《ᠡᠨᠡ ᠵᠢᠯ ᠰᠤᠳᠤᠯᠤᠨ ᠨᠡᠭᠡᠭᠡᠬᠦ ᠪᠠᠯᠠ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠬᠦ᠎ᠪᠠᠷ ᠳᠡᠮᠵᠢᠨ᠂ ᠪᠢᠳᠡ ᠨᠢᠭᠡ ᠪᠦᠯᠦᠭ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠎ᠲᠠᠢ ᠬᠣᠪᠣᠷ ᠰᠢᠷᠣᠶ ᠵᠢᠨ ᠲᠣᠭᠲᠠᠮᠠᠯ ᠰᠣᠷᠢᠨᠵᠢᠨ ᠴᠠᠬᠢᠯᠭ᠋ᠠᠨ ᠮᠠᠰᠢᠨ᠎ᠤ ᠦᠢᠯᠡᠳᠬᠦᠨ᠎ᠢ ᠨᠡᠭᠡᠭᠡᠨ ᠬᠥᠭᠵᠢᠭᠦᠯᠵᠦ᠂ ᠵᠥᠪᠬᠡᠨ ᠬᠣᠪᠣᠷ ᠰᠢᠷᠣᠶ ᠵᠢᠨ ᠲᠣᠭᠲᠠᠮᠠᠯ ᠰᠣᠷᠢᠨᠵᠢᠨ ᠤᠰᠤᠨ ᠳᠣᠤᠷᠠᠬᠢ ᠴᠠᠬᠢᠯᠭ᠋ᠠᠨ ᠮᠠᠰᠢᠨ ᠣᠢ᠌ᠷ᠎ᠠ ᠵᠢᠨ ᠬᠣᠶᠠᠷ ᠵᠢᠯ᠎ᠳᠤ ᠨᠡᠢ᠌ᠲᠡ 2000 ᠭᠠᠷᠤᠶ ᠲᠦᠮᠡᠨ ᠲᠥᠭᠥᠷᠢᠭ᠎ᠤᠨ ᠰᠢᠭᠤᠳ ᠠᠵᠤ ᠠᠬᠤᠶ ᠵᠢᠨ ᠦᠷ᠎ᠡ ᠠᠰᠢᠭ᠎ᠢ ᠪᠡᠶᠡᠯᠡᠭᠦᠯᠵᠦ᠂ ᠳᠠᠮ ᠠᠵᠤ ᠠᠬᠤᠶ ᠵᠢᠨ ᠦᠷ᠎ᠡ ᠠᠰᠢᠭ 2 ᠳ᠋ᠦᠩᠰᠢᠭᠤᠷ ᠲᠥᠭᠥᠷᠢᠭ᠎ᠲᠤ ᠬᠦᠷᠴᠡᠶ᠂ ᠺᠣᠮᠫᠠᠨᠢ ᠪᠠᠰᠠ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠥᠲᠥᠯᠥᠨ ᠵᠢᠯᠣᠭᠣᠳᠬᠤ ᠣᠯᠠᠨ ᠲᠥᠷᠥᠯ ᠵᠦᠢᠯ᠎ᠢ ᠡᠭᠦᠷᠭᠡᠯᠡᠪᠡ ᠃ ᠪᠤᠭᠤᠲᠤ ᠵᠢᠨ ᠴᠠᠩ ᠠᠨ ᠶᠦᠩ ᠼᠢ ᠴᠠᠬᠢᠯᠭ᠋ᠠᠨ ᠮᠠᠰᠢᠨ᠎ᠤ ᠬᠢᠵᠠᠭ᠋ᠠᠷᠲᠤ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠰᠦ᠍ ᠵᠢᠨ ᡁᠢ ᠬᠡᠯᠡᠪᠡ ᠃
ᠴᠠᠩ ᠠᠨ ᠲᠣᠭᠲᠠᠮᠠᠯ ᠰᠣᠷᠢᠨᠵᠢᠨ ᠪᠣᠯ ᠮᠠᠨ᠎ᠤ ᠣᠷᠣᠨ᠎ᠤ ᠰᠢᠨ᠎ᠡ ᠵᠢ ᠡᠭᠦᠳᠬᠦ ᠰᠠᠢ᠍ᠢ᠍ᠨ ᠰᠠᠢ᠌ᠬᠠᠨ ᠣᠷᠴᠢᠨ ᠲᠣᠭᠣᠷᠢᠨ᠎ᠤ ᠨᠡᠮᠡᠭᠳᠡᠭᠦᠯᠦᠯ ᠳᠣᠣᠷᠠᠬᠢ ᠲᠦᠷᠭᠡᠨ ᠬᠥᠭᠵᠢᠯᠲᠡ ᠵᠢᠨ ᠬᠤᠷᠢᠶᠠᠩᠭᠤᠢ ᠳᠦᠷᠰᠦ ᠪᠣᠯᠤᠨ᠎ᠠ ᠃
ᠰᠢᠨ᠎ᠡ ᠵᠢ ᠡᠭᠦᠳᠬᠦ ᠪᠣᠯ ᠬᠥᠭᠵᠢᠯᠲᠡ ᠵᠢ ᠬᠥᠲᠥᠯᠥᠨ ᠳᠠᠭ᠋ᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠂ ᠨᠢᠭᠡᠳᠦᠭᠡᠷ ᠬᠥᠳᠡᠯᠭᠡᠬᠦ ᠬᠦᠴᠦᠨ᠎ᠨᠢ ᠡᠯ᠎ᠡ ᠲᠠᠯ᠎ᠠ ᠵᠢᠨ ᠪᠠᠲᠤᠯᠠᠭ᠎ᠠ ᠵᠢ ᠬᠡᠷᠡᠭᠰᠡᠨ᠎ᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠣᠭᠤᠯᠤᠯᠲᠠ ᠵᠢ ᠲᠠᠰᠤᠷᠠᠯᠲᠠ ᠥᠬᠡᠶ ᠨᠡᠮᠡᠭᠳᠡᠭᠦᠯᠬᠦ᠎ᠠᠴᠠ ᠭᠠᠳᠠᠨ᠎ᠠ᠂ ᠣᠢ᠌ᠷ᠎ᠠ ᠵᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠷᠢᠶᠡᠨ᠎ᠳᠠᠬᠢ 《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢ ᠲᠠᠰᠤᠷᠠᠯᠲᠠ ᠥᠬᠡᠶ ᠠᠬᠢᠭᠤᠯᠵᠤ᠂ ᠰᠠᠢ᠌ᠨ ᠰᠠᠢ᠌ᠬᠠᠨ ᠰᠢᠨ᠎ᠡ ᠵᠢ ᠡᠭᠦᠳᠬᠦ ᠠᠮᠢ ᠠᠬᠤᠶ ᠵᠢᠨ ᠣᠷᠴᠢᠨ ᠲᠣᠭᠣᠷᠢᠨ᠎ᠢ ᠪᠣᠶ ᠪᠣᠯᠭ᠋ᠠᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠪᠣᠶ ᠪᠣᠯᠭ᠋ᠠᠬᠤ ᠵᠢᠨ ᠲᠥᠯᠥᠭᠡ ᠶᠤᠮ ᠃ ᠡᠨᠡ ᠵᠢᠯ᠎ᠤᠨ 5 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠳᠤ ᠨᠠᠩ ᠶᠡᠬᠡ ᠵᠠᠷᠤᠳᠠᠯ ᠬᠡᠷᠡᠭᠯᠡᠬᠦ ᠡᠵᠡᠨ ᠮᠡᠳᠡᠬᠦ ᠡᠷᠬᠡ ᠣᠯᠭᠣᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠡ ᠪᠣᠯᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠶᠠᠷᠰᠢᠭ ᠲᠦᠪᠡᠭᠲᠡᠶ᠂ ᠴᠢᠬᠤᠯᠠ ᠪᠤᠰᠤ ᠪᠠᠢ᠌ᠭᠤᠯᠤᠮᠵᠢ ᠲᠣᠭᠲᠠᠴᠠ ᠵᠢᠨ ᠬᠦᠯᠢᠶᠡᠰᠦᠯᠡᠯ᠎ᠠᠴᠠ ᠴᠢᠯᠥᠭᠡᠯᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠪᠡ ᠃
《ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠬᠦ᠎ᠳᠤ ᠪᠣᠳᠠᠲᠤ ᠱᠠᠭ᠋ᠠᠷᠳᠠᠯᠭ᠎ᠠ ᠪᠠᠢ᠌ᠬᠤ ᠮᠥᠷᠲᠡᠭᠡᠨ ᠪᠠᠰᠠ ᠲᠣᠳᠣᠷᠬᠠᠶ ᠴᠢᠭᠯᠡᠯ ᠪᠠᠢ᠌ᠨ᠎ᠠ ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠬᠢᠭᠡᠳ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠸᠠᠩ ᠢᠦ᠋ᠶ ᠰᠢᠨ ᠲᠠᠨᠢᠯᠴᠠᠭᠤᠯᠬᠤ᠎ᠳᠠᠭᠠᠨ᠂ 《ᠬᠡᠷᠡᠭᠵᠢᠭᠦᠯᠬᠦ ᠰᠠᠨᠠᠯ》᠎ᠳᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠵᠦ᠂ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠎ᠢ ᠲᠣᠳᠣᠷᠬᠠᠢ᠌ᠯᠠᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢᠯ᠎ᠤᠨ ᠵᠠᠷᠤᠳᠠᠯ᠎ᠤᠨ ᠬᠠᠮᠢᠶᠠᠷᠤᠯᠲᠠ ᠵᠢᠨ ᠡᠵᠡᠨ ᠮᠡᠳᠡᠬᠦ ᠡᠷᠬᠡ ᠵᠢ ᠥᠷᠭᠡᠳᠬᠡᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢᠯ᠎ᠤᠨ ᠵᠠᠷᠤᠳᠠᠯ᠎ᠢ ᠰᠠᠯᠭ᠋ᠠᠨ ᠥᠭᠬᠦ ᠲᠣᠭᠲᠠᠴᠠ ᠵᠢ ᠰᠠᠢ᠌ᠵᠢᠷᠠᠭᠤᠯᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠤᠷᠮᠠᠰᠢᠭᠤᠯᠬᠤ ᠡᠷᠴᠢᠮ᠎ᠢ ᠴᠢᠩᠭ᠋ᠠᠷᠠᠭᠤᠯᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠬᠡᠷᠡᠭ ᠶᠠᠪᠤᠳᠠᠯ᠎ᠤᠨ ᠴᠢᠨᠠᠷᠲᠠᠶ ᠳᠠᠷᠤᠭ᠋ᠠᠰᠤ ᠵᠢ ᠬᠥᠩᠭᠡᠷᠡᠭᠦᠯᠬᠦ ᠵᠡᠷᠭᠡ 8 ᠲᠠᠯ᠎ᠠ᠎ᠪᠠᠷ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ ᠪᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠢᠭᠡᠴᠡ ᠵᠢᠨ ᠳᠠᠷᠤᠭ᠋ᠠᠰᠤ ᠵᠢ ᠬᠥᠩᠭᠡᠷᠡᠭᠦᠯᠪᠡ ᠃
ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠳᠡᠳ᠋ ᠰᠤᠳᠤᠯᠤᠭᠴᠢᠳᠤᠸᠠᠨ ᠯᠢ ᠮᠢᠨ ᠢᠯᠡᠷᠬᠡᠢ᠌ᠯᠡᠬᠦ᠎ᠳᠡᠭᠡᠨ᠂ ᠥᠩᠭᠡᠷᠡᠭᠰᠡᠨ᠎ᠳᠤ ᠦᠷᠭᠦᠯᠵᠢ ᠲᠥᠰᠦᠪ ᠨᠠᠢ᠌ᠷᠠᠭᠤᠯᠤᠨ ᠵᠣᠬᠢᠶᠠᠬᠤ ᠲᠠᠯ᠎ᠠ᠎ᠪᠠᠷ ᠪᠠᠭ᠎ᠠ ᠪᠤᠰᠤ ᠴᠠᠭ ᠪᠠ ᠣᠶᠤᠨ ᠴᠢᠳᠠᠯ ᠣᠷᠣᠭᠤᠯᠵᠤ ᠪᠠᠢ᠌ᠪᠠ᠂ ᠲᠣᠰ ᠤᠳᠠᠭ᠋ᠠᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠬᠠᠮᠢᠶᠠᠷᠤᠯᠲᠠ ᠵᠢᠨ ᠥᠭᠡᠷᠡᠴᠢᠯᠡᠯᠲᠡ᠂ ᠲᠣᠨᠣᠭ ᠲᠥᠬᠥᠭᠡᠷᠦᠮᠵᠢ ᠵᠢᠨ ᠵᠠᠷᠤᠳᠠᠯ᠎ᠤᠨ ᠲᠥᠰᠦᠪ᠎ᠤᠨ ᠲᠣᠬᠢᠷᠠᠭᠤᠯᠤᠯᠲᠠ ᠵᠢᠨ ᠡᠷᠬᠡ ᠵᠢ ᠪᠦᠬᠦᠨ᠎ᠢ ᠲᠥᠷᠥᠯ ᠵᠦᠢᠯ᠎ᠢ ᠳᠠᠭ᠋ᠠᠭ᠋ᠠᠨ ᠡᠭᠦᠷᠭᠡᠯᠡᠭᠰᠡᠨ ᠨᠢᠭᠡᠴᠢ᠎ᠳᠤ ᠪᠠᠭᠤᠯᠭ᠋ᠠᠨ ᠥᠭᠴᠦ᠂ ᠪᠤᠰᠤᠳ ᠵᠠᠷᠤᠳᠠᠯ᠎ᠢ ᠲᠣᠬᠢᠷᠠᠭᠤᠯᠬᠤ ᠡᠷᠬᠡ ᠵᠢ ᠪᠦᠬᠦᠨ᠎ᠢ ᠲᠥᠷᠥᠯ ᠵᠦᠢᠯ᠎ᠤᠨ ᠬᠠᠷᠢᠭᠤᠴᠠᠯᠭ᠋ᠠᠲᠠᠨ᠎ᠳᠤ ᠪᠠᠭᠤᠯᠭ᠋ᠠᠨ ᠥᠭᠴᠦ᠂ ᠪᠣᠳᠠᠲᠤ ᠪᠠᠢ᠌ᠳᠠᠯ ᠵᠶ᠋ᠠᠨ ᠦᠨᠳᠦᠰᠦᠯᠡᠨ ᠠᠮᠢᠳᠤᠯᠢᠭ ᠵᠶ᠋ᠠᠷ ᠬᠡᠷᠡᠭᠯᠡᠵᠦ᠂ ᠲᠥᠷᠥᠯ ᠵᠦᠢᠯ᠎ᠤᠨ ᠡᠯ᠎ᠡ ᠭᠣᠭᠴᠣᠭ᠎ᠠ ᠵᠢᠨ ᠡᠮᠬᠢ ᠵᠢᠷᠤᠮ᠎ᠲᠠᠢ ᠠᠭᠢᠬᠤ ᠵᠢ ᠨᠠᠩ ᠰᠠᠢ᠌ᠲᠤᠷ ᠲᠤᠯᠭ᠋ᠠᠭᠤᠷᠢᠯᠠᠵᠤ ᠪᠣᠯᠤᠨ᠎ᠠ ᠭᠡᠵᠡᠶ ᠃
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠣᠷᠣᠭᠤᠯᠤᠯᠲᠠ ᠵᠢᠨ ᠬᠦᠴᠦᠨ ᠴᠢᠳᠠᠪᠤᠷᠢ ᠵᠢ ᠳᠡᠭᠡᠭᠰᠢᠯᠡᠭᠦᠯᠵᠦ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠳᠠᠯ᠎ᠤᠨ ᠬᠤᠪᠢᠶᠠᠷᠢᠯᠠᠯᠲᠠ ᠪᠠ ᠬᠡᠷᠡᠭᠯᠡᠯᠲᠡ ᠵᠢᠨ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠰᠢᠨ᠎ᠡ ᠵᠢ ᠡᠭᠦᠳᠬᠦ ᠠᠮᠢᠳᠤᠯᠢᠭ ᠬᠦᠴᠦᠨ᠎ᠢ ᠬᠥᠭᠵᠢᠭᠡᠨ᠎ᠡ ᠭᠡᠵᠦ ᠳᠤᠷᠠᠳᠤᠨ ᠭᠠᠷᠭ᠋ᠠᠪᠠ ᠃ 《ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠳᠠᠬᠢ ᠠᠯᠢ ᠤᠯᠠᠨ ᠪᠠᠢ᠌ᠷᠢᠯᠠᠭᠤᠯᠤᠯᠲᠠ ᠱᠠᠭ᠋ᠠᠷᠳᠠᠯᠭ᠎ᠠ᠎ᠨᠢ ᠪᠢᠳᠡᠨ᠎ᠳᠤ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭ᠋ᠠᠵᠤ᠂ ᠲᠣᠳᠣᠷᠬᠠᠢ ᠵᠠᠮ᠎ᠢ ᠵᠢᠷᠤᠭᠯᠠᠵᠤ᠂ ᠦᠨᠳᠦᠰᠦᠨ ᠵᠢᠷᠤᠮᠯᠠᠯ ᠬᠠᠩᠭ᠋ᠠᠪᠠ ᠃ ᠸᠠᠩ ᠢᠦ᠋ᠶ ᠰᠢᠨ ᠢᠯᠡᠷᠬᠡᠢ᠌ᠯᠡᠬᠦ᠎ᠳᠡᠭᠡᠨ᠂ ᠲᠠᠷᠠᠭ᠋ᠠᠴᠢ ᠵᠢᠨ ᠠᠯᠬᠤᠮ᠎ᠳᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢᠯ᠎ᠤᠨ ᠵᠠᠷᠤᠳᠠᠯ᠎ᠤᠨ ᠬᠠᠮᠢᠶᠠᠷᠤᠯᠲᠠ ᠵᠢᠨ ᠡᠵᠡᠨ ᠮᠡᠳᠡᠬᠦ ᠡᠷᠬᠡ ᠵᠢ ᠥᠷᠭᠡᠳᠬᠡᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢᠯ᠎ᠤᠨ ᠵᠠᠷᠤᠳᠠᠯ᠎ᠢ ᠰᠢᠯᠵᠢᠭᠦᠯᠦᠨ ᠥᠭᠬᠦ ᠲᠣᠭᠲᠠᠴᠠ ᠵᠢ ᠲᠡᠭᠦᠯᠳᠡᠷᠵᠢᠭᠦᠯᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠢ ᠤᠷᠮᠠᠰᠢᠭᠤᠯᠬᠤ ᠡᠷᠴᠢᠮ᠎ᠢ ᠴᠢᠩᠭ᠋ᠠᠷᠠᠭᠤᠯᠬᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠬᠡᠷᠡᠭ ᠶᠠᠪᠤᠳᠠᠯ᠎ᠤᠨ ᠴᠢᠨᠠᠷᠲᠠᠶ ᠳᠠᠷᠤᠭ᠋ᠠᠰᠤ ᠵᠢ ᠬᠥᠩᠭᠡᠷᠡᠭᠦᠯᠬᠦ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠵᠠᠷᠤᠳᠠᠯ᠎ᠤᠨ ᠣᠷᠣᠭᠤᠯᠤᠯᠲᠠ ᠬᠢᠭᠡᠳ ᠳᠡᠮᠵᠢᠯᠭᠡ ᠵᠢᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠬᠦ ᠵᠡᠷᠭᠡ ᠲᠠᠯ᠎ᠠ᠎ᠪᠠᠷ ᠭᠣᠤᠯᠳᠠᠯᠭ᠎ᠠ᠎ᠲᠠᠢ ᠥᠭᠡᠷᠡᠴᠢᠯᠡᠯᠲᠡ ᠬᠢᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ 《ᠳᠠᠷᠤᠭ᠋ᠠᠰᠤ ᠵᠢ ᠬᠥᠩᠭᠡᠷᠡᠭᠦᠯᠬᠦ》 《ᠬᠦᠯᠢᠶᠡᠰᠦ ᠵᠢ ᠰᠤᠯᠠᠷᠠᠭᠤᠯᠬᠤ》 ᠵᠢ ᠪᠡᠶᠡᠯᠡᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠭᠣᠤᠯ ᠪᠣᠯᠭ᠋ᠠᠭᠰᠠᠨ ᠪᠥᠬᠥ ᠲᠠᠯ᠎ᠠ ᠵᠢᠨ ᠰᠢᠨ᠎ᠡ ᠵᠢ ᠡᠭᠦᠳᠬᠦ ᠵᠢ ᠦᠷᠭᠦᠯᠵᠢᠯᠡᠨ ᠠᠬᠢᠭᠤᠯᠵᠤ᠂ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠤᠨ᠎ᠠ ᠭᠡᠵᠡᠶ ᠃