ᠳᠣᠲᠣᠭ᠋ᠠᠳᠤ ᠰᠠᠯᠠᠭ᠎ᠠ ᠵᠢᠨ ᠲᠠᠷᠬᠠᠭ᠋ᠠᠭᠰᠠᠨ ᠦᠰᠦᠭ [2021]7 ᠳ᠋ᠤᠭ᠋ᠠᠷ
2021 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠤᠨ ᠥᠷᠨᠢᠭᠦᠯᠬᠦ ᠲᠤᠬᠠᠶ ᠃ᠨᠡᠪᠴᠢᠭᠦᠯᠬᠦ ᠪᠠᠭ᠋ᠠᠵᠢ ᠪᠠ ᠣᠯᠠᠨ ᠵᠶ᠋ᠠᠷ ᠵᠶ᠋ᠠᠨ ᠡᠭᠦᠳᠬᠦ ᠣᠷᠣᠨ ᠵᠠᠶ ᠵᠢ ᠮᠠᠭ᠋ᠠᠳᠯᠠᠨ ᠲᠣᠭᠲᠠᠭ᠋ᠠᠬᠤ ᠠᠵᠢᠯ᠎ᠤᠨ ᠮᠡᠳᠡᠭᠳᠡᠯ ᠃
ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢ᠍ᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠡᠯ᠎ᠡ ᠬᠣᠯᠪᠣᠭᠳᠠᠯ ᠪᠦᠬᠦᠢ ᠨᠢᠭᠡᠴᠡ᠄
《ᠲᠦᠭ ᠲᠦᠮᠡᠨ ᠵᠶ᠋ᠡᠷ ᠵᠶ᠋ᠡᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠳᠠᠢ᠌ᠴᠢᠯᠠᠬᠤ ᠦᠢᠯᠡᠳᠦᠯ᠎ᠢ ᠳᠡᠭᠡᠭᠰᠢᠯᠡᠭᠦᠯᠦᠨ ᠥᠭᠡᠷᠡᠴᠢᠯᠡᠯᠲᠡ ᠵᠢ ᠲᠣᠭᠲᠠᠭᠤᠨ ᠠᠵᠢᠯ ᠣᠯᠭᠣᠯᠲᠠ᠎ᠪᠠᠷ ᠬᠦᠴᠦᠷᠬᠡᠭ ᠬᠥᠳᠡᠯᠭᠡᠬᠦ ᠡᠨᠧᠷᠭᠢ ᠵᠢ ᠤᠯᠠᠮ ᠨᠢᠭᠡ ᠠᠯᠬᠤᠮ ᠠᠬᠢᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠎ᠤᠨ ᠬᠡᠷᠡᠭᠵᠢᠭᠦᠯᠬᠦ ᠰᠠᠨᠠᠯ》 (ᠲᠥᠷᠥ ᠠᠯᠪᠠᠨ ᠲᠠᠷᠬᠠᠭ᠋ᠠᠭᠰᠠᠨ 202026 ᠳ᠋ᠤᠭ᠋ᠠᠷ ᠲᠣᠭ᠋ᠠᠲᠤ)᠎ᠢ ᠪᠥᠬᠥ ᠲᠠᠯ᠎ᠠ᠎ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠵᠤ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠪᠠ 2021 ᠣᠨ᠎ᠤ ᠪᠥᠬᠥ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠤᠨ᠂ ᠰᠢᠨ᠎ᠡ ᠵᠢ ᠡᠭᠦᠳᠦᠨ ᠠᠳᠠᠯ ᠦᠢᠯᠡᠰ ᠴᠣᠭᠴᠠᠯᠠᠬᠤ ᠰᠠᠢ᠌ᠨ ᠰᠠᠢ᠌ᠬᠠᠨ ᠣᠷᠴᠢᠨ ᠲᠣᠭᠣᠷᠢᠨ᠎ᠢ ᠪᠣᠶ ᠪᠣᠯᠭ᠋ᠠᠵᠤ᠂ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ ᠪᠠ ᠬᠥᠳᠡᠯᠦᠩᠭᠦᠶ ᠬᠠᠮᠢᠶᠠᠷᠤᠯᠲᠠ ᠵᠢᠨ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠬᠡᠷᠡᠭᠵᠢᠭᠦᠯᠬᠦ ᠵᠢ ᠠᠬᠢᠭᠤᠯᠬᠤ ᠵᠢᠨ ᠲᠤᠰᠠᠳᠠ᠂ ᠡᠳᠦᠭᠡ 2021 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠪᠠ ᠲᠦᠭ ᠲᠦᠮᠡᠨ ᠵᠶ᠋ᠡᠷ ᠵᠶ᠋ᠡᠨ ᠰᠢᠨ᠎ᠡ ᠵᠢ ᠡᠭᠦᠳᠬᠦ ᠣᠷᠣᠨ ᠵᠠᠶ ᠵᠢ ᠮᠠᠭ᠋ᠠᠳᠯᠠᠨ ᠲᠣᠭᠲᠠᠭ᠋ᠠᠬᠤ ᠃ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ ᠃
