ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ
ᠵᠢ ᠬᠡᠷᠡᠭᠵᠢᠭᠦᠯᠵᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ
ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠠ
ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ
ᠰᠤᠳᠤᠯᠤᠨ ᠨᠡᠭᠡᠭᠡᠬᠦ ᠣᠷᠣᠭᠤᠯᠤᠯᠲᠠ ᠵᠢᠨ ᠬᠦᠷᠦᠯᠴᠡᠬᠦ ᠥᠬᠡᠶ ᠳᠤᠲᠠᠭᠤᠳᠠᠯ᠎ᠢ ᠵᠣᠷᠢᠭ ᠰᠢᠭᠤᠳᠤᠨ ᠰᠢᠢᠳᠪᠦᠷᠢᠯᠡᠬᠦ ᠴᠢᠬᠤᠯᠠ ᠶᠡᠬᠡ ᠪᠠᠢ᠌ᠷᠢᠯᠠᠭᠤᠯᠤᠯᠲᠠ ᠬᠢᠪᠡ
ᠡᠢ᠌ᠮᠦ᠎ᠠᠴᠠ
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ
《ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠨ
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
《 ᠵᠠᠷᠯᠠᠯ ᠨᠡᠢ᠌ᠳᠡᠯᠡᠵᠦ ᠮᠠᠭ᠍ᠯᠠᠢ᠌ᠯᠠᠭᠤᠯᠬᠤ》ᠲᠥᠷᠥᠯ ᠵᠦᠢᠯ ᠢ ᠡᠬᠢᠯᠡᠭᠦᠯᠵᠦ
ᠠᠩᠬᠠᠨ᠎ᠤ ᠪᠦᠯᠦᠭ ᠮᠡᠷᠭᠡᠵᠢᠯ᠎ᠤᠨ ᠪᠣᠭᠣᠮᠲᠠ ᠰᠢᠪᠲᠤᠯᠬᠤ ᠲᠥᠷᠥᠯ᠎ᠤᠨ ᠲᠥᠷᠥᠯ ᠵᠦᠢᠯ᠎ᠤᠨ ᠨᠡᠷᠡᠰ᠎ᠢ ᠨᠡᠢ᠌ᠲᠡᠯᠡᠪᠡ

9 ᠳ᠋ᠦ᠍ᠭᠡᠷ ᠰᠠᠷ᠎ᠠ ᠵᠢᠨ 1᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠰᠣᠨᠢᠨ ᠮᠡᠳᠡᠭᠡ ᠨᠡᠢ᠌ᠲᠡᠯᠡᠬᠦ ᠬᠤᠷᠠᠯ ᠬᠢᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠡᠳ᠋᠎ᠤᠨ ᠵᠠᠰᠠᠭ᠂ ᠭᠠᠢ᠌ᠯᠢ ᠵᠢᠨ ᠶᠠᠪᠤᠳᠠᠯ᠂ ᠲᠣᠭ᠎ᠠ ᠪᠦᠷᠢᠳᠬᠡᠯ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ᠎ᠢ ᠤᠷᠢᠵᠤ᠂ ᠬᠠᠮᠢᠶ᠎ᠠ ᠪᠥᠬᠥᠶ ᠪᠠᠢ᠌ᠳᠠᠯ᠎ᠤᠨ ᠲᠤᠬᠠᠶ ᠲᠠᠨᠢᠯᠴᠠᠭᠤᠯᠵᠤ᠂ 《ᠬᠡᠷᠡᠭᠵᠢᠭᠦᠯᠬᠦ ᠲᠥᠰᠦᠯ》᠎ᠳᠤ ᠲᠠᠢ᠌ᠯᠤᠮᠵᠢ ᠬᠢᠪᠠ ᠃

ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠠᠷᠤᠭ᠎ᠠ ᠰᠦᠨ ᠵᠢᠶᠦ᠋ᠨ ᠴᠢᠩ ᠭᠣᠤᠯ ᠰᠡᠳᠦᠪ᠎ᠢ ᠨᠡᠢ᠌ᠲᠡᠯᠡᠪᠡ
ᠰᠢᠪᠲᠤᠯᠤᠯᠲᠠ ᠵᠢᠨ ᠬᠠᠷᠠᠯᠲᠠ ᠲᠣᠳᠣᠷᠬᠠᠶ / ᠥᠨᠳᠥᠷ ᠮᠥᠷᠲᠡᠭᠡᠨ ᠮᠠᠴᠤᠵᠤ ᠪᠣᠯᠤᠨ᠎ᠠ
ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠠᠵᠢᠯᠯᠠᠭ᠎ᠠ᠎ᠨᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠪᠦᠬᠦ ᠶᠠᠪᠤᠴᠠ ᠵᠢ ᠲᠤᠭᠤᠰᠢᠯᠠᠭᠤᠯᠪᠠ
