ᠯᠡᠳᠬᠦᠨ᠎ᠤ ᠥᠷᠲᠡᠭ᠎ᠢ ᠪᠡᠶᠡᠯᠡᠭᠦᠯᠬᠦ ᠲᠣᠭᠲᠠᠴᠠ ᠵᠢ ᠰᠦᠪᠡᠭᠴᠢᠯᠡᠨ ᠪᠠᠢ᠌ᠭᠤᠯᠤᠨ᠎ᠠ᠂ ᠠᠮᠢ ᠠᠬᠤᠢ ᠵᠢᠨ ᠠᠵᠤ ᠦᠢ᠍ᠯᠡᠰᠵᠢᠯᠲᠡ ᠪᠠ ᠠᠵᠤ ᠦᠢ᠍ᠯᠡᠰ᠎ᠤᠨ ᠠᠮᠢ ᠠᠬᠤᠢ ᠵᠢᠨ ᠠᠯᠬᠤᠴᠠ ᠵᠢ ᠲᠦᠷᠭᠡᠳᠬᠡᠨ᠎ᠡ᠂ ᠠᠵᠤ ᠠᠬᠤᠶ ᠨᠡᠢ᠌ᠭᠡᠮ᠎ᠤᠨ ᠬᠥᠭᠵᠢᠯᠲᠡ ᠵᠢᠨ ᠪᠥᠬᠥ ᠲᠠᠯ᠎ᠠ᠎ᠪᠠᠷ ᠪᠣᠬᠢᠷᠲᠤᠯ ᠥᠬᠡᠶ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠤᠶ᠎ᠠ᠂ ᠥᠨᠳᠥᠷ ᠲᠦᠪᠰᠢᠨ ᠵᠶ᠋ᠡᠷ ᠬᠠᠮᠠᠭ᠋ᠠᠯᠠᠬᠤ ᠪᠠ ᠴᠢᠨᠠᠷ ᠰᠠᠢ᠌ᠲᠠᠶ ᠬᠥᠭᠵᠢᠭᠦᠯᠬᠦ ᠵᠢ ᠬᠠᠮᠵᠢᠯᠴᠠᠨ ᠠᠬᠢᠭᠤᠯᠤᠨ᠎ᠠ ᠃
ᠡᠬᠢ ᠪᠠᠶᠠᠯᠢᠭ᠎ᠢ ᠠᠷᠪᠢᠯᠠᠬᠤ ᠪᠣᠯ ᠠᠮᠢ ᠠᠬᠤᠢ ᠵᠢᠨ ᠣᠷᠴᠢᠨ ᠨᠥᠬᠥᠴᠡᠯ᠎ᠢ ᠬᠠᠮᠠᠭ᠋ᠠᠯᠠᠬᠤ ᠦᠨᠳᠦᠰᠦᠨ ᠪᠤᠳᠤᠯᠭ᠎ᠠ ᠮᠥᠨ ᠃ ᠥᠪᠥᠷ ᠮᠣᠩᠭᠣᠯ᠎ᠳᠤ ᠠᠪᠴᠤ ᠬᠡᠯᠡᠪᠡᠯ᠂ ᠡᠬᠢ ᠪᠠᠶᠠᠯᠢᠭ᠎ᠢ ᠠᠷᠪᠢᠯᠠᠬᠤ᠎ᠳᠤ ᠢᠯᠡᠭᠦᠬᠡᠨ ᠬᠠᠮᠠᠭ᠋ᠠᠯᠠᠵᠤ᠂ ᠴᠥᠭᠡᠨ ᠨᠡᠭᠡᠭᠡᠨ ᠬᠥᠭᠵᠢᠭᠦᠯᠵᠦ᠂ ᠪᠦᠷᠢᠯᠭᠡᠨ ᠰᠦᠢ᠍ᠳᠬᠡᠬᠦ ᠦᠭᠡᠢ ᠪᠠᠢ᠌ᠬᠤ ᠬᠡᠷᠡᠭᠲᠡᠢ ᠃ ᠪᠢᠳᠠ ᠪᠦᠬᠦ ᠲᠠᠯ᠎ᠠ᠎ᠪᠠᠷ ᠠᠷᠪᠢᠯᠠᠨ ᠭᠠᠮᠨᠠᠬᠤ ᠪᠠᠢ᠌ᠯᠳᠤᠬᠤ ᠪᠤᠳᠤᠯᠭ᠎ᠠ ᠵᠢ ᠶᠡᠬᠡ᠎ᠪᠠᠷ ᠬᠡᠷᠡᠭᠵᠢᠭᠦᠯᠵᠦ᠂ ᠡᠬᠢ ᠪᠠᠶᠠᠯᠢᠭ᠎ᠢ ᠪᠦᠬᠦ ᠲᠠᠯ᠎ᠠ᠎ᠪᠠᠷ ᠠᠷᠪᠢᠯᠠᠨ ᠡᠷᠴᠢᠮᠵᠢᠭᠦᠯᠬᠦ ᠲᠤᠬᠠᠢ ᠵᠢᠯᠣᠭᠣᠳᠬᠤ ᠰᠠᠨᠠᠯ᠎ᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠡᠯ᠎ᠡ ᠬᠦᠷᠢᠶᠡᠨ᠎ᠤ ᠠᠷᠪᠢᠯᠠᠨ ᠭᠠᠮᠨᠠᠬᠤ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠡᠨᠧᠷᠭᠢ ᠪᠣᠯᠤᠨ ᠤᠰᠤᠨ᠎ᠤ ᠡᠬᠢ ᠪᠠᠶᠠᠯᠢᠭ᠎ᠤᠨ ᠬᠣᠷᠣᠭᠳᠠᠯ᠂ ᠪᠦᠳᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ ᠵᠡᠷᠭᠡ ᠵᠢᠨ ᠶᠡᠷᠦᠩᠬᠡᠢ ᠬᠡᠮᠵᠢᠢ᠎ᠡ ᠪᠣᠯᠤᠨ ᠬᠦᠴᠦᠯᠡᠴᠡ ᠵᠢᠨ ᠬᠣᠣᠰ ᠡᠵᠡᠮᠳᠡᠯ᠎ᠤᠨ ᠲᠦᠷᠢᠮ᠎ᠢ ᠴᠢᠩᠭ᠎ᠠ ᠬᠡᠷᠡᠭᠵᠢᠭᠦᠯᠵᠦ᠂ 《ᠲᠠᠪᠤᠨ ᠶᠡᠬᠡ ᠰᠠᠭᠤᠷᠢ》 ᠵᠢᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠡᠬᠢ ᠪᠠᠶᠠᠯᠢᠭ᠎ᠢ ᠠᠷᠪᠢᠯᠠᠨ ᠡᠷᠴᠢᠮᠵᠢᠭᠦᠯᠵᠦ ᠠᠰᠢᠭᠯᠠᠬᠤ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠃
ᠬᠥᠮᠦᠨ ᠬᠥᠬᠡᠮᠳᠦᠭ ᠠᠭᠤᠯᠠ ᠵᠢ ᠬᠥᠰᠡᠷᠳᠡᠭᠦᠯᠬᠦ ᠦᠭᠡᠢ᠂ ᠬᠥᠬᠡᠮᠳᠦᠭ ᠠᠭᠤᠯᠠ ᠬᠥᠮᠦᠨ᠎ᠢ ᠯᠠᠪ ᠬᠥᠰᠡᠷᠳᠡᠭᠦᠯᠬᠦ ᠦᠭᠡᠢ ᠃ ᠠᠮᠢ ᠠᠬᠤᠶ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠬᠥᠮᠦᠨ ᠪᠦᠬᠦᠨ ᠠᠰᠢᠭ ᠭᠥᠷᠳᠡᠵᠦ᠂ ᠬᠥᠮᠦᠨ ᠪᠦᠬᠦᠨ ᠬᠠᠷᠢᠭᠤᠴᠠᠯᠭ᠎ᠠ᠎ᠲᠠᠢ᠂ ᠪᠢᠳᠡ ᠬᠥᠮᠦᠨ ᠪᠣᠯᠭ᠋ᠠᠨ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠭᠴᠢ᠂ ᠪᠥᠲᠥᠭᠡᠨ ᠪᠠᠢ᠌ᠭᠤᠯᠤᠭᠴᠢ᠂ ᠣᠷᠣᠯᠴᠠᠭᠴᠢ ᠪᠣᠯᠵᠣ᠂ ᠠᠵᠢᠯᠴᠢ ᠠᠷᠪᠢᠴᠢ᠂ ᠪᠣᠬᠢᠷᠲᠤᠯ ᠥᠬᠡᠶ ᠳᠣᠤᠷ᠎ᠠ ᠨᠡᠭᠦᠷᠡᠰᠦᠲᠥ᠋ᠷᠥᠭᠴᠢᠲᠦ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠬᠡᠯᠪᠡᠷᠢ ᠵᠢ ᠤᠬᠠᠮᠰᠠᠷ᠎ᠠᠴᠠ᠎ᠪᠠᠨ ᠪᠣᠶ ᠪᠣᠯᠭ᠋ᠠᠵᠤ᠂ ᠬᠥᠮᠦᠨ ᠪᠦᠬᠦᠨ ᠠᠮᠢ ᠠᠬᠤᠶ ᠵᠢᠨ ᠪᠣᠯᠪᠠᠰᠤᠨ᠎ᠢ ᠡᠷᠬᠢᠮᠯᠡᠵᠦ᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠮᠢᠨ ᠨᠣᠭᠣᠭ᠋ᠠᠨ ᠣᠷᠳᠣ ᠴᠠᠭ᠋ᠠᠨ ᠬᠡᠷᠡᠮ᠎ᠢ ᠬᠠᠮᠲᠤ᠎ᠪᠠᠷ ᠰᠠᠬᠢᠨ ᠬᠠᠮᠠᠭ᠋ᠠᠯᠠᠬᠤ ᠰᠠᠢ᠌ᠨ ᠰᠠᠢ᠌ᠬᠠᠨ ᠬᠡᠪ ᠰᠤᠷᠲᠠᠯ᠎ᠢ ᠪᠦᠷᠢᠯᠳᠦᠭᠦᠯᠬᠦ ᠬᠡᠷᠡᠭᠲᠡᠶ ᠃