ᠨᠢᠭᠡ᠂ ᠮᠠᠭ᠋ᠠᠳᠯᠠᠨ ᠲᠣᠭᠲᠠᠭ᠋ᠠᠬᠤ ᠨᠥᠬᠥᠴᠡᠯ
1 . ᠦᠨᠡᠮᠰᠢᠭᠦᠯᠬᠦ᠎ᠪᠠᠷ ᠭᠤᠶᠤᠴᠢᠯᠠᠭᠰᠠᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠢ ᠮᠠᠭ᠋ᠠᠳᠯᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ》 (ᠥᠪᠥᠷ ᠰᠠᠯᠠᠭ᠎ᠠ ᠲᠠᠷᠬᠠᠭ᠋ᠠᠭᠰᠠᠨ ᠰᠢᠨ᠎ᠡ ᠥᠰᠥᠭ 201710 ᠳ᠋ᠤᠭ᠋ᠠᠷ ᠲᠣᠭ᠋ᠠᠲᠤ) ᠵᠢᠨ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ ᠃
2 . ᠦᠨᠡᠮᠰᠢᠭᠦᠯᠬᠦ᠎ᠪᠠᠷ ᠭᠤᠶᠤᠴᠢᠯᠠᠭᠰᠠᠨ ᠥᠪᠡᠷᠲᠡᠭᠡᠨ ᠵᠠᠰᠠᠬᠤ ᠣᠷᠣᠨ᠎ᠤ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠥᠪᠥᠷ ᠰᠠᠯᠠᠭ᠎ᠠ ᠲᠠᠷᠬᠠᠭ᠋ᠠᠭᠰᠠᠨ ᠦᠰᠦᠭ) ᠵᠢᠨ ᠲᠣᠭᠲᠠᠭ᠋ᠠᠭᠰᠠᠨ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠶ ᠃
ᠬᠣᠶᠠᠷ᠂ ᠮᠡᠳᠡᠭᠦᠯᠬᠦ ᠮᠠᠲ᠋ᠧᠷᠢᠶᠠᠯ
(ᠨᠢᠭᠡ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ
1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠎ᠤᠨ ᠭᠤᠶᠤᠴᠢᠯᠠᠨ ᠮᠡᠳᠡᠭᠦᠯᠬᠦ ᠪᠢᠴᠢᠭ;
2 . ᠵᠣᠬᠢᠴᠠᠩᠭᠤᠶ ᠳᠠᠭ᠋ᠠᠯᠳᠤᠭᠤᠯᠤᠯ ᠮᠠᠲ᠋ᠧᠷᠢᠶᠠᠯ᠄ ᠡᠵᠡᠩᠨᠡᠯᠲᠡ ᠵᠢᠨ ᠬᠢᠷᠢ ᠬᠡᠮ᠎ᠤᠨ ᠬᠠᠮᠢᠶ᠎ᠠ ᠪᠥᠬᠥᠶ ᠪᠢᠴᠢᠭ ᠮᠠᠲ᠋ᠧᠷᠢᠶᠠᠯ᠂ ᠨᠡᠪᠴᠢᠭᠦᠯᠬᠦ ᠲᠠᠯᠠᠪᠤᠷ᠎ᠤᠨ ᠪᠠᠢ᠌ᠳᠠᠯ᠎ᠤᠨ ᠬᠦᠰᠦᠨᠦᠭᠲᠦ᠂ ᠨᠡᠪᠴᠢᠭᠦᠯᠬᠦ ᠪᠠᠯᠠ ᠮᠥᠩᠭᠥ ᠵᠢᠨ ᠪᠠᠢ᠌ᠳᠠᠯ᠎ᠤᠨ ᠬᠦᠰᠦᠨᠦᠭᠲᠦ᠂ ᠨᠡᠪᠴᠢᠭᠦᠯᠦᠭᠦᠷ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢᠨ ᠠᠵᠢᠯᠲᠠᠨ᠎ᠤ ᠪᠠᠢ᠌ᠳᠠᠯ᠎ᠤᠨ ᠬᠦᠰᠦᠨᠦᠭᠲᠦ᠂ ᠠᠳᠠᠯ ᠦᠢᠯᠡᠰ ᠴᠣᠭᠴᠠᠯᠠᠬᠤ ᠵᠢᠯᠣᠭᠣᠳᠣᠭᠴᠢ ᠪᠠᠭᠰᠢ ᠵᠢᠨ ᠪᠠᠢ᠌ᠳᠠᠯ᠎ᠤᠨ ᠬᠦᠰᠦᠨᠦᠭᠲᠦ᠂ ᠲᠤᠰᠬᠠᠶ ᠮᠡᠷᠭᠡᠵᠢᠯ᠎ᠤᠨ ᠦᠢᠯᠡᠴᠢᠯᠡᠭᠡᠨ᠎ᠤ ᠪᠠᠢ᠌ᠳᠠᠯ᠎ᠤᠨ ᠬᠦᠰᠦᠨᠦᠭᠲᠦ (ᠲᠤᠰᠬᠠᠶ ᠮᠡᠷᠭᠡᠵᠢᠯ᠎ᠤᠨ ᠨᠡᠪᠴᠢᠭᠦᠯᠦᠭᠦᠷ᠎ᠢ ᠵᠠᠪᠠᠯ ᠲᠠᠭᠯᠠᠬᠤ)᠂ ᠨᠡᠪᠴᠢᠭᠦᠯᠬᠦ ᠠᠵᠤ ᠠᠬᠤᠢ᠌ᠯᠠᠯ᠎ᠤᠨ ᠪᠠᠢ᠌ᠳᠠᠯ᠎ᠤᠨ ᠬᠦᠰᠦᠨᠦᠭᠲᠦ᠂ ᠲᠡᠭᠦᠰᠬᠦ ᠠᠵᠤ ᠠᠬᠤᠢ᠌ᠯᠠᠯ᠎ᠤᠨ ᠪᠠᠢ᠌ᠳᠠᠯ᠎ᠤᠨ ᠬᠦᠰᠦᠨᠦᠭᠲᠦ ᠵᠢᠴᠢ ᠪᠤᠰᠤᠳ ᠲᠤᠰᠢᠶᠠᠪᠠᠰᠤ ᠵᠣᠬᠢᠬᠤ ᠭᠡᠷᠡᠴᠢ ᠮᠠᠲ᠋ᠧᠷᠢᠶᠠᠯ ᠃
(ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ
1 . ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠭᠤᠶᠤᠴᠢᠯᠠᠨ ᠮᠡᠳᠡᠭᠦᠯᠬᠦ ᠪᠢᠴᠢᠭ ᠃
2 . ᠳᠠᠭ᠋ᠠᠯᠳᠤᠭᠤᠯᠤᠯ ᠮᠠᠲ᠋ᠧᠷᠢᠶᠠᠯ᠄ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠭᠡᠷᠡᠴᠢ (ᠪᠠᠭᠤᠯᠭ᠋ᠠᠪᠤᠷᠢ); ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠨᠢᠭᠡᠴᠡ ᠵᠢᠨ ᠬᠠᠷᠢᠭᠤᠴᠠᠯᠭ᠋ᠠᠲᠠᠨ᠎ᠤ ᠬᠦᠴᠦᠨ ᠪᠥᠬᠥᠶ ᠪᠡᠶ᠎ᠡ ᠵᠢᠨ ᠭᠡᠷᠡᠴᠢ (ᠪᠠᠭᠤᠯᠭ᠋ᠠᠪᠤᠷᠢ); ᠣᠯᠠᠨ ᠵᠶ᠋ᠠᠷ ᠵᠶ᠋ᠠᠨ ᠡᠭᠦᠳᠬᠦ ᠣᠷᠣᠨ ᠵᠠᠶ ᠵᠢᠨ ᠲᠠᠯᠠᠪᠤᠷ ᠭᠠᠵᠠᠷ᠎ᠤᠨ ᠥᠮᠴᠢᠯᠡᠬᠦ ᠡᠷᠬᠡ ᠵᠢᠨ ᠦᠨᠡᠮᠯᠡᠯ ᠪᠤᠶᠤ ᠲᠦᠷᠢᠶᠡᠰᠦᠯᠡᠬᠦ ᠭᠡᠷ᠎ᠡ (ᠬᠠᠭᠤᠯᠪᠤᠷᠢ); ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠬᠠᠮᠢᠶᠠᠷᠤᠯᠲᠠ ᠵᠢᠨ ᠦᠢᠯᠡᠴᠢᠯᠡᠭᠡᠨ᠎ᠤ ᠠᠵᠢᠯᠲᠠᠨ᠎ᠤ ᠨᠡᠷᠡᠰ ᠵᠢᠴᠢ ᠰᠤᠷᠤᠯᠴᠠᠭᠰᠠᠨ ᠨᠠᠮᠲᠠᠷ᠎ᠤᠨ ᠭᠡᠷᠡᠴᠢ᠂ ᠠᠳᠠᠯ ᠦᠢᠯᠡᠰ ᠴᠣᠭᠴᠠᠯᠠᠬᠤ ᠵᠢᠯᠣᠭᠣᠳᠣᠭᠴᠢ ᠪᠠᠭᠰᠢ ᠵᠢᠨ ᠨᠡᠷᠡᠰ ᠵᠢᠴᠢ ᠤᠷᠢᠬᠤ ᠪᠢᠴᠢᠭ (ᠪᠤᠶᠤ ᠤᠷᠢᠨ ᠬᠡᠷᠡᠭᠯᠡᠬᠦ ᠪᠢᠴᠢᠭ ᠮᠠᠲ᠋ᠧᠷᠢᠶᠠᠯ); ᠣᠯᠠᠨ ᠵᠶ᠋ᠠᠷ ᠵᠶ᠋ᠠᠨ ᠡᠭᠦᠳᠬᠦ ᠣᠷᠣᠨ ᠵᠠᠶ ᠵᠢᠨ ᠳᠣᠲᠣᠭ᠋ᠠᠳᠤ ᠵᠢᠨ ᠬᠠᠮᠢᠶᠠᠷᠤᠯᠲᠠ ᠵᠢᠨ ᠵᠢᠷᠤᠮᠵᠢᠯ᠎ᠤᠨ ᠳᠦᠷᠢᠮ; ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠥᠷᠨᠢᠭᠦᠯᠦᠭᠰᠡᠨ ᠦᠢᠯᠡᠴᠢᠯᠡᠭᠡ᠂ ᠠᠵᠢᠯᠯᠠᠭ᠎ᠠ ᠪᠠ ᠦᠢᠯᠡᠴᠢᠯᠡᠭᠡᠨ᠎ᠤ ᠴᠢᠳᠠᠮᠵᠢ᠎ᠲᠠᠢ ᠭᠡᠷᠡᠴᠢᠯᠡᠬᠦ ᠮᠠᠲ᠋ᠧᠷᠢᠶᠠᠯ; ᠪᠤᠰᠤᠳ ᠲᠤᠰᠢᠶᠠᠪᠠᠯ ᠵᠣᠬᠢᠬᠤ ᠮᠠᠲ᠋ᠧᠷᠢᠶᠠᠯ ᠃
ᠭᠤᠷᠪᠠ᠂ ᠮᠠᠭ᠋ᠠᠳᠯᠠᠨ ᠲᠣᠭᠲᠠᠭ᠋ᠠᠬᠤ ᠶᠠᠪᠤᠴᠠ ᠵᠢᠨ ᠴᠠᠭ ᠲᠤᠬᠠᠶ᠎ᠳᠤᠨᠢ
(ᠨᠢᠭᠡ) ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠪᠠ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠡᠵᠡᠩᠨᠡᠯᠲᠡ ᠵᠢᠨ ᠭᠣᠤᠯ ᠴᠣᠭᠴᠠ᠎ᠳᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠱᠠᠭ᠋ᠠᠷᠳᠠᠯᠭ᠎ᠠ ᠶᠣᠰᠣᠭ᠋ᠠᠷ ᠲᠠᠭᠯᠠᠨ ᠮᠡᠳᠡᠭᠦᠯᠬᠦ ᠵᠢᠨ ᠬᠠᠮᠲᠤ ᠲᠠᠰ ᠳᠠᠷᠠᠭ᠋ᠠᠯᠠᠯ ᠵᠶ᠋ᠠᠷ᠎ᠨᠢ ᠳᠡᠪᠲᠡᠷᠯᠡᠵᠦ (ᠨᠢᠭᠡ ᠶᠠᠩᠵᠤ ᠵᠢᠨ ᠲᠤᠯᠤᠭ᠋ᠠᠨ ᠬᠤᠪᠢ)᠂ 9 ᠳ᠋ᠦ᠍ᠭᠡᠷ ᠰᠠᠷ᠎ᠠ ᠵᠢᠨ 23᠎ᠤ ᠡᠳᠦᠷ᠎ᠠᠴᠠ ᠡᠮᠦᠨ᠎ᠡ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠡᠷᠭᠡ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠨ᠎ᠡ ᠃
(ᠬᠣᠶᠠᠷ) ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠮᠠᠨᠵᠤᠤᠷ ᠬᠣᠲᠠ ᠵᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠡᠷᠢᠶᠡᠨ ᠬᠣᠲᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠡᠷᠭᠡ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠨ ᠬᠠᠷᠭᠤᠭᠤᠯᠬᠤ᠂ ᠪᠣᠳᠠᠲᠠᠶ ᠭᠠᠵᠠᠷ᠎ᠲᠤᠨᠢ ᠰᠢᠨᠵᠢᠯᠡᠨ ᠪᠠᠢ᠌ᠴᠠᠭ᠋ᠠᠬᠤ ᠪᠠ ᠢᠲᠡᠭᠡᠮᠵᠢ ᠵᠢ ᠬᠢᠨᠠᠨ ᠬᠠᠷᠭᠤᠭᠤᠯᠤᠭᠰᠠᠨ ᠰᠠᠭᠤᠷᠢᠨ ᠳᠡᠭᠡᠷ᠎ᠡ᠂ 《2021 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠳᠤ ᠮᠡᠳᠡᠭᠦᠯᠬᠦ ᠨᠡᠪᠴᠢᠭᠦᠯᠦᠭᠦᠷ᠎ᠤᠨ ᠲᠠᠨᠢᠯᠴᠠᠭᠤᠯᠬᠤ ᠬᠦᠰᠦᠨᠦᠭᠲᠦ》 ᠪᠠ 《2021 ᠣᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠲᠠᠨᠢᠯᠴᠠᠭᠤᠯᠬᠤ ᠬᠦᠰᠦᠨᠦᠭᠲᠦ》 ᠵᠢ ᠲᠣᠰ ᠲᠣᠰ ᠲᠠᠭᠯᠠᠨ ᠪᠢᠴᠢᠵᠦ᠂ ᠠᠯᠪᠠᠨ ᠲᠠᠮᠠᠭ᠎ᠠ ᠳᠠᠷᠤᠭᠰᠠᠨ᠎ᠤ ᠳᠠᠷᠠᠭ᠎ᠠ᠂ ᠲᠠᠨᠢᠯᠴᠠᠭᠤᠯᠬᠤ ᠬᠦᠰᠦᠨᠦᠭᠲᠦ (ᠨᠢᠭᠡ ᠶᠠᠩᠵᠤ ᠵᠢᠨ ᠬᠣᠶᠠᠷ ᠬᠤᠪᠢ) ᠪᠠ ᠮᠡᠳᠡᠭᠦᠯᠬᠦ ᠮᠠᠲ᠋ᠧᠷᠢᠶᠠᠯ᠎ᠤᠨ ᠴᠠᠭ᠋ᠠᠰᠤᠨ ᠬᠡᠪᠯᠡᠯ᠎ᠢ 10 ᠳ᠋ᠤᠭ᠋ᠠᠷ ᠰᠠᠷ᠎ᠠ ᠵᠢᠨ 9᠎ᠤ ᠡᠳᠦᠷ᠎ᠠᠴᠠ ᠡᠮᠦᠨ᠎ᠡ ᠲᠣᠭᠲᠠᠭᠰᠠᠨ ᠭᠠᠵᠠᠷ᠎ᠲᠤ ᠮᠡᠳᠡᠭᠦᠯᠦᠨ ᠬᠦᠷᠭᠡᠬᠦ ᠵᠢᠨ ᠬᠠᠮᠲᠤ ᠃ ᠬᠤᠭᠤᠴᠠᠭ᠎ᠠ ᠬᠡᠲᠦᠷᠡᠭᠡᠳ ᠮᠡᠳᠡᠭᠦᠯᠦᠨ ᠬᠦᠷᠭᠡᠭᠰᠡᠨ᠎ᠢ ᠬᠦᠯᠢᠶᠡᠨ ᠠᠪᠴᠤ ᠰᠢᠢᠳᠪᠦᠷᠢᠯᠡᠬᠦ ᠦᠭᠡᠶ ᠃
(ᠭᠤᠷᠪᠠ) ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠠᠴᠠ ᠦᠨᠡᠮᠰᠢᠭᠦᠯᠬᠦ᠎ᠪᠠᠷ ᠭᠤᠶᠤᠴᠢᠯᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠪᠠ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ᠎ᠳᠤ ᠬᠡᠯᠪᠡᠷᠢ ᠵᠢᠨ ᠬᠢᠨᠠᠨ ᠪᠠᠢ᠌ᠴᠠᠭ᠋ᠠᠯᠲᠠ ᠬᠢᠭᠰᠡᠨ᠎ᠤ ᠳᠠᠷᠠᠭ᠎ᠠ᠂ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠢ᠌ᠭᠤᠯᠤᠨ ᠬᠢᠨᠠᠨ ᠲᠣᠭᠲᠠᠭ᠋ᠠᠬᠤ᠂ ᠲᠤᠬᠠᠶ ᠵᠢᠨ ᠭᠠᠵᠠᠷ᠎ᠲᠤᠨᠢ ᠰᠤᠭᠤᠴᠢᠨ ᠪᠠᠢ᠌ᠴᠠᠭ᠋ᠠᠬᠤ᠂ ᠢᠲᠡᠭᠡᠮᠵᠢ ᠵᠢ ᠬᠢᠨᠠᠨ ᠬᠠᠷᠭᠤᠭᠤᠯᠬᠤ ᠵᠢᠴᠢ ᠢᠯᠡ ᠨᠡᠢ᠌ᠲᠡᠯᠡᠬᠦ ᠵᠡᠷᠭᠡ ᠭᠣᠭᠴᠣᠭ᠎ᠠ ᠵᠢᠨ ᠬᠠᠮᠲᠤ᠂ ᠦᠷ᠎ᠡ ᠳ᠋ᠦᠩ᠎ᠢ᠎ᠨᠢ ᠦᠨᠳᠦᠰᠦᠯᠡᠨ ᠨᠥᠬᠥᠴᠡᠯ᠎ᠳᠤ ᠨᠡᠢ᠌ᠴᠡᠭᠰᠡᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠪᠠ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ᠎ᠳᠤ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠪᠠ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ᠎ᠪᠠᠷ ᠨᠤᠲᠠᠯᠠᠨ ᠲᠣᠭᠲᠠᠭ᠋ᠠᠨ᠎ᠠ ᠃
ᠲᠦᠷᠪᠡ᠂ ᠬᠣᠯᠪᠣᠭᠳᠠᠯ ᠪᠦᠬᠦᠢ ᠱᠠᠭ᠋ᠠᠷᠳᠠᠯᠭ᠎ᠠ
(ᠨᠢᠭᠡ) ᠡᠯ᠎ᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠪᠠ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠡᠵᠡᠩᠨᠡᠯᠲᠡ ᠵᠢᠨ ᠭᠣᠤᠯ ᠴᠣᠭᠴᠠ᠎ᠨᠢ ᠲᠤᠰᠢᠶᠠᠭᠰᠠᠨ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠲᠤ ᠬᠠᠷᠢᠭᠤᠴᠠᠨ᠎ᠠ ᠃ ᠬᠤᠳᠠᠯ ᠬᠠᠭᠤᠷᠮᠠᠭ ᠮᠠᠲ᠋ᠧᠷᠢᠶᠠᠯ ᠬᠠᠩᠭ᠋ᠠᠭᠰᠠᠨ ᠪᠠᠢ᠌ᠪᠠᠯ᠂ ᠮᠡᠳᠡᠭᠦᠯᠬᠦ ᠬᠢᠷᠢ ᠬᠡᠮ᠎ᠢ᠎ᠨᠢ ᠬᠠᠰᠤᠭᠰᠠᠨᠢ ᠣᠯᠵᠤ ᠮᠡᠳᠡᠮᠡᠭᠴᠡ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ ᠃
(ᠬᠣᠶᠠᠷ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠪᠠ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠨᠡᠷᠡᠢ᠌ᠳᠦᠯ᠎ᠳᠤ ᠪᠠᠢ᠌ᠷᠢ ᠲᠣᠭᠲᠠᠭ᠋ᠠᠯᠲᠠ᠂ ᠣᠨᠴᠠᠯᠢᠭ ᠪᠠ ᠣᠨᠣᠯᠵᠢᠬᠤᠨ᠂ ᠨᠡᠷᠡᠢ᠌ᠳᠦᠯ᠎ᠳᠤ ᠵᠠᠰᠠᠭ ᠵᠠᠬᠢᠷᠭ᠋ᠠᠨ᠎ᠤ ᠣᠷᠣᠨ᠎ᠤ ᠲᠤᠰᠬᠠᠶ ᠨᠡᠷᠡᠢ᠌ᠳᠦᠯ᠎ᠢ ᠰᠢᠭᠤᠳ ᠬᠡᠷᠡᠭᠯᠡᠬᠦ ᠵᠢ ᠰᠠᠨᠠᠭᠤᠯᠬᠤ ᠥᠬᠡᠶ (ᠵᠢᠱ᠌ᠢᠶᠡᠯᠡᠪᠡᠯ xx ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠂ xx ᠬᠣᠲᠠ ᠵᠢᠨ xx ᠲᠣᠭᠣᠷᠢᠭ᠎ᠤᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠡᠷᠭᠡ)᠂ ᠨᠡᠷᠡᠢ᠌ᠳᠦᠯ᠎ᠢ ᠡᠩ᠎ᠤᠨ ᠪᠠᠢ᠌ᠳᠠᠯ᠎ᠳᠤ ᠡᠵᠡᠩᠨᠡᠯᠲᠡ ᠵᠢᠨ ᠭᠣᠤᠯ ᠴᠣᠭᠴᠠ ᠵᠢᠨ ᠨᠡᠷᠡᠢ᠌ᠳᠦᠯ᠎ᠯᠦᠭᠡ ᠳᠠᠪᠬᠤᠴᠠᠭᠤᠯᠬᠤ ᠥᠬᠡᠶ ᠪᠠᠢ᠌ᠪᠠᠯ ᠵᠣᠬᠢᠨ᠎ᠠ ᠃ ᠮᠡᠳᠡᠭᠦᠯᠬᠦ ᠠᠭᠤᠯᠭ᠎ᠠ᠎ᠳᠤ ᠤᠯᠤᠰ᠎ᠤᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ᠂ ᠴᠡᠷᠢᠭ᠎ᠤᠨ ᠶᠠᠪᠤᠳᠠᠯ ᠪᠠ ᠨᠢᠭᠤᠴᠠ ᠵᠢ ᠬᠠᠮᠠᠭ᠋ᠠᠯᠠᠬᠤ᠎ᠳᠤ ᠬᠣᠯᠪᠣᠭᠳᠠᠬᠤ ᠠᠭᠤᠯᠭ᠎ᠠ ᠵᠢᠴᠢ ᠰᠡᠷᠭᠡᠭ ᠦᠭᠡᠰ ᠵᠡᠷᠭᠡ ᠪᠠᠢ᠌ᠵᠤ ᠪᠣᠯᠬᠤ ᠦᠭᠡᠢ ᠃
(ᠭᠤᠷᠪᠠ) ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠎ᠠᠴᠠ ᠲᠤᠰ ᠤᠳᠠᠭ᠋ᠠᠨ᠎ᠤ ᠮᠠᠭ᠋ᠠᠳᠯᠠᠨ ᠲᠣᠭᠲᠠᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠮᠡᠳᠡᠭᠦᠯᠬᠦ ᠮᠠᠲ᠋ᠧᠷᠢᠶᠠᠯ᠎ᠢ ᠴᠢᠩᠭ᠎ᠠ ᠬᠢᠨᠠᠨ ᠡᠵᠡᠮᠳᠡᠵᠦ᠂ ᠮᠡᠳᠡᠭᠦᠯᠬᠦ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠂ ᠨᠠᠢ᠌ᠳᠠᠪᠤᠷᠢᠲᠤ ᠴᠢᠨᠠᠷ᠎ᠢ ᠪᠠᠲᠤᠯᠠᠬᠤ ᠬᠡᠷᠡᠭᠲᠡᠶ ᠃ ᠡᠯ᠎ᠡ ᠠᠢ᠌ᠮᠠᠭ ᠬᠣᠲᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ ᠵᠡᠷᠭᠡ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠪᠣᠭᠣᠮᠲᠠ ᠵᠢ ᠴᠢᠩᠭ᠎ᠠ ᠰᠠᠬᠢᠭᠰᠠᠨ ᠦᠭᠡᠶ ᠵᠡᠷᠭᠡ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠦᠭᠡᠶ ᠪᠠᠢ᠌ᠳᠠᠯ ᠣᠷᠣᠰᠢᠵᠤ ᠪᠠᠢ᠌ᠪᠠᠯ᠂ ᠪᠠᠢ᠌ᠳᠠᠯ᠎ᠢ᠎ᠨᠢ ᠦᠵᠡᠵᠦ ᠪᠠᠢ᠌ᠭ᠋ᠠᠳ ᠪᠣᠯᠵᠣᠨ ᠶᠠᠷᠢᠯᠴᠠᠬᠤ᠂ ᠨᠡᠪᠲᠡᠷᠡᠭᠦᠯᠦᠨ ᠰᠢᠭᠦᠮᠵᠢᠯᠡᠬᠦ ᠵᠡᠷᠭᠡ ᠪᠣᠯᠤᠨ᠎ᠠ ᠃ ᠢᠯᠠᠩᠭᠤᠶ᠎ᠠ ᠬᠥᠲᠥᠴᠢ ᠨᠢᠷᠤᠭᠤᠪᠴᠢ ᠠᠵᠤ ᠠᠬᠤᠢ᠌ᠯᠠᠯ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠂ ᠶᠡᠬᠡ ᠳᠡᠭᠡᠳᠦ ᠰᠤᠷᠭ᠋ᠠᠭᠤᠯᠢ ᠵᠢ ᠦᠨᠡᠨᠬᠦ ᠵᠢᠯᠣᠭᠣᠳᠴᠤ ᠪᠠᠢ᠌ᠭ᠋ᠠᠳ ᠲᠤᠰᠬᠠᠶ ᠮᠡᠷᠭᠡᠵᠢᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠪᠠ ᠲᠤᠰᠬᠠᠢ᠌ᠵᠢᠭᠰᠠᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢ ᠪᠠᠢ᠌ᠭᠤᠯᠵᠤ᠂ ᠪᠥᠲᠥᠭᠡᠨ ᠪᠠᠢ᠌ᠭᠤᠯᠤᠯᠲᠠ ᠵᠢᠨ ᠠᠬᠢᠴᠠ ᠵᠢ ᠨᠢᠭᠲᠠ ᠮᠥᠷᠳᠡᠨ᠂ ᠳᠡᠭᠡᠭᠰᠢ ᠮᠡᠳᠡᠭᠦᠯᠬᠦ ᠪᠠᠢ᠌ᠭᠤᠯᠤᠮᠵᠢ ᠵᠢ ᠴᠠᠭ ᠲᠤᠬᠠᠶ᠎ᠳᠤᠨᠢ ᠵᠣᠬᠢᠶᠠᠨ ᠪᠠᠢ᠌ᠭᠤᠯᠵᠤ ᠭᠤᠶᠤᠴᠢᠯᠠᠨ ᠮᠡᠳᠡᠭᠦᠯᠬᠦ ᠪᠠ ᠪᠠᠲᠤᠯᠠᠨ ᠲᠠᠨᠢᠯᠴᠠᠭᠤᠯᠵᠤ ᠪᠠᠢ᠌ᠭ᠋ᠠᠳ ᠲᠤᠰᠬᠠᠶ ᠮᠡᠷᠭᠡᠵᠢᠯ᠎ᠤᠨ ᠨᠡᠪᠴᠢᠭᠦᠯᠦᠭᠦᠷ ᠪᠠ ᠲᠤᠰᠬᠠᠢ᠌ᠵᠢᠭᠰᠠᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠡᠵᠡᠯᠡᠬᠦ ᠬᠠᠷᠢᠴᠠᠯ᠎ᠢ 30 %᠎ᠠᠴᠠ ᠳᠣᠤᠷ᠎ᠠ ᠪᠠᠢ᠌ᠯᠭ᠋ᠠᠵᠤ ᠪᠣᠯᠬᠤ ᠥᠬᠡᠶ ᠃
(ᠳᠥᠷᠪᠡ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠪᠠ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠬᠣᠭᠣᠷᠣᠨᠳᠣ ᠲᠠᠯᠠᠪᠠᠶ ᠵᠢ ᠳᠠᠪᠬᠤᠷᠳᠠᠭᠤᠯᠤᠨ ᠪᠤᠳᠤᠵᠤ ᠪᠣᠯᠬᠤ ᠥᠬᠡᠶ᠂ ᠠᠳᠠᠯᠢ ᠨᠢᠭᠡᠨ ᠡᠵᠡᠩᠨᠡᠯᠲᠡ ᠵᠢᠨ ᠭᠣᠤᠯ ᠴᠣᠭᠴᠠ᠎ᠨᠢ ᠨᠢᠭᠡ ᠵᠦᠢᠯ᠎ᠤᠨ ᠲᠥᠷᠥᠯ ᠬᠡᠯᠪᠡᠷᠢ ᠵᠢᠨ ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ᠎ᠤᠨ ᠠᠴᠢᠶᠠᠯᠠᠪᠤᠷᠢ ᠵᠢ ᠬᠢᠵᠠᠭ᠋ᠠᠷᠯᠠᠨ ᠮᠡᠳᠡᠭᠦᠯᠬᠦ ᠬᠡᠷᠡᠭᠲᠡᠶ; ᠤᠯᠤᠰ᠎ᠤᠨ ᠲᠠᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ᠂ ᠤᠯᠤᠰ᠎ᠠᠴᠠ ᠪᠦᠷᠢᠳᠬᠡᠨ ᠳᠠᠩᠰᠠᠯᠠᠭᠤᠯᠤᠭᠰᠠᠨ ᠪᠠ ᠥᠪᠡᠷᠲᠡᠭᠡᠨ ᠵᠠᠰᠠᠬᠤ ᠣᠷᠣᠨ᠎ᠤ ᠣᠲᠣ᠎ᠪᠠᠷ ᠠᠳᠠᠯ ᠦᠢᠯᠡᠰ ᠴᠣᠭᠴᠠᠯᠠᠬᠤ ᠭᠠᠵᠠᠷ ᠵᠶ᠋ᠠᠷ ᠨᠢᠭᠡᠨᠲᠡ ᠮᠠᠭ᠋ᠠᠳᠯᠠᠨ ᠲᠣᠭᠲᠠᠭ᠋ᠠᠭᠰᠠᠨ ᠪᠠᠢ᠌ᠪᠠᠯ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ᠎ᠪᠠᠷ ᠳᠠᠭᠢᠵᠤ ᠮᠡᠳᠡᠭᠦᠯᠵᠦ ᠪᠣᠯᠬᠤ ᠥᠬᠡᠶ ᠃ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ᠎ᠪᠠᠷ ᠮᠡᠳᠡᠭᠦᠯᠦᠭᠰᠡᠨ ᠭᠤᠶᠤᠴᠢᠯᠠᠯ᠎ᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠪᠣᠯᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠨ᠎ᠠ ᠃