ᠶᠡᠷᠦᠩᠬᠡᠢ ᠬᠠᠷᠠᠯᠲᠠ ᠪᠣᠯ᠄ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠡᠭᠦᠯᠴᠢ ᠪᠣᠯᠬᠤ᠎ᠳᠤ ᠪᠦᠬᠦ ᠨᠡᠢ᠌ᠭᠡᠮ᠎ᠤᠨ ᠰᠤᠳᠤᠯᠤᠨ ᠨᠡᠭᠡᠭᠡᠬᠦ ᠣᠷᠣᠭᠤᠯᠤᠯᠲᠠ (R & D) 370 ᠳ᠋ᠦᠩᠰᠢᠭᠤᠷ ᠲᠥᠭᠥᠷᠢᠭ᠎ᠲᠤ ᠬᠦᠷᠴᠦ᠂ ᠵᠢᠯ ᠪᠦᠷᠢ 20 %᠎ᠠᠴᠠ ᠳᠡᠭᠡᠭᠰᠢ ᠨᠡᠮᠡᠭᠳᠡᠨ᠎ᠡ ᠃
ᠡᠯ᠎ᠡ ᠲᠠᠯ᠎ᠠ ᠵᠢᠨ ᠬᠦᠴᠦᠨ ᠬᠠᠮᠵᠢᠯᠴᠠᠨ ᠬᠦᠴᠦᠯᠡᠵᠦ ᠰᠢᠰᠲ᠋ᠧᠮ᠎ᠢ ᠪᠦᠷᠢᠯᠳᠦᠭᠦᠯᠦᠨ᠎ᠡ
ᠡᠯ᠎ᠡ ᠱᠠᠲᠤᠨ᠎ᠤ ᠵᠠᠰᠠᠭ᠎ᠤᠨ ᠣᠷᠳᠣᠨ ᠦᠨᠡᠬᠡᠷ ᠣᠷᠣᠯᠴᠠᠨ᠎ᠠ
ᠪᠣᠭᠣᠮᠲᠠ ᠰᠢᠪᠲᠤᠯᠬᠤ ᠠᠵᠢᠯᠯᠠᠭ᠎ᠠ ᠵᠢᠨ ᠱᠠᠭ᠋ᠠᠷᠳᠠᠯᠭ᠎ᠠ᠄
《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ᠂ ᠪᠦᠬᠦ ᠨᠡᠢ᠌ᠭᠡᠮ᠎ᠤᠨ ᠰᠤᠳᠤᠯᠤᠨ ᠨᠡᠭᠡᠭᠡᠬᠦ (R D) ᠵᠠᠷᠤᠳᠠᠯ᠎ᠤᠨ ᠣᠷᠣᠭᠤᠯᠤᠯᠲᠠ ᠵᠢᠨ ᠳᠤᠮᠳᠠ ᠵᠠᠰᠠᠭ᠎ᠤᠨ ᠣᠷᠳᠣᠨ᠎ᠤ ᠪᠡᠯᠡ ᠮᠥᠩᠭᠥ ᠵᠢ ᠵᠢᠯ ᠳᠤᠮᠳᠠᠴᠢ᠎ᠪᠠᠷ 20 %᠎ᠠᠴᠠ ᠳᠡᠭᠡᠭᠰᠢ ᠨᠡᠮᠡᠭᠳᠡᠭᠦᠯᠵᠦ᠂ 56 ᠳ᠋ᠦᠩᠰᠢᠭᠤᠷ ᠲᠥᠭᠥᠷᠢᠭ᠎ᠲᠤ ᠬᠦᠷᠭᠡᠨ᠎ᠡ᠂ ᠡᠭᠦᠨ᠎ᠳᠤ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠯᠡ ᠣᠷᠣᠭᠤᠯᠤᠯᠲᠠ ᠵᠢ 170 ᠳ᠋ᠦᠩᠰᠢᠭᠤᠷ ᠲᠥᠭᠥᠷᠢᠭ᠎ᠲᠤ ᠬᠦᠷᠭᠡᠪᠡᠯ ᠰᠠᠶᠢ ᠡᠨᠡ ᠬᠦ᠌ ᠬᠠᠷᠠᠯᠲᠠ ᠵᠢ ᠪᠡᠶᠡᠯᠡᠭᠦᠯᠵᠦ ᠴᠢᠳᠠᠨ᠎ᠠ ᠃
ᠡᠯ᠎ᠡ ᠲᠥᠷᠥᠯ᠎ᠤᠨ ᠠᠵᠤ ᠠᠬᠤᠢ᠍ᠯᠠᠯ ᠦᠨᠡᠬᠡᠷ ᠣᠷᠣᠯᠴᠠᠨ᠎ᠠ
ᠪᠣᠭᠣᠮᠲᠠ ᠰᠢᠪᠲᠤᠯᠬᠤ ᠠᠵᠢᠯᠯᠠᠭ᠎ᠠ ᠵᠢᠨ ᠱᠠᠭ᠋ᠠᠷᠳᠠᠯᠭ᠎ᠠ᠄
ᠬᠡᠪᠴᠢᠶᠡᠵᠢᠯ᠎ᠠᠴᠠ ᠳᠡᠭᠡᠭᠰᠢᠬᠢ ᠠᠵᠤ ᠦᠢᠯᠡᠳᠪᠦᠷᠢ ᠵᠢᠨ ᠠᠵᠤ ᠠᠬᠤᠢ᠌ᠯᠠᠯ᠎ᠤᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠡᠭᠦᠯᠴᠢ ᠵᠢᠨ R % D ᠵᠢᠨ ᠣᠷᠣᠭᠤᠯᠤᠯᠲᠠ ᠵᠢᠨ ᠡᠵᠡᠩᠨᠡᠯᠲᠡ ᠵᠢᠨ ᠣᠷᠣᠯᠭ᠎ᠠ᠎ᠳᠤ ᠡᠵᠡᠯᠡᠬᠦ ᠬᠤᠪᠢ ᠵᠢᠨ ᠵᠢᠩ᠎ᠢ 1 . 5 %᠎ᠠᠴᠠ ᠳᠡᠭᠡᠭᠰᠢ᠎ᠳᠤ ᠬᠦᠷᠦᠭᠦᠯᠦᠨ᠎ᠡ ᠃
ᠮᠥᠩᠭᠥᠨ ᠭᠦᠢ᠍ᠯᠭᠡᠭᠡᠨ᠎ᠤ ᠬᠦᠷᠦᠡᠭᠭᠡ ᠵᠢ ᠳᠠᠭ᠋ᠠᠵᠤ ᠣᠷᠣᠬᠤ
ᠪᠣᠭᠣᠮᠲᠠ ᠰᠢᠪᠲᠤᠯᠬᠤ ᠠᠵᠢᠯᠯᠠᠭ᠎ᠠ ᠵᠢᠨ ᠱᠠᠭ᠋ᠠᠷᠳᠠᠯᠭ᠎ᠠ᠄
