《ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠥᠪᠥᠷ ᠮᠣᠩᠭᠣᠯ᠎ᠢ ᠮᠠᠨᠳᠤᠭᠤᠯᠬᠤ》 ᠠᠵᠢᠯᠯᠠᠭ᠎ᠠ ᠵᠢᠨ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠬᠡᠷᠡᠭᠴᠡᠭᠡ ᠱᠠᠭ᠋ᠠᠷᠳᠠᠯᠭ᠎ᠠ ᠵᠢ ᠡᠯᠰᠡᠨ ᠴᠤᠭᠯᠠᠭᠤᠯᠬᠤ ᠠᠵᠢᠯ ᠰᠦᠯᠵᠢᠶᠡᠨ ᠳᠡᠭᠡᠷ᠎ᠡ ᠵᠢᠩᠬᠢᠨᠢ᠎ᠪᠠᠷ ᠰᠦᠯᠵᠢᠶᠡᠨ᠎ᠳᠤ ᠭᠠᠷᠪᠠ
ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠤᠳᠤᠷᠢᠳᠤᠬᠤ ᠳᠤᠭᠤᠶ᠋ᠢᠯᠠᠩ᠎ᠠᠴᠠ 《〈ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ〉 ᠠᠵᠢᠯᠯᠠᠭ᠎ᠠ ᠵᠢᠨ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠬᠡᠷᠡᠭᠴᠡᠭᠡ ᠱᠠᠭ᠋ᠠᠷᠳᠠᠯᠭ᠎ᠠ ᠵᠢᠨ ᠲᠤᠬᠠᠶ ᠮᠡᠳᠡᠭᠳᠡᠯ》᠎ᠢ ᠨᠡᠶ᠋ᠢᠲᠡᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠢᠶᠠᠷᠤᠯᠲᠠ ᠵᠢᠨ ᠪᠦᠲᠤᠬᠡᠮᠵᠢ ᠪᠠ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠶᠯᠡᠴᠢᠯᠡᠭᠡᠨ᠎ᠤ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠵᠦ᠂ ᠡᠯ᠎ᠡ ᠠᠶ᠋ᠢᠮᠠᠭ ᠬᠣᠲᠠ᠂ ᠬᠣᠯᠪᠣᠭᠳᠠᠯ ᠪᠥᠬᠥᠶ ᠰᠠᠯᠠᠭ᠎ᠠ ᠮᠥᠴᠢᠷ ᠵᠢᠴᠢ ᠨᠢᠭᠡᠴᠡ ᠵᠢᠨ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠠᠵᠢᠯ᠎ᠢ ᠪᠡᠶᠡᠯᠡᠭᠦᠯᠬᠦ ᠵᠢ ᠪᠠᠲᠤᠯᠠᠬᠤ ᠵᠢᠨ ᠲᠥᠯᠥᠭᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠬᠠᠮᠢᠶ᠎ᠠ ᠪᠥᠬᠥᠶ ᠬᠥᠮᠦᠰ᠎ᠢ ᠵᠣᠬᠢᠶᠠᠨ ᠪᠠᠶ᠋ᠢᠭᠤᠯᠵᠤ᠂ ᠬᠦᠴᠦ᠎ᠪᠠᠨ ᠲᠦᠪᠯᠡᠷᠡᠭᠦᠯᠦᠨ ᠰᠢᠰᠲ᠋ᠧᠮ᠎ᠲᠠᠢ᠎ᠪᠠᠷ ᠨᠡᠭᠡᠭᠡᠨ ᠬᠥᠭᠵᠢᠭᠦᠯᠬᠦ ᠠᠵᠢᠯ᠎ᠢ ᠥᠷᠨᠢᠭᠦᠯᠵᠦ᠂ ᠵᠥᠪᠬᠡᠨ ᠨᠢᠭᠡ ᠭᠠᠷᠠᠭ᠎ᠲᠤ 《ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ》 ᠰᠢᠨ᠎ᠡ ᠵᠢ ᠡᠭᠦᠳᠬᠦ ᠬᠠᠯᠲᠤᠷᠠᠯᠴᠠᠭ᠋ᠠᠨᠤ ᠬᠡᠷᠡᠭᠴᠡᠭᠡ ᠱᠠᠭ᠋ᠠᠷᠳᠠᠯᠭ᠎ᠠ ᠵᠢ ᠡᠯᠰᠡᠬᠦ ᠴᠢᠳᠠᠮᠵᠢ ᠵᠢᠨ ᠬᠡᠰᠡᠭ᠎ᠢ ᠪᠠᠶ᠋ᠢᠭᠤᠯᠵᠤ ᠳᠠᠭᠤᠰᠬᠠᠬᠤ ᠵᠢᠨ ᠲᠥᠯᠥᠭᠡ᠂ ᠣᠳᠣᠬᠠᠨ᠎ᠳᠤ ᠨᠢᠭᠡᠨᠲᠡ ᠵᠢᠩᠬᠢᠨᠢ᠎ᠪᠠᠷ ᠠᠵᠢᠯᠯᠠᠪᠠ᠃
ᠲᠣᠰ ᠤᠳᠠᠭ᠋ᠠᠨ᠎ᠤ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠬᠡᠷᠡᠭᠴᠡᠭᠡ ᠱᠠᠭ᠋ᠠᠷᠳᠠᠯᠭ᠎ᠠ ᠵᠢ ᠴᠤᠭᠯᠠᠭᠤᠯᠬᠤ᠎ᠳᠤ ᠪᠥᠬᠥ ᠴᠤᠪᠤᠷᠠᠯ᠎ᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠠᠷᠭ᠎ᠠ ᠮᠠᠶᠢᠭ᠎ᠢ ᠬᠡᠷᠡᠭᠯᠡᠨ᠎ᠡ᠃ ᠰᠢᠨ᠎ᠡ᠎ᠪᠠᠷ ᠨᠡᠮᠡᠭᠳᠡᠭᠰᠡᠨ ᠭᠤᠶᠤᠴᠢᠯᠠᠨ ᠮᠡᠳᠡᠭᠦᠯᠬᠦ ᠨᠢᠭᠡᠴᠡ᠎ᠨᠢ ᠡᠩ ᠲᠡᠷᠢᠭᠦᠨ᠎ᠳᠤ ᠲᠠᠩᠰᠠᠨ ᠨᠣᠮᠧᠷ ᠵᠶ᠋ᠠᠷ ᠳᠠᠩᠰᠠᠯᠠᠵᠤ᠂ ᠰᠢᠰᠲ᠋ᠧᠮᠵᠢᠭᠦᠯᠦᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠵᠤ ᠪᠠᠲᠤᠯᠠᠭᠰᠠᠨ᠎ᠤ ᠳᠠᠷᠠᠭ᠎ᠠ᠂ ᠭᠤᠶᠤᠴᠢᠯᠠᠨ ᠮᠡᠳᠡᠭᠦᠯᠬᠦ ᠨᠢᠭᠡᠴᠡ ᠵᠢᠨ ᠲᠠᠩᠰᠠᠨ ᠨᠣᠮᠧᠷ ᠵᠶ᠋ᠠᠷ ᠲᠤᠬᠠᠶ᠋ᠢᠯᠠᠭᠰᠠᠨ ᠠᠵᠢᠯ᠎ᠤᠨ ᠬᠡᠷᠡᠭᠯᠡᠭᠴᠢ (ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠬᠡᠷᠡᠭᠴᠡᠭᠡ ᠱᠠᠭ᠋ᠠᠷᠳᠠᠯᠭ᠎ᠠ ᠶᠣᠰᠣᠭ᠋ᠠᠷ ᠲᠠᠩᠰᠠᠨ ᠡᠷᠦᠬᠡ ᠲᠠᠭᠯᠠᠨ ᠮᠡᠳᠡᠭᠦᠯᠬᠦ) ᠵᠢ ᠡᠭᠦᠳᠦᠨ ᠪᠠᠶ᠋ᠢᠭᠤᠯᠵᠤ᠂ ᠱᠠᠭ᠋ᠠᠷᠳᠠᠯᠭ᠎ᠠ ᠶᠣᠰᠣᠭ᠋ᠠᠷ᠂ ᠠᠵᠢᠯᠯᠠᠭ᠋ᠠᠨ᠎ᠤ ᠵᠢᠯᠣᠭᠣᠳᠤᠮᠵᠢ ᠵᠢ ᠦᠨᠳᠦᠰᠦᠯᠡᠵᠤ᠂ ᠭᠤᠶᠤᠴᠢᠯᠠᠨ ᠮᠡᠳᠡᠭᠦᠯᠬᠦ ᠨᠢᠭᠡᠴᠡ ᠵᠢᠨ ᠲᠠᠩᠰᠠᠨ ᠨᠣᠮᠧᠷ ᠪᠠ ᠲᠤᠬᠠᠶ᠋ᠢᠯᠠᠭᠰᠠᠨ ᠠᠵᠢᠯ᠎ᠤᠨ ᠬᠡᠷᠡᠭᠯᠡᠭᠴᠢ ᠴᠥᠮ ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠬᠡᠷᠡᠭᠴᠡᠭᠡ ᠱᠠᠭ᠋ᠠᠷᠳᠠᠯᠭ᠎ᠠ ᠵᠢ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠵᠤ ᠪᠣᠯᠤᠨ᠎ᠠ (ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠬᠡᠷᠡᠭᠯᠡᠬᠦ ᠲᠤᠬᠠᠢ᠌ᠯᠠᠭᠰᠠᠨ ᠠᠵᠢᠯ᠎ᠤᠨ ᠬᠡᠷᠡᠭᠯᠡᠭᠴᠢ ᠵᠢ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠬᠦ᠎ᠪᠠᠷ ᠰᠠᠨᠠᠭᠤᠯᠤᠨ᠎ᠠ); ᠨᠢᠭᠡᠨᠲᠡ ᠳᠠᠩᠰᠠᠯᠠᠭᠤᠯᠤᠭᠰᠠᠨ ᠨᠢᠭᠡᠴᠡ᠎ᠨᠢ ᠳᠠᠬᠢᠨ ᠳᠠᠩᠰᠠᠯᠠᠭᠤᠯᠬᠤ ᠴᠢᠬᠤᠯᠠ ᠥᠬᠡᠶ ᠪᠣᠯ᠂ ᠲᠤᠬᠠᠶ᠋ᠢᠯᠠᠭᠰᠠᠨ ᠠᠵᠢᠯ᠎ᠤᠨ ᠬᠡᠷᠡᠭᠯᠡᠭᠴᠢ (ᠰᠢᠨ᠎ᠡ ᠵᠢ ᠡᠭᠦᠳᠬᠦ ᠬᠠᠮᠲᠤᠷᠠᠯᠴᠠᠭ᠋ᠠᠨ᠎ᠤ ᠬᠡᠷᠡᠭᠴᠡᠭᠡ ᠱᠠᠭ᠋ᠠᠷᠳᠠᠯᠭ᠎ᠠ ᠲᠠᠩᠰᠠ ᠲᠠᠭᠯᠠᠨ ᠮᠡᠳᠡᠭᠦᠯᠬᠦ)᠂ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠵᠢ ᠰᠦᠯᠵᠢᠶᠡᠨ ᠳᠡᠭᠡᠷ᠎ᠡ ᠰᠢᠭᠤᠳ ᠪᠢᠴᠢᠵᠦ ᠪᠣᠯᠤᠨ᠎ᠠ᠃