(ᠲᠠᠪᠤ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠪᠠ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠬᠢᠷᠢ ᠬᠡᠮ (ᠲᠤᠷᠰᠢᠨ ᠪᠣᠢ᠌ᠵᠢᠭᠤᠯᠬᠤ ᠪᠠᠭᠲᠠᠨ᠎ᠠ)᠎ᠢ ᠬᠦᠴᠦᠨ ᠥᠬᠡᠶ ᠪᠣᠯᠭ᠋ᠠᠭ᠋ᠠᠳ 2 ᠵᠢᠯ ᠪᠣᠯᠤᠭ᠋ᠠᠳᠤᠶ ᠪᠣᠯ ᠲᠣᠰ ᠤᠳᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠭᠦᠯᠦᠭᠦᠷ ᠪᠠ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢ ᠭᠤᠶᠤᠴᠢᠯᠠᠨ ᠮᠡᠳᠡᠭᠦᠯᠵᠦ ᠪᠣᠯᠬᠤ ᠥᠬᠡᠶ ᠃
(ᠵᠢᠷᠭᠤᠭ᠎ᠠ) ᠭᠤᠶᠤᠴᠢᠯᠠᠨ ᠮᠡᠳᠡᠭᠦᠯᠬᠦ ᠪᠠᠢ᠌ᠭᠤᠯᠤᠮᠵᠢ᠎ᠨᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠢ᠌ᠯᠠᠯ᠎ᠤᠨ ᠨᠡᠪᠴᠢᠬᠦᠯᠦᠬᠦᠷ ᠪᠠ ᠣᠯᠠᠨ ᠵᠶ᠋ᠠᠷ ᠵᠶ᠋ᠠᠨ ᠰᠢᠨ᠎ᠡ ᠵᠢ ᠡᠭᠦᠳᠬᠦ ᠣᠷᠣᠨ ᠵᠠᠶ ᠵᠢᠨ ᠭᠤᠶᠤᠴᠢᠯᠠᠨ ᠮᠡᠳᠡᠭᠦᠯᠬᠦ ᠪᠢᠴᠢᠭ᠎ᠤᠨ ᠠᠭᠤᠯᠭ᠎ᠠ ᠵᠢ ᠬᠠᠰᠤᠬᠤ ᠪᠤᠶᠤ ᠥᠭᠡᠷᠡᠴᠢᠯᠡᠵᠦ ᠪᠣᠯᠬᠤ ᠥᠬᠡᠶ ᠃ ᠡᠰᠡ ᠲᠡᠭᠡᠪᠡᠯ᠂ ᠭᠤᠶᠤᠴᠢᠯᠠᠯ᠎ᠢ᠎ᠨᠢ ᠬᠦᠯᠢᠶᠡᠨ ᠠᠪᠴᠤ ᠰᠢᠢᠳᠪᠦᠷᠢᠯᠡᠬᠦ ᠦᠭᠡᠶ ᠃
ᠲᠠᠪᠤ᠂ ᠬᠠᠷᠢᠯᠴᠠᠬᠤ ᠬᠥᠮᠦᠨ ᠵᠢᠴᠢ ᠬᠠᠷᠢᠯᠴᠠᠬᠤ ᠠᠷᠭ᠎ᠠ ᠮᠠᠶᠢᠭ
(ᠨᠢᠭᠡ) ᠲᠤᠬᠠᠢ᠌ᠯᠠᠭᠰᠠᠨ ᠠᠵᠢᠯ᠎ᠤᠨ ᠯᠠᠪᠯᠠᠯᠭ᠎ᠠ
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠦᠷ᠎ᠡ ᠪᠦᠲᠦᠭᠡᠯ᠎ᠤᠨ ᠬᠠᠮᠢᠶᠠᠷᠤᠯᠲᠠ ᠬᠢᠭᠡᠳ ᠬᠤᠪᠢᠷᠠᠭᠤᠯᠤᠯᠲᠠ ᠵᠢᠨ ᠭᠠᠵᠠᠷ᠄ ᠪᠠᠶ ᠸᠸᠨ ᡁᠢ 04716328612
(ᠬᠣᠶᠠᠷ) ᠮᠠᠲ᠋ᠧᠷᠢᠶᠠᠯ᠎ᠢ ᠬᠦᠯᠢᠶᠡᠨ ᠠᠪᠴᠤ ᠰᠢᠢᠳᠪᠦᠷᠢᠯᠡᠬᠦ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠥᠭᠵᠢᠯᠲᠡ ᠵᠢᠨ ᠲᠥᠪ᠄ 0471 - 6328553
ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠹᠸᠩ ᠵᠧᠦ ᠡᠮᠦᠨ᠎ᠡ ᠵᠠᠮ᠎ᠤᠨ 78 ᠳ᠋ᠤᠭ᠋ᠠᠷ ᠨᠣᠮᠧᠷᠲᠠᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ 303 ᠳ᠋ᠤᠭ᠋ᠠᠷ ᠥᠷᠥᠭᠡ
ᠢᠮᠧᠯ᠄ baiwenzhi 007 @ 163 . com