ᠡᠯ᠎ᠡ ᠱᠠᠲᠤᠨ᠎ᠤ ᠮᠥᠩᠭᠥᠨ ᠭᠦᠢ᠍ᠯᠭᠡᠭᠡᠨ᠎ᠤ ᠰᠠᠯᠠᠭ᠎ᠠ ᠮᠥᠴᠢᠷ᠂ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ᠎ᠨᠤᠭᠤᠳ ᠢᠲᠡᠭᠡᠮᠵᠢᠲᠦ ᠵᠢᠭᠡᠯᠡᠯᠭᠡ᠂ ᠪᠡᠯᠡ ᠲᠣᠬᠢᠷᠠᠭᠤᠯᠭ᠎ᠠ᠂ ᠳᠠᠭ᠋ᠠᠭ᠋ᠠᠯᠲᠠ ᠬᠢᠬᠦ᠂ ᠵᠠᠬ᠎ᠠ ᠳᠡᠯᠭᠡᠭᠦᠷ᠎ᠲᠤ ᠭᠠᠷᠭ᠋ᠠᠬᠤ ᠵᠡᠷᠭᠡ ᠲᠠᠯ᠎ᠠ᠎ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠪᠦᠷᠢᠨ ᠲᠡᠭᠦᠯᠳᠡᠷ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠥᠨ ᠭᠦᠢ᠍ᠯᠭᠡᠭᠡᠨ᠎ᠤ ᠰᠢᠰᠲ᠋ᠧᠮᠵᠢ ᠵᠢ ᠪᠣᠶ ᠪᠣᠯᠭ᠋ᠠᠵᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠪᠡᠯᠡ ᠮᠥᠩᠭᠥ ᠬᠦᠷᠦᠯᠴᠡᠬᠦ ᠦᠭᠡᠶ ᠪᠠᠢ᠌ᠭ᠎ᠠ ᠠᠰᠠᠭᠤᠳᠠᠯ᠎ᠢ ᠲᠠᠰᠤᠷᠠᠯᠲᠠ ᠤᠢ᠍ᠭᠡᠢ ᠰᠢᠢᠳᠪᠦᠷᠢᠯᠡᠬᠦ ᠬᠡᠷᠡᠭᠲᠡᠶ ᠃
ᠬᠥᠲᠥᠯᠥᠨ ᠵᠢᠯᠣᠭᠣᠳᠴᠤ ᠤᠷᠮᠠᠰᠢᠭᠤᠯᠬᠤ ᠠᠷᠭ᠎ᠠ ᠬᠡᠮᠵᠢᠶ᠎ᠡ᠎ᠨᠢ ᠭᠣᠤᠯ ᠲᠤᠯᠭ᠋ᠠᠭᠤᠷᠢ
ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠵᠢ ᠳᠡᠮᠵᠢᠨ᠎ᠡ ᠃ᠠᠵᠤ ᠠᠬᠤᠢ᠌ᠯᠠᠯ ᠵᠶ᠋ᠠᠷ ᠲᠦᠷᠦᠭᠦᠯᠡᠭᠦᠯᠦᠨ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠤᠶᠠᠯᠳᠤᠭᠤᠯᠵᠤ᠂ ᠰᠢᠨ᠎ᠡ ᠵᠢ ᠡᠭᠦᠳᠬᠦ ᠬᠣᠯᠪᠣᠭ᠋ᠠᠲᠤ ᠴᠣᠭᠴᠠ ᠵᠢ ᠪᠠᠢ᠌ᠭᠤᠯᠤᠨ᠎ᠠ;
ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠭᠣᠤᠯᠳᠠᠯᠭ᠎ᠠ᠎ᠲᠠᠢ ᠲᠥᠷᠥᠯ ᠵᠦᠢᠯ ᠵᠶ᠋ᠡᠷ ᠠᠵᠤ ᠠᠬᠤᠢ᠌ᠯᠠᠯ᠎ᠢ ᠳᠡᠮᠵᠢᠬᠦ ᠬᠠᠷᠢᠴᠠᠯ᠎ᠢ 60 %᠎ᠠᠴᠠ ᠳᠡᠭᠡᠭᠰᠢ᠎ᠳᠤ ᠬᠦᠷᠦᠭᠦᠯᠬᠦ ᠬᠡᠷᠡᠭᠲᠡᠶ;
ᠠᠵᠤ ᠠᠬᠤᠢ᠌ᠯᠠᠯ᠎ᠤᠨ ᠡᠭᠦᠷᠭᠡᠯᠡᠵᠦ ᠪᠠᠢ᠌ᠭ᠎ᠠ ᠤᠯᠤᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠦᠢ᠍ᠯᠡᠰ᠎ᠲᠤ ᠢᠵᠢ ᠪᠦᠷᠢᠳᠦᠬᠦᠯᠬᠦ ᠳᠡᠮᠵᠢᠯᠭᠡ ᠦᠵᠡᠭᠦᠯᠦᠨ᠎ᠡ;
ᠠᠵᠤ ᠠᠬᠤᠢ᠌ᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ᠎ᠳᠤ ᠡᠳ᠋᠎ᠤᠨ ᠵᠠᠰᠠᠭ᠎ᠤᠨ ᠳᠠᠷᠠᠭ᠋ᠠᠬᠢ ᠨᠥᠬᠥᠪᠥᠷᠢ ᠵᠢᠨ ᠳᠡᠮᠵᠢᠯᠭᠡ ᠦᠵᠡᠭᠦᠯᠦᠨ᠎ᠡ ᠃
ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠢ ᠶᠡᠬᠡᠪᠡᠷ ᠪᠣᠢ᠌ᠵᠢᠭᠤᠯᠤᠨ᠎ᠠ ᠃ᠠᠩᠬ᠎ᠠ ᠤᠳᠠᠭ᠎ᠠ ᠵᠥᠪᠰᠢᠶᠡᠷᠡᠯ ᠣᠯᠤᠭᠰᠠᠨ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠳᠤ 30 ᠲᠦᠮᠡᠨ ᠲᠥᠭᠥᠷᠢᠭ᠎ᠤᠨ ᠱᠠᠩᠨᠠᠯ ᠣᠯᠭᠣᠨ᠎ᠠ;
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠡᠮᠳᠡᠭᠲᠦ ᠵᠢᠨ ᠨᠥᠬᠥᠪᠥᠷᠢ ᠵᠢ ᠬᠡᠷᠡᠭᠵᠢᠭᠦᠯᠦᠨ᠎ᠡ;
ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠦᠢ᠍ᠯᠡᠴᠢᠯᠡᠭᠡ ᠬᠤᠳᠠᠯᠳᠤᠨ ᠠᠪᠬᠤ ᠵᠢ ᠵᠣᠷᠢᠭᠵᠢᠭᠤᠯᠤᠨ᠎ᠠ
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠷᠥᠯ ᠵᠦᠢᠯ᠎ᠤᠨ ᠪᠦᠷᠢᠯᠳᠦᠬᠦ ᠲᠣᠭᠲᠠᠴᠠ ᠵᠢ ᠥᠭᠡᠷᠡᠴᠢᠯᠡᠨ᠎ᠡ ᠃ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠦᠢ᠍ᠯᠡᠰ᠎ᠢ ᠲᠣᠭᠲᠠᠭ᠋ᠠᠬᠤ ᠪᠠ ᠵᠣᠬᠢᠶᠠᠨ ᠪᠠᠢ᠌ᠭᠤᠯᠵᠤ ᠬᠠᠮᠢᠶᠠᠷᠬᠤ ᠠᠷᠭ᠎ᠠ ᠮᠠᠶᠢᠭ᠎ᠢ ᠥᠭᠡᠷᠡᠴᠢᠯᠡᠨ᠎ᠡ;
《ᠰᠠᠮᠪᠠᠷ᠎ᠠ ᠰᠡᠬᠦᠵᠦ ᠮᠠᠩᠯᠠᠢ᠌ᠯᠠᠭᠤᠯᠬᠤ》 ᠵᠦᠢ᠍ᠯᠡᠰ᠎ᠢ ᠡᠬᠢᠯᠡᠭᠦᠯᠪᠡ;
ᠤᠯᠤᠰ᠎ᠤᠨ ᠳᠣᠲᠣᠭ᠋ᠠᠳᠤ ᠵᠢᠨ ᠲᠡᠷᠢᠭᠦᠨ᠎ᠤ ᠰᠢᠨ᠎ᠡ ᠵᠢ ᠡᠭᠦᠳᠬᠦ ᠪᠦᠯᠬᠦᠮ ᠨᠡᠢ᠌ᠲᠡ ᠵᠢ ᠬᠥᠲᠥᠯᠥᠨ ᠵᠢᠯᠣᠭᠣᠳᠴᠤ ᠪᠠᠢ᠌ᠭ᠋ᠠᠳ ᠮᠠᠨ᠎ᠤ ᠣᠷᠣᠨ᠎ᠤ ᠠᠵᠤ ᠠᠬᠤᠢ᠌ᠯᠠᠯ᠂ ᠠᠵᠤ ᠦᠢᠯᠡᠰ᠎ᠤᠨ ᠬᠥᠭᠵᠢᠯᠲᠡ ᠵᠢᠨ ᠴᠢᠬᠤᠯᠠ ᠶᠡᠬᠡ ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠨ᠎ᠡ ᠃
ᠰᠢᠨ᠎ᠡ ᠵᠢ ᠡᠭᠦᠳᠬᠦ ᠲᠠᠪᠴᠠᠩ᠎ᠤᠨ ᠠᠴᠢᠶᠠᠯᠠᠪᠤᠷᠢ ᠵᠢᠨ ᠪᠠᠢ᠌ᠷᠢᠰᠢᠭᠤᠯᠤᠯᠲᠠ ᠵᠢ ᠰᠢᠯᠢᠳᠡᠭᠵᠢᠭᠦᠯᠦᠨ᠎ᠡ ᠃ᠤᠯᠤᠰ᠎ᠤᠨ ᠪᠠᠢ᠌ᠯᠳᠤᠬᠤ ᠪᠣᠳᠣᠯᠭ᠎ᠠ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠦᠴᠦᠨ᠎ᠢ ᠪᠣᠢ᠌ᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ ᠳᠡᠭᠡᠭᠰᠢᠯᠡᠭᠦᠯᠬᠦ ᠵᠢ ᠳᠠᠢ᠌ᠴᠢᠯᠠᠨ᠎ᠠ;
ᠭᠣᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠂ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠵᠡᠷᠭᠡ ᠲᠠᠪᠴᠠᠩ᠎ᠤᠨ ᠪᠦᠲᠦᠭᠡᠨ ᠪᠠᠢ᠌ᠭᠤᠯᠤᠯᠲᠠ ᠬᠥᠭᠵᠢᠯᠲᠡ ᠵᠢ ᠶᠡᠬᠡᠪᠡᠷ ᠳᠡᠮᠵᠢᠬᠦ ᠬᠡᠷᠡᠭᠲᠡᠶ;
《ᠭᠤᠷᠪᠠᠨ ᠣᠷᠣᠨ ᠬᠣᠶᠠᠷ ᠲᠥᠪ》᠎ᠢ ᠢᠳᠡᠪᠬᠢᠲᠡᠢ ᠴᠣᠭᠴᠠᠯᠠᠨ᠎ᠠ;
ᠣᠢ᠌ᠷ᠎ᠠ ᠵᠢᠨ ᠬᠣᠶᠠᠷ ᠵᠢᠯ᠎ᠳᠤ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ ᠣᠷᠣᠨ ᠪᠦᠰᠡ ᠵᠢᠨ ᠰᠢᠨ᠎ᠡ ᠵᠢ ᠡᠭᠦᠳᠬᠦ ᠥᠨᠳᠥᠷᠯᠢᠭ᠎ᠢ ᠪᠠᠢ᠌ᠭᠤᠯᠬᠤ ᠲᠠᠯ᠎ᠠ᠎ᠪᠠᠷ ᠨᠢᠭᠡᠨᠲᠡ 15 . 2 ᠳ᠋ᠦᠩᠰᠢᠭᠤᠷ ᠲᠥᠭᠥᠷᠢᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠳᠠᠯ ᠣᠷᠣᠭᠤᠯᠵᠤ᠂ 40 ᠭᠠᠷᠤᠶ ᠳ᠋ᠦᠩᠰᠢᠭᠤᠷ ᠲᠥᠭᠥᠷᠢᠭ᠎ᠤᠨ ᠪᠥᠬᠥ ᠨᠡᠢ᠌ᠭᠡᠮ᠎ᠤᠨ ᠣᠷᠣᠭᠤᠯᠤᠯᠲᠠ ᠵᠢ ᠪᠦᠲᠦᠮᠵᠢᠲᠡᠶ ᠳᠠᠢ᠌ᠴᠢᠯᠠᠪᠠ ᠃
ᠨᠡᠭᠡᠭᠡᠯᠲᠡ ᠬᠢᠵᠦ ᠬᠠᠮᠲᠤᠷᠠᠯᠴᠠᠬᠤ ᠶᠡᠬᠡ ᠪᠠᠢ᠌ᠷᠢᠰᠢᠯ
ᠢ ᠴᠣᠭᠴᠠᠯᠠᠨ ᠪᠠᠢ᠌ᠭᠤᠯᠤᠶ᠎ᠠ ᠃《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠶᠡᠬᠡᠪᠡᠷ ᠬᠡᠷᠡᠭᠵᠢᠭᠦᠯᠵᠦ᠂ ᠨᠡᠭᠡᠭᠡᠯᠲᠡ ᠬᠢᠵᠦ ᠬᠠᠮᠲᠤᠷᠠᠯᠴᠠᠨ ᠰᠢᠨ᠎ᠡ ᠵᠢ ᠡᠭᠦᠳᠬᠦ ᠵᠢ ᠪᠠᠷᠢᠮᠲᠠᠯᠠᠨ᠎ᠠ;
ᠤᠯᠤᠰ᠎ᠤᠨ ᠲᠠᠰ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠢ᠌ᠭᠤᠯᠤᠮᠵᠢ ᠪᠣᠯᠤᠨ ᠬᠣᠤᠰ ᠲᠡᠷᠢᠭᠦᠨ ᠲᠠᠰ᠎ᠤᠨ ᠶᠡᠬᠡ ᠰᠤᠷᠭ᠋ᠠᠭᠤᠯᠢ ᠵᠢᠨ ᠮᠠᠨ᠎ᠤ ᠣᠷᠣᠨ᠎ᠳᠤ ᠢᠷᠡᠵᠦ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ ᠪᠠᠢ᠌ᠭᠤᠯᠬᠤ ᠵᠢ ᠵᠣᠷᠢᠭᠵᠢᠭᠤᠯᠵᠤ᠂ ᠠᠵᠢᠯᠯᠠᠭ᠋ᠠᠨ᠎ᠨᠢ ᠰᠠᠢ᠌ᠨ᠂ ᠦᠢᠯᠡᠳᠦᠯ᠎ᠨᠢ ᠰᠠᠢ᠌ᠨ ᠰᠢᠨ᠎ᠡ ᠬᠡᠯᠪᠡᠷᠢ ᠵᠢᠨ ᠰᠤᠳᠤᠯᠤᠨ ᠨᠡᠭᠡᠭᠡᠬᠦ ᠪᠠᠢ᠌ᠭᠤᠯᠤᠮᠵᠢ᠎ᠳᠤ 1000 ᠲᠦᠮᠡᠨ ᠲᠥᠭᠥᠷᠢᠭ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠵᠠᠷᠤᠳᠠᠯ᠎ᠤᠨ ᠳᠡᠮᠵᠢᠯᠭᠡ ᠦᠵᠡᠭᠦᠯᠵᠦ ᠪᠣᠯᠤᠨ᠎ᠠ ᠃
ᠠᠩᠬᠠᠨ᠎ᠤ ᠪᠦᠯᠦᠭ ᠰᠠᠮᠪᠠᠷ᠎ᠠ ᠰᠡᠬᠦᠵᠦ ᠮᠠᠩᠯᠠᠢ᠌ᠯᠠᠭᠰᠠᠨ ᠲᠥᠷᠥᠯ ᠵᠦᠢᠯ᠎ᠤᠨ ᠨᠡᠷᠡᠰ᠎ᠤᠨ ᠵᠢᠭᠰᠠᠭ᠋ᠠᠯᠲᠠ ᠵᠢ ᠨᠡᠢ᠌ᠲᠡᠯᠡᠪᠡ ᠃ᠤᠯᠤᠰ ᠳᠠᠶᠠᠭ᠋ᠠᠷ ᠡᠷᠳᠡᠮᠲᠡᠨ ᠴᠢᠳᠠᠪᠤᠷᠢᠲᠠᠨ᠎ᠢ ᠰᠣᠩᠭᠣᠨ ᠬᠡᠷᠡᠭᠯᠡᠬᠦ ᠃ᠲᠦᠷᠦᠭᠦᠦ ᠪᠦᠯᠦᠭ᠎ᠤᠨ ᠨᠡᠷᠡᠰ᠎ᠤᠨ ᠵᠢᠭᠰᠠᠭ᠋ᠠᠯᠲᠠ᠎ᠳᠤ ᠨᠡᠢ᠍ᠢ᠍ᠳᠡ 15 ᠵᠦᠢ᠍ᠯ ᠪᠠᠢ᠌ᠵᠤ᠂ ᠪᠦᠬᠦᠨ᠎ᠢ ᠠᠵᠤ ᠠᠬᠤᠢ᠌ᠯᠠᠯ ᠭᠣᠣᠯᠯᠠᠨ ᠳᠤᠷᠠᠳᠴᠤ᠂ ᠵᠠᠷᠤᠳᠠᠯ᠎ᠤᠨ ᠶᠡᠷᠦᠩᠬᠡᠢ ᠲᠥᠰᠦᠪ 2 . 7 ᠳ᠋ᠦᠩᠰᠢᠭᠤᠷ ᠲᠥᠭᠥᠷᠢᠭ᠎ᠲᠤ ᠬᠦᠷᠴᠡᠢ ᠃ ᠨᠡᠷᠡᠰ᠎ᠤᠨ ᠵᠢᠭᠰᠠᠭ᠋ᠠᠯᠲᠠ ᠵᠢᠨ ᠲᠥᠷᠥᠯ ᠵᠦᠢᠯ ᠪᠣᠯ ᠵᠠᠭᠤ ᠭᠠᠷᠤᠶ ᠵᠦᠢᠯ᠎ᠤᠨ ᠴᠢᠬᠤᠯᠠ ᠶᠡᠬᠡ ᠬᠡᠷᠡᠭᠴᠡᠭᠡ ᠱᠠᠭ᠋ᠠᠷᠳᠠᠯᠭ᠎ᠠ ᠵᠢᠨ ᠳᠤᠮᠳᠠ᠎ᠠᠴᠠ ᠰᠢᠯᠢᠨ ᠰᠣᠩᠭᠣᠵᠤ ᠪᠣᠶ ᠪᠣᠯᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠎ᠠᠴᠠ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠢ᠌ᠭᠤᠯᠤᠨ ᠨᠤᠲᠠᠯᠠᠵᠤ᠂ ᠲᠤᠬᠠᠶ ᠵᠢᠨ ᠲᠠᠯᠠᠪᠠᠶ᠎ᠳᠤ ᠰᠢᠨᠵᠢᠯᠡᠨ ᠪᠠᠢ᠌ᠴᠠᠭ᠋ᠠᠵᠤ᠂ ᠦᠢᠯᠡᠴᠢᠯᠡᠵᠦ ᠵᠢᠯᠣᠭᠣᠳᠤᠭᠰᠠᠨ᠎ᠤ ᠳᠠᠷᠠᠭ᠎ᠠ ᠡᠴᠦᠰ᠎ᠲᠡᠭᠡᠨ ᠠᠪᠰᠠᠷᠬᠠᠨ ᠵᠶ᠋ᠠᠷ ᠪᠣᠶ ᠪᠣᠯᠤᠭᠰᠠᠨ ᠶᠤᠮ ᠃
ᠲᠦᠷᠦᠯ ᠵᠦᠢ᠍ᠯ᠎ᠤᠨ ᠶᠡᠷᠦᠩᠬᠡᠢ ᠪᠣᠭᠣᠮᠲᠠ ᠰᠢᠪᠲᠤᠯᠬᠤ ᠬᠦᠴᠢᠷᠳᠡᠯ ᠶᠡᠬᠡ᠂ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠶᠡᠬᠡ᠂ ᠵᠥᠪᠬᠡᠨ ᠠᠵᠤ ᠠᠬᠤᠢ᠌ᠯᠠᠯ᠎ᠤᠨ ᠲᠤᠰ ᠪᠡᠶ᠎ᠡ ᠴᠢᠨᠠᠭᠰᠢᠯᠠᠪᠠᠯ ᠣᠷᠣᠨ᠎ᠤ ᠳᠣᠲᠣᠷᠠᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠴᠦᠨ᠎ᠳᠤ ᠲᠦᠰᠢᠭᠯᠡᠪᠡᠯ ᠰᠢᠢ᠍ᠳᠪᠦᠷᠢᠯᠡᠬᠦ᠎ᠳᠤ ᠪᠡᠷᠬᠡ ᠶᠤᠮ᠂ ᠡᠷᠬᠡᠪᠰᠢ ᠪᠦᠬᠦ ᠤᠯᠤᠰ᠎ᠲᠤ ᠬᠠᠨᠳᠤᠭᠤᠯᠤᠨ ᠢᠯᠡ᠎ᠪᠠᠷ ᠵᠠᠷ ᠨᠠᠭ᠋ᠠᠵᠤ ᠮᠡᠷᠭᠡᠳ᠎ᠢ ᠡᠯᠰᠡᠵᠦ᠂ ᠤᠯᠤᠰ᠎ᠤᠨ ᠳᠣᠲᠣᠭ᠋ᠠᠳᠤ ᠵᠢᠨ ᠬᠠᠮᠤᠭ᠎ᠤᠨ ᠪᠣᠳᠠᠲᠤ ᠬᠦᠴᠦᠨ᠎ᠲᠠᠢ ᠰᠤᠳᠤᠯᠤᠨ ᠨᠡᠭᠡᠭᠡᠬᠦ ᠪᠦᠯᠬᠦᠮ᠎ᠢ ᠤᠷᠢᠵᠤ ᠵᠠᠷ ᠨᠠᠭ᠋ᠠᠵᠤ ᠪᠣᠭᠣᠮᠲᠠ ᠰᠢᠪᠲᠤᠯᠵᠤ᠂ ᠠᠵᠤ ᠦᠢ᠍ᠯᠡᠰ᠎ᠤᠨ ᠬᠥᠭᠵᠢᠯᠲᠡ ᠵᠢᠨ ᠪᠣᠳᠠᠲᠠᠢ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ ᠃
ᠴᠢᠬᠤᠯᠠ ᠶᠡᠬᠡ ᠲᠥᠷᠥᠯ ᠵᠦᠢ᠍ᠯ᠎ᠢ ᠵᠣᠬᠢᠶᠠᠨ ᠪᠠᠢ᠌ᠭᠤᠯᠵᠤ ᠬᠠᠮᠢᠶᠠᠷᠬᠤ ᠲᠣᠭᠲᠠᠴᠠ ᠵᠢᠨ ᠥᠭᠡᠷᠡᠴᠢᠯᠡᠯᠲᠡ
《ᠭᠤᠷᠪᠠᠨ ᠰᠢᠨ᠎ᠡ》 ᠵᠢ ᠢᠯᠡᠷᠡᠭᠦᠯᠬᠦ
ᠲᠣᠭᠲᠠᠴᠠ ᠪᠦᠷᠢᠯᠳᠦᠬᠦ 《ᠰᠢᠨ᠎ᠡ》
《ᠵᠠᠰᠠᠭ᠎ᠤᠨ ᠣᠷᠳᠣᠨ ᠰᠡᠳᠦᠪ ᠭᠠᠷᠭ᠋ᠠᠬᠤ᠂ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ ᠬᠦᠷᠢᠶᠡᠯᠡᠩ ᠭᠠᠵᠠᠷ ᠰᠡᠳᠦᠪ ᠵᠠᠳᠠᠯᠬᠤ》 ᠪᠣᠭᠣᠮᠲᠠ ᠰᠢᠪᠲᠤᠯᠬᠤ ᠵᠠᠭᠪᠤᠷ᠎ᠠᠴᠠ ᠢᠯᠭ᠋ᠠᠭ᠎ᠠ᠎ᠲᠠᠢ ᠪᠠᠢ᠌ᠵᠤ᠂ 《ᠵᠠᠷᠯᠠᠯ ᠨᠡᠢ᠌ᠲᠡᠯᠡᠵᠦ ᠮᠠᠩᠯᠠᠢ᠌ᠯᠠᠭᠤᠯᠬᠤ》 ᠲᠥᠷᠥᠯ ᠵᠦᠢᠯ᠎ᠳᠤ 《ᠠᠵᠤ ᠠᠬᠤᠢ᠌ᠯᠠᠯ ᠰᠡᠳᠦᠪ ᠭᠠᠷᠭ᠋ᠠᠬᠤ᠂ ᠴᠢᠳᠠᠪᠤᠷᠢᠲᠠᠨ ᠰᠡᠳᠦᠪ ᠵᠠᠳᠠᠯᠬᠤ》 ᠪᠣᠭᠣᠮᠲᠠ ᠰᠢᠪᠲᠤᠯᠬᠤ ᠵᠠᠭᠪᠤᠷ᠎ᠢ ᠬᠡᠷᠡᠭᠵᠢᠭᠦᠯᠦᠨ᠎ᠡ ᠃ ᠵᠠᠬ᠎ᠠ ᠳᠡᠯᠭᠡᠭᠦᠷ ᠶᠠᠮᠠᠷ ᠶᠠᠩᠵᠤ ᠵᠢᠨ ᠰᠢᠨ᠎ᠡ ᠵᠢ ᠡᠭᠦᠳᠬᠦ ᠵᠢ ᠱᠠᠭ᠋ᠠᠷᠳᠠᠬᠤ᠂ ᠠᠵᠤ ᠠᠬᠤᠢ᠌ᠯᠠᠯ ᠬᠠᠮᠤᠭ᠎ᠤᠨ ᠲᠣᠳᠣᠷᠬᠠᠶ ᠮᠡᠳᠡᠬᠦ᠂ ᠠᠵᠤ ᠦᠢᠯᠡᠰ᠎ᠤᠨ ᠬᠥᠭᠵᠢᠯᠲᠡ ᠵᠢᠨ 《ᠪᠣᠭᠣᠮᠢ》 ᠮᠡᠷᠭᠡᠵᠢᠯ᠎ᠢ ᠪᠣᠳᠠᠲᠠᠶ ᠬᠡᠷᠡᠭᠯᠡᠭᠡᠨ᠎ᠤ ᠲᠠᠯ᠎ᠠ᠎ᠠᠴᠠ ᠳᠤᠷᠠᠳᠤᠨ᠎ᠠ᠂ ᠬᠡᠷᠪᠡ ᠠᠵᠤ ᠠᠬᠤᠢ᠌ᠯᠠᠯ᠎ᠨᠢ ᠲᠣᠰ ᠪᠡᠶ᠎ᠡ ᠪᠤᠶᠤ ᠣᠷᠣᠨ᠎ᠤ ᠳᠣᠲᠣᠷᠠᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠴᠦᠨ᠎ᠳᠡᠭᠡᠨ ᠲᠦᠰᠢᠭᠯᠡᠨ ᠰᠢᠢᠳᠪᠦᠷᠢᠯᠡᠬᠦ᠎ᠳᠤ ᠪᠡᠷᠬᠡ ᠪᠠᠢ᠌ᠪᠠᠯ᠂ 《ᠵᠠᠷᠯᠠᠯ ᠨᠡᠢ᠌ᠲᠡᠯᠡᠵᠦ ᠮᠠᠩᠯᠠᠢ᠌ᠯᠠᠭᠤᠯᠬᠤ》 ᠠᠷᠭ᠎ᠠ ᠬᠡᠯᠪᠡᠷᠢ᠎ᠪᠠᠷ ᠪᠥᠬᠥ ᠤᠯᠤᠰ᠎ᠲᠤ ᠬᠠᠨᠳᠤᠭᠤᠯᠤᠨ ᠰᠤᠳᠤᠯᠤᠨ ᠨᠡᠭᠡᠭᠡᠬᠦ ᠪᠦᠯᠬᠦᠮ ᠨᠡᠢ᠌ᠲᠡ ᠵᠢ ᠰᠢᠯᠢᠨ ᠰᠣᠩᠭᠣᠵᠤ ᠰᠢᠢᠳᠪᠦᠷᠢᠯᠡᠵᠦ ᠪᠣᠯᠤᠨ᠎ᠠ ᠃ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ 《ᠰᠡᠳᠦᠪ ᠭᠠᠷᠭ᠋ᠠᠭᠰᠠᠨ ᠲᠠᠯ᠎ᠠ》᠎ᠪᠠᠨ 《ᠦᠢ᠍ᠯᠡᠴᠢᠯᠡᠬᠦ ᠲᠠᠯ᠎ᠠ》 ᠪᠣᠯᠭ᠋ᠠᠨ ᠬᠤᠪᠢᠷᠠᠭᠤᠯᠵᠤ᠂ ᠭᠣᠣᠯᠳᠠᠭᠤ ᠴᠢᠭᠯᠡᠯ᠎ᠢ ᠡᠵᠡᠮᠳᠡᠬᠦ᠂ ᠲᠠᠪᠴᠠᠩ ᠪᠠᠢ᠌ᠭᠤᠯᠬᠤ᠂ ᠦᠢ᠍ᠯᠡᠴᠢᠯᠡᠭᠡ ᠵᠢ ᠴᠢᠩᠭ᠋ᠠᠳᠬᠠᠬᠤ᠂ ᠬᠠᠮᠲᠤᠷᠠᠯᠴᠠᠭ᠎ᠠ ᠵᠢ ᠠᠬᠢᠭᠤᠯᠬᠤ ᠵᠡᠷᠭᠡ ᠲᠠᠯ᠎ᠠ᠎ᠪᠠᠷ ᠦᠢ᠍ᠯᠡᠳᠦᠯ ᠵᠶ᠋ᠡᠨ ᠪᠠᠳᠠᠷᠠᠭᠤᠯᠪᠠ ᠃
ᠳᠡᠮᠵᠢᠬᠦ ᠬᠡᠯᠪᠡᠷᠢ 《ᠰᠢᠨ᠎ᠡ》
ᠵᠠᠷᠯᠠᠯ ᠨᠡᠢ᠌ᠲᠡᠯᠡᠬᠦ ᠲᠦᠷᠢᠮ᠎ᠨᠢ ᠠᠵᠤ ᠠᠬᠤᠢ᠌ᠯᠠᠯ᠎ᠤᠨ ᠰᠢᠨ᠎ᠡ ᠵᠢ ᠡᠭᠦᠳᠬᠦ ᠭᠣᠤᠯ ᠴᠣᠭᠴᠠ ᠵᠢᠨ ᠪᠠᠢ᠌ᠷᠢ ᠰᠠᠭᠤᠷᠢ ᠵᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠲᠥᠷᠥᠯ ᠵᠦᠢᠯ᠎ᠤᠨ ᠬᠡᠷᠡᠭᠴᠡᠭᠡ ᠱᠠᠭ᠋ᠠᠷᠳᠠᠯᠭ᠎ᠠ ᠵᠢᠨ ᠭᠣᠤᠯ ᠴᠣᠭᠴᠠ᠎ᠨᠢ ᠠᠵᠤ ᠠᠬᠤᠢ᠌ᠯᠠᠯ ᠪᠣᠯᠤᠨ᠎ᠠ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠭᠣᠤᠯ ᠴᠣᠭᠴᠠ᠎ᠨᠢ ᠴᠦ᠍ ᠠᠵᠤ ᠠᠬᠤᠢ᠌ᠯᠠᠯ ᠪᠣᠯᠤᠨ᠎ᠠ ᠃ 《ᠵᠠᠷᠯᠠᠯ ᠨᠡᠢ᠌ᠲᠡᠯᠡᠵᠦ ᠮᠠᠩᠯᠠᠢ᠌ᠯᠠᠭᠤᠯᠬᠤ》 ᠲᠥᠷᠥᠯ ᠵᠦᠢᠯ᠎ᠤᠨ ᠰᠤᠳᠤᠯᠤᠨ ᠨᠡᠭᠡᠭᠡᠬᠦ ᠪᠠᠯᠠ ᠮᠥᠩᠭᠥ ᠵᠢᠨ ᠪᠠᠲᠤᠯᠠᠭ᠎ᠠ᠎ᠨᠢ ᠠᠵᠤ ᠠᠬᠤᠢ᠌ᠯᠠᠯ᠎ᠠᠴᠠ ᠪᠠᠯᠠ ᠮᠥᠩᠭᠥ ᠬᠠᠩᠭ᠋ᠠᠬᠤ᠎ᠪᠠᠷ ᠭᠣᠤᠯ ᠪᠣᠯᠭ᠋ᠠᠵᠤ᠂ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠯᠠ ᠮᠥᠩᠭᠥ᠎ᠠᠴᠠ ᠠᠵᠤ ᠠᠬᠤᠢ᠌ᠯᠠᠯ᠎ᠳᠤ ᠵᠣᠬᠢᠬᠤ ᠨᠥᠬᠥᠪᠥᠷᠢ ᠣᠯᠭᠣᠨ᠎ᠠ ᠃ ᠮᠡᠷᠭᠡᠵᠢᠯ᠎ᠤᠨ ᠪᠣᠭᠣᠮᠲᠠ ᠰᠢᠪᠲᠤᠯᠬᠤ ᠲᠥᠷᠥᠯ ᠵᠶ᠋ᠡᠷ ᠵᠢᠱ᠌ᠢᠶᠡᠯᠡᠪᠡᠯ᠂ ᠵᠠᠷᠯᠠᠬᠤ ᠡᠲᠡᠭᠡᠳ᠎ᠨᠢ ᠬᠡᠯᠡᠯᠴᠡᠭᠡᠷ᠎ᠲᠤ ᠪᠣᠯᠵᠣᠨ ᠲᠣᠭᠲᠠᠭᠰᠠᠨ ᠶᠣᠰᠣᠭ᠋ᠠᠷ ᠵᠠᠷᠯᠠᠬᠤ ᠡᠲᠡᠭᠡᠳ᠎ᠤᠨ ᠪᠠᠯᠠ ᠮᠥᠩᠭᠥ ᠵᠢ ᠰᠠᠯᠭ᠋ᠠᠨ ᠥᠭᠭᠦᠭᠰᠡᠨ᠎ᠤ ᠳᠠᠷᠠᠭ᠎ᠠ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠯᠠ ᠮᠥᠩᠭᠥ᠎ᠠᠴᠠ 30 % ᠵᠢᠨ ᠨᠥᠬᠥᠪᠥᠷᠢ ᠣᠯᠭᠣᠵᠤ᠂ ᠬᠠᠮᠤᠭ᠎ᠤᠨ ᠥᠨᠳᠥᠷ᠎ᠲᠡᠭᠡᠨ 1000 ᠲᠦᠮᠡᠨ ᠲᠥᠭᠥᠷᠢᠭ ᠣᠯᠭᠣᠨ᠎ᠠ᠂ ᠣᠨᠴᠠ ᠴᠢᠬᠤᠯᠠ ᠪᠠᠢ᠌ᠪᠠᠯ ᠪᠠᠰᠠ ᠠᠰ ᠠᠰ ᠵᠶ᠋ᠠᠷ᠎ᠨᠢ ᠵᠥᠪᠯᠡᠬᠦ ᠠᠷᠭ᠎ᠠ ᠮᠠᠶᠢᠭ ᠵᠶ᠋ᠠᠷ ᠳᠡᠮᠵᠢᠬᠦ ᠲᠣᠭ᠎ᠠ ᠬᠡᠮᠵᠢᠶ᠎ᠡ ᠵᠢ ᠲᠣᠭᠲᠠᠭ᠋ᠠᠵᠤ ᠪᠣᠯᠤᠨ᠎ᠠ ᠃
ᠬᠠᠮᠢᠶᠠᠷᠤᠯᠲᠠ ᠵᠢᠨ ᠠᠷᠭ᠎ᠠ ᠮᠠᠶᠢᠭ 《ᠰᠢᠨ᠎ᠡ》
ᠵᠠᠷᠯᠠᠯ ᠨᠡᠢ᠌ᠲᠡᠯᠡᠬᠦ ᠳᠦᠷᠢᠮ᠎ᠤᠨ ᠣᠨᠴᠠᠯᠢᠭ ᠪᠣᠯ 《ᠬᠡᠨ᠎ᠨᠢ ᠬᠢᠵᠦ ᠳᠡᠢ᠌ᠯᠪᠡᠯ ᠲᠡᠷᠡ᠎ᠨᠢ ᠬᠢᠵᠦ》᠂ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠲᠣᠭᠲᠠᠴᠠ᠎ᠳᠤ ᠥᠭᠡᠷᠡᠴᠢᠯᠡᠯᠲᠡ ᠬᠢᠬᠦ ᠶᠠᠪᠤᠳᠠᠯ ᠪᠣᠯᠤᠨ᠎ᠠ ᠃ ᠨᠢᠭᠡ᠎ᠳᠤ ᠣᠳᠣ ᠵᠢᠨ ᠪᠠᠢ᠌ᠭ᠎ᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠥᠷᠥᠯ ᠵᠦᠢ᠍ᠯ᠎ᠢ ᠵᠥᠪᠬᠡᠨ ᠥᠪᠡᠷᠲᠡᠭᠡᠨ ᠵᠠᠰᠠᠬᠤ ᠣᠷᠣᠨ᠎ᠤ ᠨᠢᠭᠡᠴᠡ ᠵᠢᠨ ᠡᠭᠦᠷᠭᠡᠯᠡᠬᠦ ᠲᠣᠭᠲᠠᠴᠠ᠎ᠠᠴᠠ ᠳᠠᠪᠠᠭᠤᠯᠵᠤ᠂ ᠪᠦᠬᠦ ᠤᠯᠤᠰ᠎ᠠᠴᠠ ᠡᠯᠰᠡᠨ ᠵᠠᠷᠯᠠᠬᠤ ᠨᠢᠭᠡᠴᠡ ᠵᠢ ᠡᠯᠰᠡᠨ᠎ᠡ; ᠬᠣᠶᠠᠷ᠎ᠲᠤ᠂ ᠨᠥᠬᠥᠴᠡᠯ ᠳᠤᠷᠠᠳᠬᠤ ᠥᠬᠡᠶ ᠪᠠᠢ᠌ᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠨᠢ ᠰᠠᠮᠪᠠᠷ᠎ᠠ᠎ᠳᠤ ᠨᠡᠢ᠌ᠲᠡᠯᠡᠭᠰᠡᠨ ᠨᠢᠭᠡᠴᠡ᠎ᠳᠤ ᠳᠠᠩᠰᠠᠯᠠᠭᠤᠯᠬᠤ ᠴᠠᠭ᠎ᠤᠨ ᠱᠠᠭ᠋ᠠᠷᠳᠠᠯᠭ᠎ᠠ ᠥᠬᠡᠶ᠂ ᠰᠠᠮᠪᠠᠷ᠎ᠠ᠎ᠳᠤ ᠨᠡᠢ᠌ᠲᠡᠯᠡᠭᠰᠡᠨ ᠪᠦᠯᠬᠦᠮ᠎ᠤᠨ ᠬᠠᠷᠢᠭᠤᠴᠠᠯᠭ᠋ᠠᠲᠠᠨ᠎ᠳᠤ ᠰᠤᠷᠤᠯᠭ᠎ᠠ ᠵᠢᠨ ᠨᠠᠮᠲᠠᠷ ᠪᠠ ᠮᠡᠷᠭᠡᠵᠢᠯ᠎ᠤᠨ ᠴᠣᠯᠠ ᠣᠯᠭᠣᠬᠤ ᠵᠡᠷᠭᠡ ᠬᠢᠵᠠᠭ᠋ᠠᠷᠯᠠᠯ ᠪᠠᠢ᠌ᠬᠤ ᠥᠬᠡᠶ ᠭᠡᠵᠦ ᠴᠢᠬᠤᠯᠠᠴᠢᠯᠠᠪᠠ; ᠭᠤᠷᠪᠠ᠎ᠳᠤ᠂ ᠢᠲᠡᠭᠡᠮᠵᠢ ᠵᠢᠨ ᠠᠮᠠᠯᠠᠯᠲᠠ ᠵᠢᠨ ᠲᠦᠷᠢᠮ᠎ᠢ ᠬᠡᠷᠡᠭᠵᠢᠭᠦᠯᠵᠦ᠂ ᠲᠥᠷᠥᠯ ᠵᠦᠢᠯ᠎ᠨᠢ ᠥᠪᠡᠷ᠎ᠢ᠎ᠪᠠᠨ ᠬᠠᠮᠢᠶᠠᠷᠬᠤ᠎ᠪᠠᠷ ᠭᠣᠤᠯ ᠪᠣᠯᠭ᠋ᠠᠵᠤ᠂ ᠪᠠᠯᠠ ᠮᠥᠩᠭᠥ ᠵᠢᠨ ᠬᠡᠷᠡᠭᠯᠡᠯᠲᠡ᠎ᠳᠤ ᠬᠢᠵᠠᠭ᠋ᠠᠷᠯᠠᠯ ᠲᠣᠭᠲᠠᠭ᠋ᠠᠬᠤ ᠥᠬᠡᠶ ᠪᠠᠢ᠌ᠵᠤ᠂ ᠵᠠᠩᠭᠢᠯᠠᠭ᠎ᠠ ᠵᠢᠨ ᠴᠡᠭ᠎ᠲᠤ ᠬᠢᠨᠠᠨ ᠰᠢᠯᠭ᠋ᠠᠬᠤ ᠵᠢ ᠴᠢᠩᠭ᠋ᠠᠳᠬᠠᠵᠤ᠂ ᠵᠠᠷᠯᠠᠯ ᠨᠡᠢ᠌ᠲᠡᠯᠡᠬᠦ ᠬᠡᠷᠡᠭᠯᠡᠭᠴᠢ ᠵᠢᠨ ᠡᠴᠦᠰ᠎ᠤᠨ ᠦᠨᠡᠯᠡᠯᠲᠡ ᠵᠢᠨ ᠦᠢᠯᠡᠳᠦᠯ᠎ᠢ ᠴᠢᠬᠤᠯᠠᠴᠢᠯᠠᠵᠤ᠂ ᠢᠯᠠᠵᠤ ᠢᠯᠠᠭᠳᠠᠬᠤ᠎ᠪᠠᠷ ᠪᠠᠭ᠋ᠠᠲᠤᠷ᠎ᠢ ᠦᠨᠡᠯᠡᠬᠦ ᠬᠡᠷᠡᠭᠲᠡᠶ ᠃